ᠶᠠᠩ ᠸᠧᠨ ᠾᠦᠢ ᠬᠠᠮᠢᠶ᠎ᠠ ᠪᠦᠬᠦᠢ ᠠᠵᠤ ᠠᠬᠤᠶᠢᠯᠠᠯ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/11/1
    10 ᠰᠠᠷ᠎ᠠ ᠶᠢᠨ 22 ᠤᠨ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠶᠠᠩ ᠸᠧᠨ ᠾᠦᠢ ᠰᠢᠶᠠᠨ ᠤ ᠬᠠᠷᠢᠶ᠎ᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠪᠣᠯᠤᠨ ᠪᠠᠢ ᠬᠤᠢ ᠱᠧᠩ ᠰᠢᠬᠢᠷ ᠤᠨ ᠦᠢᠯᠡᠰ ᠤᠨ ᠬᠢᠵᠠᠭᠠᠷᠲᠤ ᠺᠣᠮᠫᠠᠨᠢ ᠵᠡᠷᠭᠡ ᠭᠠᠵᠠᠷ ᠢᠶᠠᠷ ᠭᠦᠨᠵᠡᠭᠡᠶᠢᠷᠡᠨ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠡᠢ᠃    ᠪᠠᠶᠢᠴᠠᠭᠠᠨ ᠰᠤᠳᠤᠯᠬᠤ ᠶᠠᠪᠤᠴᠠ ᠳᠤ᠂ ᠶᠠᠩ ᠸᠧᠨ ᠾᠦᠢ ᠡᠯ᠎ᠡ ᠠᠵᠤ ᠠᠬᠤᠶᠢᠯᠠᠯ ᠤᠨ ᠦᠢᠯᠡᠳᠪᠦᠷᠢᠯᠡᠯ ᠤᠨ ᠶᠠᠪᠤᠴᠠ᠂ ᠮᠡᠷᠭᠡᠵᠢᠯ ᠤᠨ ᠰᠢᠨ᠎ᠡ ᠡᠭᠦᠳᠦᠯᠲᠡ᠂ ᠵᠠᠬ᠎ᠠ ᠳᠡᠯᠭᠡᠭᠦᠷ ᠤᠨ ᠥᠷᠭᠡᠳᠬᠡᠯ ᠵᠢᠴᠢ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠪᠣᠳᠠᠲᠠᠢ ᠠᠷᠭ᠎ᠠ ᠬᠡᠮᠵᠢᠶ᠎ᠡ ᠶᠢ ᠨᠠᠷᠢᠨ ᠣᠶᠢᠯᠠᠭᠠᠬᠤ ᠶᠢᠨ ᠬᠠᠮᠲᠤ ᠦᠢᠯᠡᠳᠪᠦᠷᠢᠯᠡᠯ ᠤᠨ ᠱᠤᠭᠤᠮ ᠵᠢᠴᠢ ᠠᠮᠤᠷ ᠲᠦᠪᠰᠢᠨ ᠤ ᠲᠥᠬᠦᠭᠡᠷᠦᠮᠵᠢ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠡᠷᠡ᠂ ᠠᠵᠤ ᠠᠬᠤᠶᠢᠯᠠᠯ ᠡᠷᠬᠡᠪᠰᠢ ᠲᠤᠰ ᠪᠡᠶ᠎ᠡ ᠶᠢᠨ ᠪᠣᠳᠠᠲᠤ ᠬᠦᠴᠦᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠮᠡᠷᠭᠡᠵᠢᠯ ᠪᠣᠯᠤᠨ ᠬᠠᠮᠢᠶᠠᠷᠤᠯᠲᠠ ᠶᠢᠨ ᠵᠠᠭᠪᠤᠷ ᠤᠨ ᠰᠢᠨ᠎ᠡ ᠶᠢ ᠡᠭᠦᠳᠴᠦ᠂ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠨᠡᠩ ᠰᠠᠶᠢᠲᠤᠷ ᠦᠢᠯᠡᠴᠢᠯᠡᠬᠦ ᠬᠡᠷᠡᠭᠲᠡᠢ᠃    ᠡᠭᠦᠨ ᠤ ᠳᠠᠷᠠᠭᠠᠬᠢ ᠲᠤᠬᠠᠶ ᠶᠢᠨ ᠲᠠᠯᠠᠪᠤᠷ ᠲᠤ ᠠᠵᠢᠯᠯᠠᠬᠤ ᠬᠤᠷᠠᠯ ᠳᠡᠭᠡᠷ᠎ᠡ᠂ ᠶᠠᠩ ᠸᠧᠨ ᠾᠦᠢ ᠰᠢᠶᠠᠨ ᠤ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠠᠷᠢᠭᠤᠴᠠᠯᠭᠠᠲᠠᠨ ᠨᠥᠬᠦᠳ ᠤᠨ ᠠᠵᠤ ᠠᠬᠤᠶᠢᠯᠠᠯ ᠤᠨ ᠠᠵᠢᠯᠯᠠᠭᠠᠨ ᠤ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠨᠠᠷᠢᠨ ᠰᠣᠨᠣᠰᠴᠤ᠂ ᠰᠢᠶᠠᠨ ᠤ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠢᠷᠡᠭᠡᠳᠦᠶ ᠶᠢᠨ ᠬᠥᠭᠵᠢᠯᠲᠡ ᠳᠤ ᠵᠢᠯᠣᠭᠤᠳᠬᠤ ᠰᠠᠨᠠᠯ    ᠳᠤᠷᠠᠳᠪᠠ᠃    ᠶᠠᠩ ᠸᠧᠨ ᠾᠦᠢ᠂ ᠡᠯ᠎ᠡ ᠠᠵᠤ ᠠᠬᠤᠶᠢᠯᠠᠯ ᠤᠨ ᠬᠢᠨ ᠡᠳ᠋ ᠬᠦᠷᠦᠩᠭᠡ ᠶᠢᠨ ᠬᠠᠮᠢᠶᠠᠷᠤᠯᠲᠠ ᠪᠠᠨ ᠴᠢᠩᠭᠠᠳᠬᠠᠵᠤ᠂ ᠡᠳ᠋ ᠬᠦᠷᠦᠩᠭᠡ ᠶᠢᠨ ᠪᠦᠲᠦᠴᠡ ᠪᠠᠨ ᠰᠢᠯᠢᠳᠡᠭᠵᠢᠭᠦᠯᠵᠦ᠂ ᠡᠳ᠋ ᠬᠦᠷᠦᠩᠭᠡ ᠶᠢ ᠥᠨᠳᠥᠷ ᠪᠦᠲᠦᠮᠵᠢᠲᠡᠢ ᠠᠰᠢᠭᠯᠠᠬᠤ ᠪᠠ ᠦᠷᠳᠡᠭ ᠢ ᠪᠠᠲᠤᠯᠠᠵᠤ ᠦᠷᠳᠡᠭ ᠢ ᠨᠡᠮᠡᠭᠳᠡᠭᠦᠯᠬᠦ ᠶᠢ ᠪᠠᠲᠤᠯᠠᠬᠤ ᠬᠡᠷᠡᠭᠲᠡᠢ᠃    ᠰᠢᠶᠠᠨ ᠤ ᠤᠳᠤᠷᠢᠳᠤᠯᠭ᠎ᠠ ᠰᠢᠶᠦ᠋ᠩ ᠸᠧᠢ᠂ ᠴᠧᠨ ᠶᠠ ᠮᠢᠩ᠂ ᠼᠦᠢ ᡁᠢ ᠸᠧᠢ ᠵᠢᠴᠢ ᠬᠤᠯᠪᠣᠭᠳᠠᠯ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠲᠤᠰ ᠲᠤᠰ ᠪᠠᠶᠢᠴᠠᠭᠠᠨ ᠰᠤᠳᠤᠯᠤᠯᠲᠠ ᠪᠠ ᠬᠤᠷᠠᠯ ᠳᠤ ᠣᠷᠣᠯᠴᠠᠪᠠ᠃ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2