ᠶᠠᠩ ᠸᠧᠨ ᠾᠦᠢ ᠬᠠᠭᠤᠴᠢᠨ ᠰᠠᠭᠤᠭᠠᠯᠢ ᠲᠣᠭᠤᠷᠢᠭ ᠤᠨ ᠥᠭᠡᠷᠡᠴᠢᠯᠡᠯᠲᠡ ᠪᠠ ᠬᠤᠲᠠ ᠪᠠᠯᠭᠠᠰᠤᠨ ᠤ ᠲᠥᠪᠯᠡᠷᠡᠭᠦᠯᠦᠨ ᠢᠯᠴᠢ ᠬᠠᠩᠭᠠᠬᠤ ᠪᠡᠯᠡᠳᠬᠡᠯ ᠠᠵᠢᠯ ᠤᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/10/8
    9 ᠰᠠᠷ᠎ᠠ ᠶᠢᠨ 30 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠶᠠᠩ ᠸᠧᠨ ᠾᠦᠢ ᠬᠠᠭᠤᠴᠢᠨ ᠰᠠᠭᠤᠭᠠᠯᠢ ᠲᠣᠭᠤᠷᠢᠭ ᠤᠨ ᠥᠭᠡᠷᠡᠴᠢᠯᠡᠯᠲᠡ ᠪᠠ ᠬᠤᠲᠠ ᠪᠠᠯᠭᠠᠰᠤᠨ ᠤ ᠲᠥᠪᠯᠡᠷᠡᠭᠦᠯᠦᠨ ᠢᠯᠴᠢ ᠬᠠᠩᠭᠠᠬᠤ ᠪᠡᠯᠡᠳᠬᠡᠯ ᠠᠵᠢᠯ ᠤᠨ ᠪᠠᠶᠢᠳᠠᠯ ᠢ ᠪᠠᠶᠢᠴᠠᠭᠠᠨ ᠰᠤᠳᠤᠯᠪᠠ᠃    ᠶᠠᠩ ᠸᠧᠨ ᠾᠦᠢ ᠤᠷᠢᠳ ᠬᠤᠵᠢᠳ ᠶᠢᠨ ᠶᠧ ᠪᠠᠭ᠎ᠠ ᠲᠣᠭᠤᠷᠢᠭ᠂ ᠴᠢ ᠲᠠᠢ ᠰᠢᠨ ᠶᠤᠸᠠᠨ ᠪᠠᠭ᠎ᠠ    ᠲᠣᠭᠤᠷᠢᠭ᠂ ᠬᠤᠸᠠ ᠲᠠᠢ ᠢᠯᠴᠢ ᠰᠣᠯᠢᠬᠤ ᠦᠷᠳᠡᠭᠡ᠂ ᠬᠤᠸᠠ ᠳ᠋ᠦ᠋ ᠢᠯᠴᠢ ᠰᠣᠯᠢᠬᠤ ᠦᠷᠳᠡᠭᠡ᠂ ᠢ ᠠᠨ ᠢᠯᠴᠢ ᠶᠢᠨ ᠬᠦᠴᠦᠨ ᠤ ᠺᠣᠮᠫᠠᠨᠢ ᠶᠢᠨ ᠾᠧᠩ ᠾᠦᠢ ᠦᠢᠯᠡᠳᠪᠦᠷᠢ ᠶᠢᠨ ᠲᠣᠭᠤᠷᠢᠭ᠂ ᠢ ᠠᠨ ᠢᠯᠴᠢ ᠶᠢᠨ ᠬᠦᠴᠦᠨ ᠤ ᠺᠣᠮᠫᠠᠨᠢ ᠶᠢᠨ ᠬᠤᠩ ᠱᠧᠩ ᠦᠢᠯᠡᠳᠪᠦᠷᠢ ᠶᠢᠨ ᠲᠣᠭᠤᠷᠢᠭ ᠲᠤ ᠬᠦᠷᠴᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠬᠦ ᠠᠷᠭ᠎ᠠ ᠬᠡᠯᠪᠡᠷᠢ ᠪᠠᠷ ᠮᠠᠨ ᠤ ᠰᠢᠶᠠᠨ ᠤ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠤᠭᠰᠠᠨ ᠪᠠᠶᠢᠳᠠᠯ ᠪᠣᠯᠤᠨ ᠢᠯᠴᠢ ᠶᠢᠨ ᠬᠦᠴᠦᠨ ᠤ ᠺᠣᠮᠫᠠᠨᠢ ᠶᠢᠨ ᠬᠡᠳᠦ ᠳᠣᠣᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ᠂ ᠲᠥᠪᠯᠡᠷᠡᠭᠦᠯᠦᠨ ᠢᠯᠴᠢ ᠬᠠᠩᠭᠠᠬᠤ ᠪᠡᠯᠡᠳᠬᠡᠯ ᠠᠵᠢᠯ ᠤᠨ ᠪᠠᠶᠢᠳᠠᠯ ᠢ ᠨᠠᠷᠢᠨ ᠣᠶᠢᠯᠠᠭᠠᠪᠠ᠃    ᠶᠠᠩ ᠸᠧᠨ ᠾᠦᠢ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠪᠣᠯ ᠤᠯᠠᠨ ᠲᠦᠮᠡᠨ ᠤ ᠠᠮᠢ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠴᠢᠬᠤᠯᠠ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠤᠨ᠎ᠠ᠂ ᠠᠷᠠᠳ ᠤᠯᠠᠨ ᠤ ᠪᠣᠳᠠᠲᠠᠢ ᠬᠡᠷᠡᠭᠴᠡᠭᠡ ᠠᠴᠠ ᠡᠭᠦᠰᠬᠦ ᠶᠢ ᠪᠠᠷᠢᠮᠲᠠᠯᠠᠵᠤ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠡᠨᠡᠬᠦ ᠠᠷᠠᠳ ᠤᠨ ᠠᠮᠢᠳᠤᠷᠠᠯ ᠤᠨ ᠢᠨᠵᠧᠨᠧᠷᠢᠩ ᠢ ᠦᠨᠡᠨᠬᠦ ᠪᠣᠳᠠᠲᠠᠢ ᠰᠠᠶᠢᠲᠤᠷ ᠬᠢᠵᠦ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠡᠯ᠎ᠡ ᠲᠦᠷᠦᠯ ᠤᠨ ᠵᠠᠮ ᠱᠤᠭᠤᠮ ᠢ ᠳᠤᠷ᠎ᠠ ᠪᠠᠷ ᠢᠶᠠᠨ ᠲᠠᠲᠠᠵᠤ ᠳᠤᠷ᠎ᠠ ᠪᠠᠷ ᠢᠶᠠᠨ ᠵᠠᠯᠭᠠᠬᠤ ᠠᠵᠢᠯᠯᠠᠭ᠎ᠠ ᠶᠢ ᠬᠢᠨᠠᠨ ᠬᠠᠮᠢᠶᠠᠷᠬᠤ ᠡᠷᠴᠢᠮ ᠢᠶᠠᠨ ᠴᠢᠨᠠᠭᠰᠢᠳᠠ ᠴᠢᠩᠭᠠᠳᠬᠠᠵᠤ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ ︽ᠢᠯᠴᠢ ᠬᠠᠩᠭᠠᠬᠤ ᠢᠨᠵᠧᠨᠧᠷᠢᠩ︾ ᠨᠢ ᠣᠯᠠᠨ ᠲᠦᠮᠡᠨ ᠤ ᠠᠮᠤᠷ ᠲᠦᠪᠰᠢᠨ ᠠᠶᠤᠯ ᠲᠦᠭᠰᠢᠭᠦᠷᠢ ᠡᠪᠦᠯᠵᠢᠬᠦ ᠲᠠᠢ ᠬᠤᠯᠪᠣᠭᠳᠠᠨ᠎ᠠ᠂ ᠥᠪᠡᠷᠲᠡᠭᠡᠨ ᠵᠠᠰᠠᠬᠤ ᠣᠷᠣᠨ ᠤ ᠪᠦᠬᠦ ᠣᠷᠣᠨ ᠪᠦᠰᠡ ᠳᠤ ᠬᠡᠷᠡᠭᠵᠢᠭᠦᠯᠦᠭᠰᠡᠨ ᠨᠢᠭᠡ ᠵᠦᠢᠯ ᠤᠨ ᠴᠢᠬᠤᠯᠠ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ ᠮᠥᠨ᠂ ᠡᠯ᠎ᠡ ᠬᠠᠮᠢᠶ᠎ᠠ ᠪᠦᠬᠦᠢ ᠢᠯᠴᠢ ᠬᠠᠩᠭᠠᠬᠤ ᠺᠣᠮᠫᠠᠨᠢ ᠨᠠᠷᠢᠨ ᠨᠢᠭᠲᠠ ᠪᠠᠶᠢᠷᠢᠯᠠᠭᠤᠯᠵᠤ᠂ ᠢᠯᠴᠢ ᠬᠠᠩᠭᠠᠬᠤ ᠲᠥᠬᠦᠭᠡᠷᠦᠮᠵᠢ ᠶᠢ ᠪᠠᠶᠢᠴᠠᠭᠠᠬᠤ᠂ ᠰᠡᠯᠪᠢᠨ ᠵᠠᠰᠠᠬᠤ ᠪᠠ ᠠᠷᠠᠴᠢᠯᠠᠨ ᠬᠠᠮᠠᠭᠠᠯᠠᠬᠤ ᠶᠢ ᠴᠢᠩᠭᠠᠳᠬᠠᠨ᠂ ᠢᠯᠴᠢ ᠬᠠᠩᠭᠠᠬᠤ ᠰᠢᠰᠲ᠋ᠧᠮ ᠤᠨ ᠠᠮᠤᠷ ᠲᠦᠪᠰᠢᠨ ᠲᠣᠭᠲᠠᠭᠤᠨ ᠢᠶᠠᠷ ᠠᠵᠢᠯᠯᠠᠬᠤ ᠶᠢ ᠦᠨᠡᠨᠬᠦ ᠪᠠᠲᠤᠯᠠᠬᠤ ᠬᠡᠷᠡᠭᠲᠡᠶ᠃    ᠰᠢᠶᠠᠨ ᠤ ᠤᠳᠤᠷᠢᠳᠤᠯᠭ᠎ᠠ ᠴᠧᠨ ᠶᠠ ᠮᠢᠩ᠂ ᠯᠢᠦ ᠷᠦᠢ ᠵᠢᠴᠢ ᠬᠤᠯᠪᠣᠭᠳᠠᠯ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2