ᠱᠠᠩᠳᠤ ᠰᠢᠶᠠᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠠᠷᠪᠠᠳᠤᠭᠠᠷ ᠰᠠᠷ᠎ᠠ ᠶᠢᠨ ᠲᠥᠪᠯᠡᠷᠡᠭᠦᠯᠦᠨ ᠰᠤᠷᠤᠯᠴᠠᠬᠤ ︵ᠥᠷᠭᠡᠳᠬᠡᠭᠰᠡᠨ︶ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/11/1
    10 ᠰᠠᠷ᠎ᠠ ᠶᠢᠨ 24 ᠤ ᠡᠳᠦᠷ᠂ ᠱᠠᠩᠳᠤ ᠰᠢᠶᠠᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠠᠷᠪᠠᠳᠤᠭᠠᠷ ᠰᠠᠷ᠎ᠠ ᠶᠢᠨ ᠲᠥᠪᠯᠡᠷᠡᠭᠦᠯᠦᠨ ᠰᠤᠷᠤᠯᠴᠠᠬᠤ ︵ᠥᠷᠭᠡᠳᠬᠡᠭᠰᠡᠨ︶ ᠬᠤᠷᠠᠯ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠶᠠᠩ ᠸᠧᠨ ᠾᠦᠢ ᠰᠤᠷᠤᠯᠴᠠᠯᠭ᠎ᠠ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ᠃ ᠰᠢᠶᠠᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠪᠦᠬᠦ ᠤᠳᠤᠷᠢᠳᠤᠯᠭ᠎ᠠ ᠬᠤᠷᠠᠯ ᠳᠤ ᠣᠷᠣᠯᠴᠠᠪᠠ᠃    ᠲᠣᠰ ᠤᠳᠠᠭᠠᠨ ᠤ ᠭᠤᠤᠯ ᠳᠤᠭᠤᠶᠢᠯᠠᠩ ᠤᠨ ᠰᠤᠷᠤᠯᠴᠠᠯᠭ᠎ᠠ ᠨᠢ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ᠂ ᠬᠤᠲᠠ ᠶᠢᠨ ᠨᠡᠶᠢᠭᠡᠮ ᠵᠢᠷᠤᠮ ᠤᠨ ᠳᠡᠭᠡᠳᠦ ᠰᠤᠷᠭᠠᠭᠤᠯᠢ ᠶᠢᠨ ᠳᠡᠳ᠋ ᠵᠠᠬᠢᠷᠤᠯ᠂ ᠫᠷᠤᠹᠧᠰᠰᠤᠷ ᠸᠠᠩ ᠶᠦᠩ ᠯᠢ ᠶᠢ ᠤᠷᠢᠵᠤ ᠦᠵᠡᠯ ᠤᠬᠠᠮᠰᠠᠷ ᠤᠨ ᠬᠡᠯᠪᠡᠷᠢ ᠪᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ ᠶᠢᠨ ᠲᠣᠭᠤᠷᠢᠨ ᠳᠤ ᠲᠤᠰᠬᠠᠶ ᠰᠡᠳᠦᠪ ᠢᠶᠠᠷ ᠬᠢᠴᠢᠶᠡᠯᠯᠡᠭᠦᠯᠪᠡ᠂ ᠲᠣᠰ ᠤᠳᠠᠭᠠᠨ ᠤ ᠬᠢᠴᠢᠶᠡᠯᠯᠡᠭᠡ ᠶᠢᠨ ᠭᠤᠤᠯᠳᠠᠯᠭ᠎ᠠ ᠨᠢ ᠲᠣᠪᠤᠶᠢᠮ᠎ᠠ᠂ ᠭᠤᠤᠯ ᠰᠡᠳᠦᠪ ᠨᠢ ᠢᠯᠡ ᠲᠣᠳᠣ᠂ ᠠᠭᠤᠯᠭ᠎ᠠ ᠨᠢ ᠪᠠᠶᠠᠯᠢᠭ ᠪᠠᠶᠢᠵᠤ᠂ ᠤᠯᠤᠰ ᠲᠥᠷᠥ ᠶᠢᠨ ᠦᠨᠳᠦᠷᠴᠡ ᠪᠠ ᠣᠨᠣᠯ ᠤᠨ ᠭᠦᠨᠴᠡ ᠲᠠᠢ ᠮᠥᠷᠲᠡᠭᠡᠨ ᠪᠠᠰᠠ ᠮᠠᠰᠢ ᠴᠢᠩᠭ᠎ᠠ ᠬᠠᠨᠳᠤᠯᠭᠠᠲᠤ ᠴᠢᠨᠠᠷ ᠪᠠ ᠵᠢᠯᠣᠭᠤᠳᠬᠤ ᠴᠢᠨᠠᠷ ᠲᠠᠢ ᠶᠤᠮ᠃    ᠬᠤᠷᠠᠯ ᠠᠴᠠ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠪᠣᠯᠤᠨ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ᠂ ᠴᠢᠬᠤᠯᠠ ᠶᠡᠭᠡ ᠠᠴᠢ ᠬᠤᠯᠪᠣᠭᠳᠠᠯ ᠲᠠᠢ᠂ ᠬᠠᠷᠢᠭᠤᠴᠠᠯᠭ᠎ᠠ ᠬᠦᠨᠳᠦ ᠶᠡᠭᠡ ᠶᠤᠮ᠃ ᠪᠦᠬᠦ ᠰᠢᠶᠠᠨ ᠤ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ᠃ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠤ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠪᠤᠰᠤᠳ ᠭᠤᠣᠯᠳᠠᠯᠭ᠎ᠠ ᠲᠠᠢ ᠠᠵᠢᠯ ᠲᠠᠢ ᠵᠡᠷᠭᠡᠪᠡᠷ ᠰᠤᠳᠤᠯᠵᠤ᠂ ᠵᠡᠷᠭᠡᠪᠡᠷ ᠪᠠᠶᠢᠷᠢᠯᠠᠭᠤᠯᠵᠤ᠂ ᠵᠡᠷᠭᠡᠪᠡᠷ ᠨᠠᠶᠢᠳᠠᠪᠤᠷᠢᠵᠢᠭᠤᠯᠬᠤ ᠶᠢᠨ ᠬᠠᠮᠲᠤ ᠠᠶᠤᠯ ᠲᠦᠭᠰᠢᠭᠦᠷᠢ ᠶᠢ ᠰᠤᠳᠤᠯᠤᠨ ᠮᠠᠭᠠᠳᠯᠠᠬᠤ ᠪᠠ ᠶᠠᠷᠢᠶ᠎ᠠ ᠬᠡᠯᠡᠯᠴᠡᠭᠡᠨ ᠤ ᠪᠠᠶᠢᠳᠠᠯ ᠢ ᠤᠷᠢᠳᠴᠢᠯᠠᠨ ᠰᠡᠷᠡᠮᠵᠢᠯᠡᠭᠦᠯᠬᠦ ᠶᠢ ᠰᠠᠶᠢᠲᠤᠷ ᠬᠢᠵᠦ᠂ ᠭᠡᠨᠡᠳᠲᠡ ᠶᠢᠨ ᠬᠠᠯᠠᠮᠰᠢᠯ ᠶᠠᠷᠢᠶ᠎ᠠ ᠬᠡᠯᠡᠯᠴᠡᠭᠡᠨ ᠤ ᠪᠠᠶᠢᠳᠠᠯ ᠢ ᠢᠯᠡᠷᠡᠭᠦᠯᠬᠦ ᠬᠦᠴᠦᠨ᠂ ᠰᠤᠳᠤᠯᠤᠨ ᠮᠠᠭᠠᠳᠯᠠᠬᠤ ᠴᠢᠳᠠᠪᠤᠷᠢ᠂ ᠰᠢᠢᠳᠪᠦᠷᠢᠯᠡᠬᠦ ᠬᠦᠴᠦᠨ ᠢ ᠴᠢᠩᠭᠠᠳᠬᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠬᠠᠮᠢᠶᠠᠷᠬᠤ ᠬᠥᠮᠦᠨ ᠲᠠᠢ᠂ ᠦᠨᠳᠦᠰᠦ ᠪᠠᠷᠢᠮᠲᠠ ᠲᠠᠢ᠂ ᠬᠠᠮᠢᠶᠠᠷᠬᠤ ᠠᠷᠭ᠎ᠠ ᠬᠡᠮᠵᠢᠶ᠎ᠡ ᠲᠠᠢ ᠪᠠᠶᠢᠬᠤ ᠶᠢ ᠪᠠᠲᠤᠯᠠᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠭᠤᠣᠯ ᠰᠢᠵᠢᠮ ᠢ ᠪᠦᠬᠦ ᠲᠠᠯ᠎ᠠ ᠪᠠᠷ ᠭᠦᠨᠵᠡᠭᠡᠢ ᠪᠣᠳᠠᠲᠠᠢ ᠲᠤᠭᠤᠰᠢᠯᠠᠭᠤᠯᠵᠤ᠂ ᠨᠠᠮ ᠤᠨ ᠦᠨᠳᠦᠰᠦᠲᠡᠨ ᠤ ᠲᠦᠷᠦ ᠶᠢᠨ ᠪᠤᠳᠤᠯᠭ᠎ᠠ ᠶᠢ ᠰᠠᠶᠢᠲᠤᠷ ᠤᠬᠠᠭᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠯᠢᠭᠡᠷ ᠢ ᠰᠠᠶᠢᠲᠤᠷ ᠶᠠᠷᠢᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠢ ᠬᠥᠮᠦᠵᠢᠭᠦᠯᠦᠨ ᠵᠢᠯᠣᠭᠤᠳᠴᠤ ᠪᠠᠶᠢᠭᠠᠳ ︽ᠵᠢᠷᠭᠤᠭᠠᠨ ᠦᠭᠡ︾ ᠶᠢᠨ ᠪᠣᠳᠠᠲᠤ ᠶᠠᠪᠤᠳᠠᠯ ᠪᠠ ᠶᠣᠰᠣ ᠤᠴᠢᠷ ᠢ ᠪᠠᠲᠤ ᠴᠡᠭᠡᠵᠢᠯᠡᠭᠦᠯᠵᠦ᠂ ᠡᠷᠡᠰ ᠭᠤᠶᠢᠪᠢᠰᠢ ᠦᠭᠡᠢ ᠪᠠᠷ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ᠂ ᠮᠠᠨ ᠤ ᠰᠢᠶᠠᠨ ᠤ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃    ᠬᠤᠷᠠᠯ ᠳᠤ ᠣᠷᠣᠯᠴᠠᠭᠰᠠᠨ ᠬᠠᠮᠢᠶ᠎ᠠ ᠪᠦᠬᠦᠢ ᠬᠦᠮᠦᠰ ᠰᠤᠳᠤᠯᠤᠨ ᠶᠠᠷᠢᠯᠴᠠᠪᠠ᠃ ᠡᠯ᠎ᠡ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠰᠢᠶᠠᠩ ᠪᠠᠯᠭᠠᠰᠤᠨ ᠤ ᠳᠠᠷᠤᠭ᠎ᠠ ᠪᠣᠯᠤᠨ ᠰᠢᠶᠠᠨ ᠤ ᠨᠠᠮ ᠤᠨ ᠬᠤᠷᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠨᠥᠬᠦᠳ ᠬᠤᠷᠠᠯ ᠳᠤ ᠣᠷᠣᠯᠴᠠᠪᠠ᠃ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2