ᠨᠢᠭᠡ ᠰᠡᠳᠭᠢᠯ ᠨᠢᠭᠡ ᠵᠣᠷᠢᠭ ᠢᠶᠠᠷ ᠤᠰᠤᠨ ᠠᠰᠢᠭᠯᠠᠯᠲᠠ ᠶᠢ ᠬᠥᠭᠵᠢᠭᠦᠯᠵᠦ ᠪᠦᠬᠦ ᠰᠡᠳᠭᠢᠯ ᠪᠦᠬᠦ ᠵᠣᠷᠢᠭ ᠢᠶᠠᠷ ᠠᠷᠠᠳ ᠲᠦᠮᠡᠨ ᠤ ᠲᠥᠯᠥᠭᠡ
ᠨᠡᠶᠢᠲᠡᠯᠡᠭᠰᠡᠨ ᠴᠠᠭ᠄
2024/10/8
 
ᠬᠦᠨᠳᠦᠲᠦ ᠪᠢᠨ ᠱᠠᠩᠳᠤ ᠰᠢᠶᠠᠨ ᠤ ᠤᠰᠤᠨ ᠠᠰᠢᠭᠯᠠᠯᠲᠠ ᠶᠢᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠹᠦ᠋ ᠵᠢᠶᠦ᠋ᠨ    【 ᠰᠤᠷᠪᠤᠯᠵᠢᠯᠠᠭᠴᠢ 】 ︽ᠳᠡᠳ᠋ ᠲᠣᠪᠴᠢᠶᠠᠨ ᠳᠠᠷᠤᠭ᠎ᠠ ᠡ᠂ ᠲᠠ ᠰᠠᠢᠨ ᠤᠤ︕ ᠬᠥᠳᠡᠭᠡ ᠲᠣᠰᠬᠤᠨ ᠤ ᠤᠰᠤ ᠬᠠᠩᠭᠠᠬᠤ ᠪᠣᠯ ᠠᠷᠠᠳ ᠤᠨ ᠠᠮᠢᠳᠤᠷᠠᠯ ᠤᠨ ᠶᠡᠭᠡ ᠶᠠᠪᠤᠳᠠᠯ ᠮᠥᠨ᠂ ᠲᠠ ᠱᠠᠩᠳᠤ ᠰᠢᠶᠠᠨ ᠤ ᠤᠰᠤᠨ ᠠᠰᠢᠭᠯᠠᠯᠲᠠ ᠶᠢᠨ ᠲᠣᠪᠴᠢᠶ᠎ᠠ ᠶᠢᠨ 2024 ᠣᠨ ᠳᠤ ᠬᠥᠳᠡᠭᠡ ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ ᠢ ᠪᠠᠲᠤᠯᠠᠬᠤ ᠲᠠᠯ᠎ᠠ ᠪᠠᠷ ᠶᠠᠮᠠᠷ ᠶᠠᠮᠠᠷ ᠠᠵᠢᠯ ᠢ ᠬᠢᠭᠰᠡᠨ ᠪᠣᠶ︖    【 ᠬᠦᠨᠳᠦᠲᠦ ᠵᠣᠴᠢᠨ 】 ᠬᠥᠳᠡᠭᠡ ᠲᠣᠰᠬᠤᠨ ᠤ ᠤᠰᠤ ᠬᠠᠩᠭᠠᠬᠤ ᠨᠢ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠲᠠᠢ ᠬᠤᠯᠪᠣᠭᠳᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠴᠢᠬᠤᠯᠠ ᠲᠤᠯᠭᠠᠭᠤᠷᠢᠯᠠᠯ ᠪᠣᠯᠤᠨ᠎ᠠ᠃ ᠡᠨᠡ ᠵᠢᠯ ᠠᠴᠠ ᠨᠠᠰᠢ᠂ ᠮᠠᠨ ᠤ ᠲᠣᠪᠴᠢᠶ᠎ᠠ ᠣᠯᠠᠨ ᠲᠦᠮᠡᠨ ᠤ ᠳᠡᠷᠭᠡᠳᠡᠬᠢ ᠤᠰᠤ ᠤᠮᠳᠠ ᠶᠢᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠨᠠᠷᠢᠯᠢᠭ ᠣᠨᠣᠴᠠᠲᠠᠶ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠬᠥᠳᠡᠭᠡ ᠲᠣᠰᠬᠤᠨ ᠤ ᠤᠰᠤ ᠬᠠᠩᠭᠠᠬᠤ ᠪᠠᠲᠤᠯᠠᠭ᠎ᠠ ᠶᠢᠨ ᠬᠢᠷᠢ ᠲᠦᠪᠰᠢᠨ ᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠵᠦ᠂ ᠥᠷᠭᠡᠨ ᠣᠯᠠᠨ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠰᠠᠨᠠᠭ᠎ᠠ ᠠᠮᠤᠷ ᠤᠰᠤ ᠤᠤᠭᠤᠬᠤ ᠶᠢ ᠦᠨᠡᠨ ᠬᠦ ᠪᠠᠲᠤᠯᠠᠪᠠ᠃ ᠨᠢᠭᠡ ᠳᠤ᠂ ᠡᠨᠡ ᠵᠢᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠬᠤ ᠪᠡᠯᠡ ᠮᠥᠩᠭᠦ ᠶᠢ 410 ᠲᠦᠮᠡᠨ ᠲᠥᠭᠦᠷᠢᠭ ᠪᠠᠭᠤᠯᠭᠠᠵᠤ᠂ ᠪᠦᠬᠦ ᠰᠢᠶᠠᠨ ᠤ 9 ᠰᠢᠶᠠᠩ ᠪᠠᠯᠭᠠᠰᠤᠨ ᠤ 22 ᠲᠣᠰᠬᠤᠨ ᠳᠤ 12.15 ᠺᠢᠯᠣᠮᠧᠳ᠋ᠷ ᠤᠰᠤ ᠬᠠᠩᠭᠠᠬᠤ ᠬᠤᠭᠤᠯᠠᠢ ᠲᠣᠣᠷ ᠢ ᠰᠡᠯᠪᠢᠨ ᠵᠠᠰᠠᠵᠤ᠂ ᠣᠳᠣᠬᠠᠨ ᠳᠤ ᠶᠠᠭ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠢ ᠬᠢᠵᠦ ᠪᠠᠶᠢᠨ᠎ᠠ︔ ᠬᠤᠶᠠᠷ ᠲᠤ᠂ ᠣᠳᠣᠬᠠᠨ ᠤ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠲᠠᠢ ᠤᠶᠠᠯᠳᠤᠭᠤᠯᠤᠨ᠂ 4 ᠰᠠᠷ᠎ᠠ ᠶᠢᠨ ᠰᠡᠭᠦᠯᠴᠢ ᠪᠠᠷ᠂ ᠲᠤᠰᠬᠠᠶ ᠮᠡᠷᠭᠡᠵᠢᠯ ᠤᠨ ᠠᠵᠢᠯᠲᠠᠨ ᠢ ᠵᠣᠬᠢᠶᠠᠨ ᠪᠠᠶᠢᠭᠤᠯᠤᠨ ᠪᠦᠬᠦ ᠰᠢᠶᠠᠨ ᠤ ᠬᠥᠳᠡᠭᠡ ᠲᠣᠰᠬᠤᠨ ᠤ ᠤᠰᠤ ᠬᠠᠩᠭᠠᠬᠤ ᠢᠨᠵᠧᠨᠧᠷᠢᠩ ᠢ ᠵᠢᠭᠰᠠᠭᠠᠨ ᠪᠠᠶᠢᠴᠠᠭᠠᠵᠤ᠂ ᠨᠡᠶᠢᠲᠡ 10 ᠤᠰᠤᠨ ᠤ ᠢᠷᠡᠯᠲᠡ ᠶᠢᠨ ᠴᠢᠨᠠᠷᠲᠠᠶ ᠤᠰᠤ ᠳᠤᠲᠠᠭᠳᠠᠬᠤ ᠶᠢ ᠢᠯᠡᠷᠡᠭᠦᠯᠵᠦ᠂ ᠬᠤᠭᠤᠯᠠᠶ ᠡᠪᠳᠡᠷᠡᠵᠦ ᠰᠦᠢᠳᠦᠭᠰᠡᠨ ᠵᠢᠴᠢ ᠪᠤᠰᠤᠳ ᠠᠰᠠᠭᠤᠳᠠᠯ 3 ᠶᠢ ᠢᠯᠡᠷᠡᠭᠦᠯᠵᠦ᠂ ᠣᠳᠣᠬᠠᠨ ᠳᠤ ᠴᠥᠮ ᠨᠢᠭᠡᠨᠲᠡ ᠴᠡᠭᠴᠡᠯᠡᠨ ᠰᠠᠶᠢᠵᠢᠷᠠᠭᠤᠯᠵᠤ ᠳᠠᠭᠤᠰᠴᠠᠶ᠂ ᠭᠤᠷᠪᠠ ᠳᠤ ᠳᠡᠭᠡᠳᠦ ᠱᠠᠲᠤᠨ ᠤ 71 ᠲᠦᠮᠡᠨ ᠲᠥᠭᠦᠷᠢᠭ ᠤᠨ ᠬᠡᠪ ᠤᠨ ᠶᠣᠰᠣᠭᠠᠷ ᠤᠰᠤ ᠬᠠᠩᠭᠠᠬᠤ ᠶᠢ ᠰᠡᠷᠭᠦᠭᠡᠪᠡ︔ ᠡᠭᠦᠨ ᠤ ᠬᠠᠮᠲᠤ᠂ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠱᠠᠭᠠᠷᠳᠠᠯᠭ᠎ᠠ ᠶᠣᠰᠣᠭᠠᠷ᠂ ᠬᠥᠳᠡᠭᠡ ᠲᠣᠰᠬᠤᠨ ᠤ ᠤᠰᠤ ᠬᠠᠩᠭᠠᠬᠤ ᠰᠢᠶᠠᠨ ᠤ ᠬᠡᠪᠴᠢᠶ᠎ᠡ ᠶᠢ ᠨᠢᠭᠡᠳᠦᠯᠲᠡᠶ ᠬᠠᠮᠢᠶᠠᠷᠬᠤ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠰᠢᠶᠠᠨ ᠤ ᠱᠠᠲᠤᠨ ᠤ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠰᠠᠭᠤᠷᠢ ᠮᠥᠩᠭᠦ ᠶᠢᠨ ᠲᠤᠰᠬᠠᠶ ᠡᠷᠦᠬᠡ ᠶᠢ ᠪᠠᠶᠢᠭᠤᠯᠵᠤ᠂ ᠬᠥᠳᠡᠭᠡ ᠲᠣᠰᠬᠤᠨ ᠤ ᠤᠤᠭᠤᠬᠤ ᠤᠰᠤᠨ ᠤ ᠠᠰᠠᠭᠤᠳᠠᠯ ᠢ ᠰᠢᠶ᠋ᠳᠪᠦᠷᠢᠯᠡᠬᠦ ᠳᠤ ᠬᠡᠷᠡᠭᠯᠡᠨ᠎ᠡ᠃    【 ᠰᠤᠷᠪᠤᠯᠵᠢᠯᠠᠭᠴᠢ 】 ᠡᠨᠡ ᠵᠢᠯ ᠮᠠᠨ ᠤ ᠰᠢᠶᠠᠨ ᠤ ᠪᠣᠷᠣᠭᠠᠨ ᠤ ᠬᠡᠮᠵᠢᠶ᠎ᠡ ᠶᠡᠭᠡ ᠪᠥᠭᠡᠳ ᠬᠡᠪᠴᠢᠶ᠎ᠡ ᠥᠷᠭᠡᠨ᠂ ᠦᠶᠡᠷ ᠢ ᠰᠡᠷᠭᠡᠶᠢᠯᠡᠬᠦ ᠲᠠᠯ᠎ᠠ ᠪᠠᠷ ᠤᠰᠤᠨ ᠠᠰᠢᠭᠯᠠᠯᠲᠠ ᠶᠢᠨ ᠲᠣᠪᠴᠢᠶ᠎ᠠ ᠴᠥᠮ ᠶᠠᠮᠠᠷ ᠶᠠᠮᠠᠷ ᠠᠵᠢᠯ ᠬᠢᠭᠰᠡᠨ ᠪᠣᠶ︖    【 ᠬᠦᠨᠳᠦᠲᠦ ᠵᠣᠴᠢᠨ 】 ᠡᠨᠡ ᠵᠢᠯ ᠤᠨ ᠦᠶᠡᠷ ᠤᠨ ᠬᠤᠭᠤᠴᠠᠭᠠᠨ ᠤ ᠠᠵᠢᠭᠯᠠᠯᠲᠠ ᠪᠠᠷ ᠳᠡᠮᠵᠢᠨ᠂ ᠮᠠᠨ ᠤ ᠰᠢᠶᠠᠨ ᠤ ᠦᠶᠡᠷ ᠢ ᠰᠡᠷᠭᠡᠶᠢᠯᠡᠬᠦ ᠪᠠᠶᠢᠳᠠᠯ ᠬᠦᠨᠳᠦ ᠨᠣᠴᠢᠲᠠᠶ ᠪᠠᠶᠢᠵᠤ᠂ ᠠᠷᠠᠳ ᠤᠨ ᠡᠳ᠋ ᠬᠥᠷᠥᠩᠭᠡ ᠶᠢᠨ ᠠᠮᠤᠷ ᠲᠦᠪᠰᠢᠨ ᠤ ᠬᠤᠬᠢᠷᠠᠯ ᠢ ᠬᠠᠮᠤᠭ ᠤᠨ ᠳᠣᠤᠷ᠎ᠠ ᠬᠡᠮᠵᠢᠶᠡᠨ ᠳᠤ ᠬᠦᠷᠲᠡᠯ᠎ᠡ ᠪᠠᠭᠤᠷᠠᠭᠤᠯᠬᠤ ᠶᠢᠨ ᠲᠥᠯᠥᠭᠡ᠂ ᠮᠠᠨ ᠤ ᠲᠣᠪᠴᠢᠶ᠎ᠠ ᠨᠢᠭᠡ ᠳᠤ ᠦᠶᠡᠷ ᠢ ᠰᠡᠷᠭᠡᠶᠢᠯᠡᠬᠦ ᠬᠠᠷᠢᠭᠤᠴᠠᠯᠭ᠎ᠠ ᠶᠢᠨ ᠲᠦᠷᠢᠮ ᠢ ᠦᠨᠡᠨ ᠬᠦ ᠨᠠᠶᠢᠳᠠᠪᠤᠷᠢᠵᠢᠭᠤᠯᠵᠤ᠂ ᠰᠢᠶᠠᠨ᠂ ᠰᠢᠶᠠᠩ᠂ ᠲᠣᠰᠬᠤᠨ ᠭᠤᠷᠪᠠᠨ ᠱᠠᠲᠤᠨ ᠤ ᠦᠶᠡᠷ ᠢ ᠰᠡᠷᠭᠡᠶᠢᠯᠡᠬᠦ ᠬᠤᠯᠪᠣᠭᠠᠴᠢᠨ ᠢ ᠳᠠᠬᠢᠨ ᠲᠣᠬᠢᠷᠠᠭᠤᠯᠵᠤ᠂ 7 ᠤᠰᠤᠨ ᠴᠥᠭᠦᠷᠥᠮ ᠤᠨ ᠦᠶᠡᠷ ᠢ ᠰᠡᠷᠭᠡᠶᠢᠯᠡᠬᠦ ᠵᠠᠰᠠᠭ ᠵᠠᠬᠢᠷᠭᠠᠨ ᠤ ᠬᠠᠷᠢᠭᠤᠴᠠᠯᠭᠠᠲᠠᠨ᠂ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠮᠡᠷᠭᠡᠵᠢᠯ ᠤᠨ ᠬᠠᠷᠢᠭᠤᠴᠠᠯᠭᠠᠲᠠᠨ ᠵᠢᠴᠢ ᠲᠣᠭᠤᠷᠢᠨ ᠪᠠᠶᠢᠴᠠᠭᠠᠬᠤ ᠬᠠᠷᠢᠭᠤᠴᠠᠯᠭᠠᠲᠠᠨ ᠢ ᠲᠣᠳᠣᠷᠬᠠᠶ ᠲᠣᠭᠲᠠᠭᠠᠭᠰᠠᠨ ᠪᠥᠭᠡᠳ ᠢᠯᠡ ᠨᠡᠶᠢᠲᠡᠯᠡᠪᠡ᠃ ᠬᠤᠶᠠᠷ ᠲᠤ᠂ ᠡᠯ᠎ᠡ ᠤᠰᠤᠨ ᠴᠥᠭᠦᠷᠥᠮ ᠤᠨ ᠪᠠᠷᠢᠮᠵᠢᠶ᠎ᠠ ᠠᠴᠠ ᠬᠡᠲᠦᠷᠡᠭᠰᠡᠨ ᠦᠶᠡᠷ ᠢ ᠰᠡᠷᠭᠡᠶᠢᠯᠡᠬᠦ ᠪᠡᠯᠡᠳᠬᠡᠯ ᠲᠥᠰᠦᠯ᠂ ᠦᠶᠡᠷ ᠢ ᠰᠡᠷᠭᠡᠶᠢᠯᠡᠵᠦ ᠠᠶᠤᠯ ᠠᠴᠠ ᠠᠪᠤᠷᠠᠬᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ᠂ ᠠᠭᠤᠯᠠᠨ ᠦᠶᠡᠷ ᠤᠨ ᠭᠠᠮᠰᠢᠭ ᠢ ᠰᠡᠷᠭᠡᠶᠢᠯᠡᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠵᠡᠷᠭᠡ ᠲᠤᠰᠬᠠᠶ ᠪᠡᠯᠡᠳᠬᠡᠯ ᠲᠥᠰᠦᠯ ᠢ ᠲᠡᠭᠦᠯᠳᠡᠷᠵᠢᠭᠦᠯᠵᠦ᠂ ᠪᠡᠯᠡᠳᠬᠡᠯ ᠲᠥᠰᠦᠯ ᠤᠨ ᠬᠠᠨᠳᠤᠯᠭᠠᠲᠤ ᠴᠢᠨᠠᠷ᠂ ᠪᠣᠳᠠᠲᠤ ᠪᠦᠲᠦᠮᠵᠢᠲᠦ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠢ ᠳᠡᠭᠡᠭᠰᠢᠯᠡᠭᠦᠯᠪᠡ᠃ ᠭᠤᠷᠪᠠ ᠳᠤ᠂ ᠦᠶᠡᠷ ᠢ ᠰᠡᠷᠭᠡᠶᠢᠯᠡᠵᠦ ᠠᠶᠤᠯ ᠠᠴᠠ ᠠᠪᠤᠷᠠᠬᠤ ᠡᠳ᠋ ᠪᠣᠳᠠᠰ ᠤᠨ ᠨᠥᠭᠡᠴᠡᠯᠡᠯᠲᠡ ᠶᠢ ᠭᠦᠢᠴᠡᠳ ᠰᠠᠶᠢᠲᠤᠷ ᠬᠢᠵᠦ᠂ ᠪᠡᠯᠡᠳᠬᠡᠯ ᠲᠥᠰᠦᠯ ᠤᠨ ᠱᠠᠭᠠᠷᠳᠠᠯᠭ᠎ᠠ ᠶᠢ ᠦᠨᠳᠦᠰᠦᠯᠡᠨ ᠦᠶᠡᠷ ᠢ ᠰᠡᠷᠭᠡᠶᠢᠯᠡᠬᠦ ᠡᠳ᠋ ᠪᠣᠳᠠᠰ ᠢ ᠭᠦᠢᠴᠡᠳ ᠪᠡᠯᠡᠳᠬᠡᠬᠦ ᠶᠢᠨ ᠬᠠᠮᠲᠤ ᠡᠯ᠎ᠡ ᠨᠥᠭᠡᠴᠡᠯᠡᠬᠦ ᠴᠡᠭ ᠢ ᠦᠶᠡᠷ ᠢ ᠰᠡᠷᠭᠡᠶᠢᠯᠡᠬᠦ ᠡᠳ᠋ ᠪᠣᠳᠠᠰ ᠢ ᠨᠥᠭᠡᠴᠡᠯᠡᠬᠦ ᠠᠵᠢᠯ ᠢ ᠤᠷᠢᠳᠴᠢᠯᠠᠨ ᠰᠠᠶᠢᠲᠤᠷ ᠬᠢᠵᠦ᠂ ᠴᠠᠭ ᠲᠤᠬᠠᠶ ᠳᠤᠨᠢ ᠨᠥᠬᠦᠪᠥᠷᠢᠯᠡᠨ ᠰᠣᠯᠢᠵᠤ᠂ ᠲᠤᠭ᠎ᠠ ᠬᠡᠮᠵᠢᠶ᠎ᠡ ᠨᠢ ᠭᠦᠶ᠋ᠴᠡᠳ᠂ ᠲᠥᠷᠥᠯ ᠵᠦᠶ᠋ᠯ ᠨᠢ ᠪᠦᠷᠢᠨ ᠭᠦᠶ᠋ᠴᠡᠳ᠂ ᠶᠠᠰᠤ ᠴᠢᠨᠠᠷ ᠨᠢ ᠨᠠᠶᠢᠳᠠᠪᠤᠷᠢᠲᠠᠶ ᠪᠠᠶᠢᠬᠤ ᠬᠡᠷᠡᠭᠲᠡᠶ ᠭᠡᠵᠦ ᠱᠠᠭᠠᠷᠳᠠᠪᠠ᠃ ᠳᠥᠷᠪᠡ ᠳᠤ ᠠᠭᠤᠯᠠᠨ ᠦᠶᠡᠷ ᠤᠨ ᠭᠠᠮᠰᠢᠭ ᠤᠨ ᠤᠷᠢᠳᠴᠢᠯᠠᠨ ᠰᠡᠷᠡᠮᠵᠢᠯᠡᠭᠦᠯᠬᠦ ᠲᠠᠪᠴᠠᠩ ᠵᠢᠴᠢ ᠪᠥᠬᠦ ᠰᠢᠶᠠᠨ ᠤ 20 ᠠᠦ᠋ᠲ᠋ᠣ᠋ ᠪᠣᠷᠣᠭᠠᠨ ᠤ ᠬᠡᠮᠵᠢᠶ᠎ᠡ ᠶᠢᠨ ᠥᠷᠲᠡᠭᠡ᠂ 7 ᠤᠰᠤᠨ ᠲᠦᠪᠰᠢᠨ ᠢ ᠨᠢᠭᠡ ᠴᠤᠭᠴᠠᠵᠢᠭᠤᠯᠤᠭᠰᠠᠨ ᠥᠷᠲᠡᠭᠡ᠂ 4 ᠴᠢᠭᠢᠭ ᠤᠨ ᠪᠠᠶᠢᠳᠠᠯ ᠤᠨ ᠥᠷᠲᠡᠭᠡ ᠳᠤ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠠᠵᠢᠯ ᠬᠢᠵᠦ᠂ ᠲᠠᠪᠴᠠᠩ ᠤᠨ ᠱᠤᠭᠤᠮ ᠳᠤ ᠪᠠᠶᠢᠭ᠎ᠠ ᠨᠣᠷᠮ᠎ᠠ ᠶᠢ 100% ᠳᠤ ᠬᠦᠷᠦᠭᠦᠯᠵᠦ᠂ ᠥᠪᠡᠷᠲᠡᠭᠡᠨ ᠵᠠᠰᠠᠬᠤ ᠣᠷᠣᠨ ᠤ ᠤᠲᠠᠰᠤᠨ ᠳᠣᠲᠣᠷᠠᠬᠢ ᠨᠣᠷᠮ᠎ᠠ ᠶᠢᠨ ᠱᠠᠭᠠᠷᠳᠠᠯᠭ᠎ᠠ ᠳᠤ ᠬᠦᠷᠦᠭᠦᠯᠦᠨ᠎ᠡ᠃ ᠲᠠᠪᠤ ᠳᠤ᠂ ᠵᠢᠵᠢᠭᠦᠷᠯᠡᠨ ᠰᠠᠬᠢᠬᠤ ᠠᠵᠢᠯ ᠤᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠵᠢᠵᠢᠭᠦᠷᠯᠡᠨ ᠰᠠᠬᠢᠬᠤ ᠬᠥᠮᠦᠨ ᠤ ᠲᠤᠭ᠎ᠠ ᠶᠢ ᠨᠡᠮᠡᠭᠳᠡᠭᠦᠯᠦᠨ ᠂ ᠠᠶᠤᠯ ᠠᠴᠠ ᠠᠪᠤᠷᠠᠬᠤ ᠬᠥᠮᠦᠰ ᠤᠨ ᠬᠦᠴᠦᠨ ᠢ ᠤᠷᠢᠳᠴᠢᠯᠠᠨ ᠲᠣᠬᠢᠷᠠᠭᠤᠯᠵᠤ᠂ ᠴᠠᠭ ᠠᠭᠤᠷ ᠤᠨ ᠬᠤᠪᠢᠷᠠᠯᠲᠠ ᠶᠢ ᠨᠢᠭᠲᠠ ᠠᠩᠬᠠᠷᠴᠤ᠂ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠣᠷᠣᠨ ᠪᠠᠶᠢᠷᠢ᠂ ᠭᠤᠣᠯᠳᠠᠯᠭ᠎ᠠ ᠲᠠᠢ ᠲᠥᠬᠦᠭᠡᠷᠦᠮᠵᠢ ᠶᠢᠨ ᠠᠶᠤᠯ ᠲᠦᠭᠰᠢᠭᠦᠷᠢ ᠶᠢᠨ ᠭᠡᠮ ᠰᠣᠭᠤᠭ ᠢ ᠵᠢᠭᠰᠠᠭᠠᠨ ᠪᠠᠶᠢᠴᠠᠭᠠᠬᠤ ᠪᠠ ᠠᠰᠠᠭᠤᠳᠠᠯ ᠢ ᠴᠡᠭᠴᠡᠯᠡᠨ ᠵᠠᠰᠠᠬᠤ ᠶᠢ ᠴᠢᠩᠭᠠᠳᠬᠠᠵᠤ᠂ ᠭᠡᠮ ᠰᠣᠭᠤᠭ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃    【 ᠰᠤᠷᠪᠤᠯᠵᠢᠯᠠᠭᠴᠢ 】2024 ᠣᠨ ᠳᠤ ᠱᠠᠩᠳᠤ ᠰᠢᠶᠠᠨ ᠤ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠳᠠᠷᠠᠭᠠᠴᠢ ᠶᠢᠨ ᠠᠯᠬᠤᠮ ᠤᠨ ᠠᠵᠢᠯ ᠤᠨ ᠭᠤᠣᠯᠳᠠᠯᠭ᠎ᠠ ᠲᠠᠢ ᠲᠣᠬᠢᠷᠠᠭᠤᠯᠤᠯᠲᠠ ᠨᠢ ᠶᠠᠭᠤ ᠪᠤᠢ︖    【 ᠬᠦᠨᠳᠦᠲᠦ ᠵᠣᠴᠢᠨ 】 ᠳᠠᠷᠠᠭᠠᠴᠢ ᠶᠢᠨ ᠠᠯᠬᠤᠮ ᠳᠤ᠂ ᠮᠠᠨ ᠤ ᠲᠣᠪᠴᠢᠶ᠎ᠠ ᠪᠠᠰᠠ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠳᠡᠭᠡᠳᠦ ᠱᠠᠲᠤᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠠᠵᠢᠯ ᠤᠨ ᠪᠠᠶᠢᠷᠢᠯᠠᠭᠤᠯᠤᠯᠲᠠ ᠪᠣᠯᠤᠨ ᠱᠠᠭᠠᠷᠳᠠᠯᠭ᠎ᠠ ᠶᠣᠰᠣᠭᠠᠷ᠂ ᠤᠰᠤᠨ ᠠᠰᠢᠭᠯᠠᠯᠲᠠ ᠶᠢᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠥᠷᠨᠢᠭᠦᠯᠦᠨ᠎ᠡ᠃ ᠨᠢᠭᠡ ᠳᠤ ᠤᠰᠤᠨ ᠠᠰᠢᠭᠯᠠᠯᠲᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠶ ᠪᠠᠷ ᠲᠦᠯᠬᠢᠨ ᠠᠬᠢᠭᠤᠯᠤᠨ᠎ᠠ᠃ ᠤᠰᠤᠨ ᠤ ᠡᠬᠢ ᠰᠤᠷᠪᠤᠯᠵᠢ ᠶᠢ ᠰᠣᠯᠢᠬᠤ ᠲᠥᠷᠥᠯ ᠵᠦᠢᠯ ᠢ ᠱᠠᠯᠠᠪᠳᠠᠨ ᠬᠡᠷᠡᠭᠵᠢᠭᠦᠯᠵᠦ᠂ ᠣᠨ ᠤ ᠪᠦᠲᠦᠭᠡᠨ ᠪᠠᠶᠢᠭᠤᠯᠤᠯᠲᠠ ᠶᠢᠨ ᠡᠭᠦᠷᠭᠡ ᠪᠠᠨ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ ᠬᠤᠶᠠᠷ ᠲᠤ᠂ ᠭᠠᠵᠠᠷ ᠳᠣᠤᠷᠠᠬᠢ ᠤᠰᠤ ᠪᠠᠷ ᠤᠰᠤ ᠲᠠᠲᠠᠬᠤ ᠶᠢ ᠴᠢᠩᠭ᠎ᠠ ᠬᠢᠵᠠᠭᠠᠷᠯᠠᠨ᠎ᠠ᠃ ᠭᠠᠵᠠᠷ ᠳᠣᠤᠷᠠᠬᠢ ᠤᠰᠤ ᠶᠢ ᠲᠠᠲᠠᠬᠤ ᠵᠥᠪᠰᠢᠶᠡᠷᠡᠯ ᠤᠨ ᠬᠢᠨᠠᠨ ᠵᠥᠪᠰᠢᠶᠡᠷᠡᠬᠦ ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠤᠰᠤᠨ ᠤ ᠡᠬᠢ ᠪᠠᠶᠠᠯᠢᠭ ᠤᠨ ᠨᠤᠲᠠᠯᠠᠯᠲᠠ ᠶᠢ ᠬᠠᠤᠯᠢ ᠶᠣᠰᠣᠭᠠᠷ ᠥᠷᠨᠢᠭᠦᠯᠦᠭᠰᠡᠨ ᠦᠭᠡᠶ ᠭᠠᠵᠠᠷ ᠳᠣᠤᠷᠠᠬᠢ ᠤᠰᠤ ᠶᠢ ᠲᠠᠲᠠᠵᠤ ᠬᠡᠷᠡᠭᠯᠡᠬᠦ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ᠂ ᠠᠰᠢᠭᠯᠠᠯᠲᠠ ᠳᠤ ᠣᠷᠣᠭᠤᠯᠤᠨ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ᠃ ︽ᠬᠤᠳᠳᠤᠭ ᠤᠨ ᠳᠠᠷᠤᠭ᠎ᠠ ᠶᠢᠨ ᠲᠦᠷᠢᠮ︾ ᠢ ᠴᠢᠩᠭ᠎ᠠ ᠨᠠᠶᠢᠳᠠᠪᠤᠷᠢᠵᠢᠭᠤᠯᠵᠤ᠂ ᠬᠥᠮᠦᠨ ᠮᠠᠯ ᠤᠨ ᠤᠤᠭᠤᠬᠤ ᠤᠰᠤ ᠪᠠ ᠪᠠᠴᠢᠮ ᠪᠠᠶᠢᠳᠠᠯ ᠢ ᠠᠷᠭᠠᠴᠠᠭᠠᠵᠤ ᠤᠰᠤ ᠬᠠᠩᠭᠠᠬᠤ ᠠᠴᠠ ᠭᠠᠳᠠᠨ᠎ᠠ᠂ ᠭᠠᠵᠠᠷ ᠳᠣᠤᠷᠠᠬᠢ ᠤᠰᠤᠨ ᠤ ᠤᠰᠤ ᠲᠠᠲᠠᠬᠤ ᠬᠡᠮᠵᠢᠶ᠎ᠡ ᠶᠢ ᠰᠢᠨ᠎ᠡ ᠪᠠᠷ ᠨᠡᠮᠡᠭᠳᠡᠭᠦᠯᠬᠦ ᠶᠢ ᠴᠢᠩᠭ᠎ᠠ ᠴᠠᠭᠠᠵᠠᠯᠠᠵᠤ᠂ ᠤᠰᠤᠯᠠᠯᠲᠠ ᠶᠢᠨ ᠮᠠᠰᠢᠨ ᠴᠠᠬᠢᠯᠭᠠᠨ ᠬᠤᠳᠳᠤᠭ ᠢ ᠰᠢᠨ᠎ᠡ ᠪᠠᠷ ᠮᠠᠯᠲᠠᠬᠤ ᠥᠬᠡᠶ᠃ ᠬᠤᠪᠢ ᠪᠠᠷ ᠢᠶᠠᠨ ᠣᠯᠭᠤᠵᠤ ᠪᠠᠶᠢᠭ᠎ᠠ ᠭᠠᠵᠠᠷ ᠳᠣᠤᠷᠠᠬᠢ ᠤᠰᠤᠨ ᠤ ᠤᠰᠤ ᠲᠠᠲᠠᠬᠤ ᠵᠥᠪᠰᠢᠶᠡᠷᠡᠯ ᠤᠨ ᠦᠨᠡᠮᠯᠡᠯ ᠳᠤ ᠪᠦᠬᠦ ᠲᠠᠯ᠎ᠠ ᠶᠢᠨ ᠳᠠᠬᠢᠨ ᠬᠢᠨᠠᠯᠲᠠ ᠬᠢᠬᠦ ᠪᠠ ᠪᠠᠶᠢᠴᠠᠭᠠᠯᠲᠠ ᠬᠢᠵᠦ᠂ ᠱᠠᠭᠠᠷᠳᠠᠯᠭ᠎ᠠ ᠳᠤ ᠨᠡᠶᠢᠴᠡᠬᠦ ᠦᠭᠡᠶ ᠳᠤᠨᠢ ᠤᠰᠤ ᠠᠪᠬᠤ ᠵᠥᠪᠰᠢᠶᠡᠷᠡᠯ ᠤᠨ ᠦᠨᠡᠮᠯᠡᠯ ᠢ ᠨᠢ ᠡᠷᠡᠰ ᠬᠤᠷᠢᠶᠠᠨ ᠠᠪᠴᠤ ᠬᠦᠴᠦᠨ ᠦᠭᠡᠶ ᠪᠣᠯᠭᠠᠵᠤ᠂ ᠭᠠᠵᠠᠷ ᠳᠣᠤᠷᠠᠬᠢ ᠤᠰᠤ ᠶᠢ ᠨᠡᠭᠡᠭᠡᠨ ᠮᠠᠯᠲᠠᠬᠤ ᠶᠢ ᠵᠣᠭᠰᠣᠭᠠᠬᠤ ᠬᠡᠷᠡᠭᠲᠡᠶ᠃ ᠭᠤᠷᠪᠠ ᠳᠤ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠦᠷᠭᠦᠯᠵᠢᠯᠡᠨ ᠲᠦᠯᠬᠢᠨ ᠠᠬᠢᠭᠤᠯᠤᠨ᠎ᠠ᠃ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠪᠦᠷᠢᠯᠳᠦᠬᠦ ᠲᠣᠭᠲᠠᠴᠠ᠂ ᠲᠦᠢᠯ ᠤᠨ ᠣᠨᠣᠪᠴᠢᠲᠠᠶ ᠪᠠᠷ ᠨᠥᠬᠦᠪᠥᠷᠢ ᠥᠭᠬᠦ ᠪᠠ ᠤᠰᠤ ᠠᠷᠪᠢᠯᠠᠬᠤ ᠱᠠᠩᠨᠠᠯ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠪᠣᠯᠤᠨ ᠬᠠᠮᠢᠶᠠᠷᠴᠤ ᠬᠠᠮᠠᠭᠠᠯᠠᠬᠤ᠂ ᠤᠰᠤ ᠬᠡᠷᠡᠭᠯᠡᠬᠦ ᠬᠠᠮᠢᠶᠠᠷᠤᠯᠲᠠ ᠵᠡᠷᠭᠡ ᠳᠥᠷᠪᠡᠨ ᠵᠦᠢᠯ ᠤᠨ ᠲᠣᠭᠲᠠᠴᠠ ᠶᠢᠨ ᠪᠦᠲᠦᠮᠵᠢᠲᠡᠶ ᠨᠠᠶᠢᠳᠠᠪᠤᠷᠢᠵᠢᠭᠤᠯᠤᠯᠲᠠ ᠶᠢ ᠲᠦᠯᠬᠢᠨ ᠠᠬᠢᠭᠤᠯᠵᠤ᠂ ᠲᠠᠷᠢᠶᠠᠯᠠᠩ ᠤᠨ ᠤᠰᠤ ᠬᠡᠷᠡᠭᠯᠡᠬᠦ ᠠᠷᠭ᠎ᠠ ᠮᠠᠶ᠋ᠢᠭ ᠢ ᠪᠦᠳᠦᠭᠦᠯᠢᠭ ᠬᠡᠯᠪᠡᠷᠢ ᠠᠴᠠ ᠨᠢ ᠡᠷᠴᠢᠮᠯᠢᠭ ᠮᠠᠶ᠋ᠢᠭ ᠲᠡᠰᠢ ᠬᠤᠪᠢᠷᠠᠭᠤᠯᠬᠤ ᠶᠢ ᠲᠦᠯᠬᠢᠨ ᠠᠬᠢᠭᠤᠯᠤᠨ᠎ᠠ᠃ ᠲᠦᠷᠪᠡ ᠳᠤ᠂ ᠭᠤᠣᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠶᠢᠨ ᠡᠷᠴᠢᠮ ᠢ ᠦᠷᠭᠦᠯᠵᠢᠯᠡᠨ ᠴᠢᠩᠭᠠᠷᠠᠭᠤᠯᠤᠨ᠎ᠠ᠃ ︽ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠨᠡᠷ᠎ᠡ ᠶᠢᠨ ᠲᠡᠳᠦᠢ ᠪᠣᠳᠠᠲᠠᠢ︾ ᠭᠦᠨᠵᠡᠭᠡᠶᠢᠷᠡᠭᠦᠯᠦᠨ ᠬᠥᠭᠵᠢᠭᠦᠯᠬᠦ ᠶᠢ ᠠᠬᠢᠭᠤᠯᠵᠤ᠂ ᠡᠯ᠎ᠡ ᠱᠠᠲᠤᠨ ᠤ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠭᠤᠣᠯ ᠮᠥᠷᠡᠨ ᠨᠠᠭᠤᠷ ᠴᠥᠭᠦᠷᠥᠮ ᠢ ᠲᠣᠭᠤᠷᠢᠨ ᠪᠠᠶᠢᠴᠠᠭᠠᠬᠤ ᠡᠷᠴᠢᠮ ᠢ ᠴᠢᠩᠭᠠᠷᠠᠭᠤᠯᠵᠤ᠂ ᠵᠣᠬᠢᠴᠠᠭᠤᠯᠤᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠲᠡᠭᠦᠯᠳᠡᠷᠵᠢᠭᠦᠯᠵᠦ᠂ ᠨᠠᠮ ᠵᠠᠰᠠᠭ ᠢᠶᠠᠷ ᠭᠤᠣᠯᠯᠠᠭᠤᠯᠬᠤ᠂ ᠬᠠᠷᠢᠭᠤᠴᠠᠯᠭᠠᠲᠤ ᠰᠠᠯᠠᠭ᠎ᠠ ᠮᠥᠴᠢᠷ ᠬᠠᠮᠵᠢᠯᠴᠠᠨ ᠠᠬᠢᠭᠤᠯᠬᠤ᠂ ᠨᠡᠶᠢᠭᠡᠮ ᠨᠡᠶᠢᠲᠡ ᠪᠠᠷ ᠢᠶᠠᠨ ᠬᠠᠮᠲᠤ ᠪᠠᠷ ᠵᠠᠰᠠᠵᠤ ᠬᠠᠮᠠᠭᠠᠯᠠᠨ ᠵᠠᠰᠠᠬᠤ ᠲᠣᠭᠲᠠᠴᠠ ᠶᠢ ᠪᠦᠷᠢᠯᠳᠦᠭᠦᠯᠦᠨ᠎ᠡ᠃ ᠭᠤᠣᠯ ᠮᠥᠷᠡᠨ ᠨᠠᠭᠤᠷ ᠴᠥᠭᠦᠷᠥᠮ ᠤᠨ ︽ᠳᠥᠷᠪᠡᠨ ᠰᠠᠮᠠᠭᠤᠨ ᠢ ᠠᠷᠢᠯᠭᠠᠬᠤ︾ ᠶᠢ ᠪᠠᠶᠢᠩᠭᠤᠵᠢᠭᠤᠯᠬᠤ᠂ ᠵᠢᠷᠤᠮᠵᠢᠭᠤᠯᠬᠤ ᠶᠢ ᠪᠡᠶᠡᠯᠡᠭᠦᠯᠵᠦ᠂ ᠭᠤᠣᠯᠳᠠᠯᠭ᠎ᠠ ᠲᠠᠢ ᠭᠤᠣᠯ ᠮᠥᠷᠡᠨ ᠨᠠᠭᠤᠷ ᠴᠥᠭᠦᠷᠥᠮ ᠪᠠ ᠰᠡᠷᠭᠡᠭ ᠤᠰᠤᠨ ᠣᠷᠣᠨ ᠤ ︽ᠳᠥᠷᠪᠡᠨ ᠳᠤᠷ᠎ᠠ ᠪᠠᠷ ᠢᠶᠠᠨ︾ ᠪᠠᠶᠢᠬᠤ ᠠᠰᠠᠭᠤᠳᠠᠯ ᠢ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ ᠭᠤᠣᠯ ᠮᠥᠷᠡᠨ ᠤ ᠬᠠᠤᠯᠢ ᠠᠴᠠ ᠵᠥᠷᠢᠴᠡᠨ ᠡᠯᠡᠰᠦ ᠮᠠᠯᠲᠠᠬᠤ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠭᠤᠣᠯ ᠮᠥᠷᠡᠨ ᠨᠠᠭᠤᠷ ᠴᠥᠭᠦᠷᠥᠮ ᠤᠨ ᠡᠷᠭᠢ ᠶᠢᠨ ᠱᠤᠭᠤᠮ ᠤᠨ ᠴᠢᠳᠠᠮᠵᠢ ᠶᠢᠨ ᠬᠤᠪᠢᠶᠠᠷᠢ ᠲᠣᠭᠤᠷᠢᠭ ᠪᠠ ᠣᠷᠣᠨ ᠵᠠᠢ ᠶᠢ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠲᠠᠪᠤ ᠳᠤ᠂ ᠴᠠᠭᠠᠨᠨᠠᠭᠤᠷ ᠤᠨ ᠰᠠᠪᠠ ᠭᠠᠵᠠᠷ ᠤᠨ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢ ᠴᠢᠩᠭᠠᠳᠬᠠᠨ᠎ᠠ᠃ ᠦᠷᠭᠦᠯᠵᠢᠯᠡᠨ ᠲᠣᠭᠲᠠᠭᠰᠠᠨ ᠠᠵᠢᠯ ᠤᠨ ᠡᠭᠦᠷᠭᠡ ᠶᠣᠰᠣᠭᠠᠷ᠂ ᠴᠠᠭᠠᠨᠨᠠᠭᠤᠷ ᠤᠨ ᠰᠠᠪᠠ ᠭᠠᠵᠠᠷ ᠤᠨ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠡᠭᠦᠷᠭᠡ ᠶᠢ ᠰᠠᠶᠢᠲᠤᠷ ᠥᠷᠨᠢᠭᠦᠯᠦᠨ᠎ᠡ᠃ ᠰᠠᠪᠠ ᠭᠠᠵᠠᠷ ᠤᠨ ᠳᠣᠲᠣᠷᠠᠬᠢ ᠤᠰᠤᠨ ᠤ ᠡᠬᠢ ᠪᠠᠶᠠᠯᠢᠭ ᠤᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ ᠪᠠ ᠤᠰᠤ ᠠᠪᠬᠤ ᠵᠥᠪᠰᠢᠶᠡᠷᠡᠯ ᠤᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠮᠠᠰᠢᠨ ᠴᠠᠬᠢᠯᠭᠠᠨ ᠬᠤᠳᠳᠤᠭ ᠢ ᠪᠢᠲᠡᠭᠦᠮᠵᠢᠯᠡᠨ ᠵᠣᠭᠰᠣᠭᠠᠵᠤ ︽ᠡᠷᠭᠢᠵᠦ ᠦᠵᠡᠬᠦ︾ ᠶᠢ ᠥᠷᠨᠢᠭᠦᠯᠵᠦ᠂ ᠬᠤᠳᠳᠤᠭ ᠢ ᠪᠢᠲᠡᠭᠦᠮᠵᠢᠯᠡᠨ ᠵᠣᠭᠰᠣᠭᠠᠬᠤ ᠶᠢᠨ ︽ᠵᠣᠭᠰᠣᠭᠠᠬᠤ ᠶᠢᠨ ᠳᠠᠭᠠᠤ ᠳᠠᠬᠢᠨ ᠬᠡᠷᠡᠭᠯᠡᠬᠦ︾᠂ ︽ᠢᠯᠡ ᠭᠠᠵᠠᠷ ᠢ ᠳᠠᠯᠳᠠᠭᠤᠷ ᠬᠡᠷᠡᠭᠯᠡᠬᠦ︾ ᠪᠠᠶᠢᠳᠠᠯ ᠢ ᠡᠷᠡᠰ ᠬᠤᠷᠢᠭᠯᠠᠬᠤ ᠬᠡᠷᠡᠭᠲᠡᠢ᠃ ᠵᠢᠷᠭᠤᠭ᠎ᠠ ᠳᠤ᠂ ᠤᠰᠤ ᠭᠠᠩ ᠬᠠᠭᠰᠠᠷᠠᠭᠠᠨ ᠤ ᠭᠠᠮᠰᠢᠭ ᠢ ᠰᠡᠷᠭᠡᠶᠢᠯᠡᠬᠦ ᠠᠵᠢᠯ ᠢ ᠦᠨᠡᠨᠬᠦ ᠰᠠᠶᠢᠲᠤᠷ ᠬᠢᠨ᠎ᠡ᠃ ᠤᠰᠤᠨ ᠭᠠᠩ ᠬᠠᠭᠰᠠᠷᠠᠭᠠᠨ ᠤ ᠭᠠᠮᠰᠢᠭ ᠢ ᠰᠡᠷᠭᠡᠶᠢᠯᠡᠬᠦ ᠶᠢ ᠤᠰᠤᠨ ᠠᠰᠢᠭᠯᠠᠯᠲᠠ ᠶᠢᠨ ᠠᠵᠢᠯ ᠤᠨ ᠲᠡᠷᠢᠭᠦᠨ ᠴᠢᠬᠤᠯᠠ ᠡᠭᠦᠷᠭᠡ ᠪᠣᠯᠭᠠᠵᠤ᠂ ᠶᠡᠭᠡ ᠦᠶᠡᠷ ᠢ ᠰᠡᠷᠭᠡᠶᠢᠯᠡᠬᠦ᠂ ᠶᠡᠭᠡ ᠭᠠᠮᠰᠢᠭ ᠢ ᠡᠰᠡᠷᠭᠦᠴᠡᠬᠦ ᠳᠤ ᠰᠠᠭᠤᠷᠢᠯᠠᠨ᠂ ᠡᠳ᠋ ᠪᠣᠳᠠᠰ ᠨᠥᠭᠡᠴᠡᠯᠡᠬᠦ᠂ ᠪᠡᠯᠡᠳᠬᠡᠯ ᠲᠥᠰᠦᠯ ᠢ ᠵᠠᠰᠠᠨ ᠨᠠᠶᠢᠷᠠᠭᠤᠯᠬᠤ ᠵᠡᠷᠭᠡ ᠰᠡᠷᠭᠡᠶᠢᠯᠡᠬᠦ ᠠᠷᠭ᠎ᠠ ᠬᠡᠮᠵᠢᠶ᠎ᠡ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ᠂ ᠦᠶᠡᠷ ᠢ ᠠᠮᠤᠷ ᠲᠦᠪᠰᠢᠨ ᠢᠶᠠᠷ ᠥᠩᠭᠡᠷᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ    【 ᠰᠤᠷᠪᠤᠯᠵᠢᠯᠠᠭᠴᠢ 】 ᠹᠦ᠋ ᠲᠣᠪᠴᠢᠶᠠᠨ ᠳᠠᠷᠤᠭ᠎ᠠ ᠶᠢᠨ ᠬᠦᠯᠢᠴᠡᠩᠭᠦᠢ ᠬᠠᠷᠢᠭᠤᠯᠲᠠ ᠥᠭᠭᠦᠭᠰᠡᠨ ᠳᠤ ᠲᠦᠯ ᠢᠶᠠᠷ ᠲᠠᠯᠠᠷᠬᠠᠵᠤ ᠪᠠᠢᠨ᠎ᠠ᠂ ᠡᠨᠡ ᠬᠤᠭᠤᠴᠠᠭᠠᠨ ᠤ ᠰᠤᠷᠪᠤᠯᠵᠢᠯᠠᠭ᠎ᠠ ᠳᠠᠭᠤᠰᠤᠯ᠎ᠠ᠂ ᠲᠠᠨ ᠳᠤ ᠪᠠᠶᠠᠷᠯᠠᠯ᠎ᠠ᠂ ᠪᠠᠶᠠᠷᠲᠠᠢ︕    【 ᠬᠦᠨᠳᠦᠲᠦ ᠵᠣᠴᠢᠨ 】 ᠤᠰᠤᠨ ᠠᠰᠢᠭᠯᠠᠯᠲᠠ ᠶᠢᠨ ᠠᠵᠢᠯ ᠢ ᠬᠠᠯᠠᠮᠵᠢᠯᠠᠨ ᠳᠡᠮᠵᠢᠭᠰᠡᠨ ᠳᠤ ᠣᠯᠠᠨ ᠤ ᠴᠢᠩ ᠰᠡᠳ᠋ᠬᠢᠯ ᠠᠴᠠ ᠪᠠᠨ ᠲᠠᠯᠠᠷᠬᠠᠵᠤ ᠪᠠᠶᠢᠨ᠎ᠠ᠂ ᠪᠠᠶᠠᠷᠲᠠᠢ︕
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2