ᠱᠠᠩᠳᠤ ᠰᠢᠶᠠᠨ ᠤ ᠠᠷᠠᠳ ᠤᠨ ᠵᠠᠰᠠᠭ ᠤᠨ ᠣᠷᠳᠣᠨ ᠪᠣᠯᠤᠨ ᠵᠠᠮ ᠬᠠᠷᠢᠯᠴᠠᠭᠠᠨ ᠤ ᠪᠠᠩᠬᠢ ᠶᠢᠨ ᠥᠪᠥᠷ ᠮᠣᠩᠭᠤᠯ ᠤᠨ ᠬᠤᠪᠢᠶᠠᠷᠢ ᠪᠠᠩᠬᠢ ᠵᠠᠰᠠᠭ ᠪᠠᠩᠬᠢ ᠠᠵᠤ ᠠᠬᠤᠶᠢᠯᠠᠯ ᠢ ᠵᠣᠯᠭᠠᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/10/8
  ᠪᠥᠬᠦ ᠬᠤᠲᠠ ᠶᠢᠨ ᠵᠠᠰᠠᠭ ᠤᠨ ᠣᠷᠳᠣᠨ ᠪᠠᠩᠬᠢ ᠠᠵᠤ ᠠᠬᠤᠶᠢᠯᠠᠯ ᠢ ᠵᠣᠯᠭᠠᠭᠤᠯᠬᠤ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠵᠠᠰᠠᠭ ᠪᠠᠩᠬᠢ ᠠᠵᠤ ᠠᠬᠤᠶᠢᠯᠠᠯ ᠢ ᠵᠣᠯᠭᠠᠭᠤᠯᠬᠤ ᠰᠣᠯᠢᠯᠴᠠᠭ᠎ᠠ ᠬᠠᠮᠲᠤᠷᠠᠯᠴᠠᠭᠠᠨ ᠤ ᠲᠠᠪᠴᠠᠩ ᠢ ᠤᠯᠠᠮ ᠨᠢᠭᠡ ᠠᠯᠬᠤᠮ ᠪᠠᠶᠢᠭᠤᠯᠵᠤ᠂ ᠠᠵᠤ ᠠᠬᠤᠶᠢᠯᠠᠯ ᠤᠨ ᠪᠠᠯᠠ ᠲᠣᠬᠢᠷᠠᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠬᠦᠴᠦᠯᠡᠨ ᠰᠢᠢᠳᠪᠦᠷᠢᠯᠡᠪᠡ᠃ 8 ᠰᠠᠷ᠎ᠠ ᠶᠢᠨ 29 ᠤ ᠡᠳᠦᠷ᠂ ᠱᠠᠩᠳᠤ ᠰᠢᠶᠠᠨ ᠤ ᠠᠷᠠᠳ ᠤᠨ ᠵᠠᠰᠠᠭ ᠤᠨ ᠣᠷᠳᠣᠨ ᠵᠠᠮ ᠬᠠᠷᠢᠯᠴᠠᠭᠠᠨ ᠤ ᠪᠠᠩᠬᠢ ᠶᠢᠨ ᠥᠪᠥᠷ ᠮᠣᠩᠭᠤᠯ ᠤᠨ ᠬᠤᠪᠢᠶᠠᠷᠢ ᠪᠠᠩᠬᠢ ᠲᠠᠢ ᠵᠠᠰᠠᠭ ᠪᠠᠩᠬᠢ ᠠᠵᠤ ᠠᠬᠤᠶᠢᠯᠠᠯ ᠢ ᠵᠣᠯᠭᠠᠭᠤᠯᠬᠤ ᠬᠤᠷᠠᠯ ᠬᠢᠪᠠ᠃ ᠵᠠᠮ ᠬᠠᠷᠢᠯᠴᠠᠭᠠᠨ ᠤ ᠪᠠᠩᠬᠢ ᠶᠢᠨ ᠥᠪᠥᠷ ᠮᠣᠩᠭᠤᠯ ᠳᠠᠬᠢ ᠬᠤᠪᠢᠶᠠᠷᠢ ᠪᠠᠩᠬᠢ ᠶᠢᠨ ᠨᠠᠮ ᠤᠨ ᠬᠤᠷᠢᠶᠠᠨ ᠤ ᠱᠦᠵᠢ᠂ ᠪᠠᠩᠬᠢ ᠶᠢᠨ ᠳᠠᠷᠤᠭ᠎ᠠ ᠮᠧᠩ ᠵᠧᠨ ᠨᠡᠷ ᠬᠤᠷᠠᠯ ᠳᠤ ᠣᠷᠣᠯᠴᠠᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠶᠠᠩ ᠸᠧᠨ ᠾᠦᠢ ᠬᠤᠷᠠᠯ ᠡᠷᠭᠢᠯᠡᠪᠡ᠃ ᠰᠢᠶᠠᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠨᠢᠭᠡᠴᠡ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃    ᠶᠠᠩ ᠸᠧᠨ ᠾᠦᠢ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠮᠦᠨ᠎ᠡ ᠠᠴᠠ ᠠᠵᠢᠯᠯᠠᠭ᠎ᠠ ᠳᠤ ᠣᠷᠣᠯᠴᠠᠭᠰᠠᠨ ᠵᠠᠮ ᠬᠠᠷᠢᠯᠴᠠᠭᠠᠨ ᠤ ᠪᠠᠩᠬᠢ ᠶᠢᠨ ᠤᠳᠤᠷᠢᠳᠤᠯᠭ᠎ᠠ ᠶᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠬᠦ ᠶᠢᠨ ᠬᠠᠮᠲᠤ ᠱᠠᠩᠳᠤ ᠰᠢᠶᠠᠨ ᠤ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠤᠨ ᠲᠤᠬᠠᠶ ᠨᠠᠷᠢᠨ ᠲᠠᠨᠢᠯᠴᠠᠭᠤᠯᠪᠠ᠃ ᠶᠠᠩ ᠸᠧᠨ ᠾᠦᠢ᠂ ᠤᠢᠢᠷ᠎ᠠ ᠶᠢᠨ ᠵᠢᠯ ᠠᠴᠠ᠂ ᠱᠠᠩᠳᠤ ᠰᠢᠶᠠᠨ ᠲᠤᠰ ᠭᠠᠵᠠᠷ ᠤᠨ ᠡᠬᠢ ᠪᠠᠶᠠᠯᠢᠭ ᠲᠤ ᠰᠠᠭᠤᠷᠢᠯᠠᠵᠤ᠂ ︽ᠨᠢᠭᠡ ᠲᠥᠮᠥᠰᠥ ᠰᠠᠭᠠᠯᠢ ᠶᠢᠨ ᠦᠨᠢᠶ᠎ᠡ ᠭᠤᠷᠪᠠᠨ ᠰᠢᠨ᠎ᠡ︾ ᠭᠤᠣᠯᠯᠠᠬᠤ ᠠᠵᠤ ᠦᠢᠯᠡᠰ ᠢ ᠲᠠᠰᠤᠷᠠᠯᠲᠠ ᠦᠭᠡᠢ ᠪᠤᠶᠢᠵᠢᠭᠤᠯᠤᠨ ᠪᠤᠵᠠᠭᠠᠶᠢᠷᠠᠭᠤᠯᠵᠤ᠂ ᠠᠵᠤ ᠦᠢᠯᠡᠰ ᠤᠨ ᠬᠡᠯᠬᠢᠶ᠎ᠡ ᠶᠢ ᠥᠷᠭᠡᠳᠬᠡᠵᠦ᠂ ᠠᠵᠤ ᠦᠢᠯᠡᠰ ᠤᠨ ᠬᠥᠭᠵᠢᠯᠲᠡ ᠶᠢᠨ ᠳᠠᠯᠳᠠ ᠬᠦᠴᠦᠨ ᠯᠤᠲᠤ ᠶᠡᠭᠡ᠂ ᠪᠠᠩᠬᠢ ᠠᠵᠤ ᠠᠬᠤᠶᠢᠯᠠᠯ ᠤᠨ ᠬᠠᠮᠲᠤᠷᠠᠯᠴᠠᠭᠠᠨ ᠤ ᠢᠷᠡᠭᠡᠳᠦᠢ ᠥᠷᠭᠡᠨ ᠠᠭᠤᠳᠠᠮ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠱᠠᠩᠳᠤ ᠰᠢᠶᠠᠨ ᠵᠠᠰᠠᠭ ᠤᠨ ᠣᠷᠳᠣᠨ ᠪᠠᠩᠬᠢ ᠠᠵᠤ ᠠᠬᠤᠶᠢᠯᠠᠯ ᠢ ᠵᠣᠯᠭᠠᠭᠤᠯᠬᠤ ᠲᠠᠪᠴᠠᠩ ᠢ ᠢᠳᠡᠪᠬᠢᠲᠡᠢ ᠪᠠᠶᠢᠭᠤᠯᠵᠤ᠂ ᠪᠠᠩᠬᠢ ᠪᠣᠯᠤᠨ ᠠᠵᠤ ᠠᠬᠤᠶᠢᠯᠠᠯ ᠤᠨ ᠬᠤᠭᠤᠷᠣᠨᠳᠣᠬᠢ ᠭᠦᠨᠵᠡᠭᠡᠢ ᠤᠯᠤᠯᠴᠠᠭ᠎ᠠ ᠰᠣᠯᠢᠯᠴᠠᠭ᠎ᠠ᠂ ᠰᠠᠶᠢᠨ ᠰᠠᠶᠢᠬᠠᠨ ᠬᠤᠷᠰᠢᠯᠴᠠᠭ᠎ᠠ ᠶᠢ ᠠᠬᠢᠭᠤᠯᠵᠤ᠂ ᠪᠠᠩᠬᠢ ᠠᠵᠤ ᠠᠬᠤᠶᠢᠯᠠᠯ ᠤᠨ ᠬᠠᠮᠲᠤᠷᠠᠯᠴᠠᠭ᠎ᠠ᠂ ᠬᠠᠮᠲᠤᠪᠠᠷ ᠠᠰᠢᠭ ᠬᠦᠷᠳᠡᠬᠦ ᠬᠥᠭᠵᠢᠯᠲᠡ ᠳᠤ ᠨᠡᠩ ᠪᠠᠲᠤ ᠪᠠᠬᠢ ᠪᠠᠲᠤᠯᠠᠭ᠎ᠠ ᠬᠠᠩᠭᠠᠨ᠎ᠠ ᠭᠡᠪᠡ᠃    ᠮᠧᠩ ᠵᠧᠨ ᠢᠯᠡᠷᠬᠡᠶᠢᠯᠡᠬᠦ ᠳᠡᠭᠡᠨ᠂ ᠵᠠᠮ ᠬᠠᠷᠢᠯᠴᠠᠭᠠᠨ ᠤ ᠪᠠᠩᠬᠢ ᠶᠢᠨ ᠥᠪᠥᠷ ᠮᠣᠩᠭᠤᠯ ᠤᠨ ᠬᠤᠪᠢᠶᠠᠷᠢ ᠪᠠᠩᠬᠢ ᠨᠢ ᠥᠪᠥᠷ ᠮᠣᠩᠭᠤᠯ ᠤᠨ ᠭᠠᠵᠠᠷ ᠣᠷᠣᠨ ᠤ ᠴᠢᠬᠤᠯᠠ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠣᠯᠤᠭᠰᠠᠨ ᠤ ᠬᠤᠪᠢ ᠳᠤ᠂ ᠣᠷᠣᠨ ᠨᠤᠲᠤᠭ ᠤᠨ ᠠᠵᠤ ᠠᠬᠤᠶᠢᠯᠠᠯ ᠤᠨ ᠪᠠᠯᠠ ᠲᠣᠬᠢᠷᠠᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠭᠦᠨᠵᠡᠭᠡᠶ ᠣᠶᠢᠯᠠᠭᠠᠬᠤ ᠶᠢᠨ ᠬᠠᠮᠲᠤ᠂ ᠲᠣᠰ ᠪᠡᠶ᠎ᠡ ᠶᠢᠨ ᠲᠤᠬᠠᠶᠢᠯᠠᠭᠰᠠᠨ ᠠᠵᠢᠯ ᠤᠨ ᠣᠨᠴᠠᠯᠢᠭ ᠲᠠᠢ ᠪᠠᠨ ᠤᠶᠠᠯᠳᠤᠭᠤᠯᠤᠨ ᠥᠪᠡᠷᠮᠢᠴᠡ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠥᠰᠦᠯ ᠬᠠᠩᠭᠠᠵᠤ᠂ ᠣᠷᠣᠨ ᠨᠤᠲᠤᠭ ᠤᠨ ᠠᠵᠤ ᠠᠬᠤᠶ ᠶᠢᠨ ᠬᠥᠭᠵᠢᠯ ᠴᠡᠴᠡᠭᠯᠡᠯ ᠪᠠ ᠬᠥᠭᠵᠢᠯᠲᠡ ᠳᠤ ᠨᠠᠩ ᠣᠯᠠᠨ ᠮᠥᠩᠭᠦᠨ ᠭᠦᠢᠯᠭᠡᠭᠡᠨ ᠤ ᠬᠦᠴᠦᠨ ᠴᠢᠳᠠᠯ ᠢᠶᠠᠨ ᠡᠷᠭᠦᠨ᠎ᠡ ᠭᠡᠵᠡᠶ᠃
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2