11 ᠰᠠᠷ᠎ᠠ ᠶᠢᠨ 8 ᠤ ᠡᠳᠦᠷ᠂ ᠳᠤᠮᠳᠠᠳᠤ ᠤᠯᠤᠰ ᠤᠨ ᠨᠡᠶᠢᠳᠡᠮ ᠬᠡᠷᠡᠭᠯᠡᠬᠦ ᠮᠡᠷᠭᠡᠵᠢᠯ ᠤᠨ ᠪᠦᠯᠦᠭᠯᠡᠯ ᠤᠨ ᠨᠠᠮ ᠤᠯᠠᠨ | ᠲᠦᠮᠡᠨ ᠤ ᠠᠵᠢᠯ ᠤᠨ ᠬᠡᠯᠲᠡᠰ ᠤᠨ ᠳᠡᠳ᠋ ᠳᠠᠷᠤᠭ᠎ᠠ ︵ᠠᠵᠢᠯ ᠡᠷᠬᠢᠯᠡᠬᠦ︶ ᠨᠢ ᠶᠦᠩ᠂ ᠪᠡᠭᠡᠵᠢᠩ ᠬᠤᠳᠠ ᠶᠢᠨ ᠫᠢᠩ ᠭᠦ᠋ | ᠲᠣᠭᠤᠷᠢᠭ ᠤᠨ ᠬᠡᠷᠡᠭᠯᠡᠭᠡ ᠪᠠᠷ ᠬᠠᠪᠰᠤᠷᠤᠨ ᠲᠡᠳᠬᠦᠬᠦ ᠲᠥᠪ ᠤᠨ ᠬᠠᠷᠢᠭᠤᠴᠠᠯᠭᠠᠲᠠᠨ ᠸᠠᠩ ᠵᠢᠩ ᠪᠥᠸᠧ᠂ ᠪᠡᠭᠡᠵᠢᠩ ᠤᠨ | ᠳ᠋ᠦᠩ ᠯᠠᠢ ᠱᠦᠨ ᠪᠦᠯᠦᠭᠯᠡᠯ ᠤᠨ ᠨᠠᠮ ᠤᠨ ᠬᠤᠷᠢᠶᠠᠨ ᠤ ᠳᠡᠳ᠋ ᠱᠦᠵᠢ᠂ ᠶᠡᠷᠦᠩᠬᠡᠢ ᠳᠠᠭᠠᠭᠠᠮᠠᠯ ᠵᠠᠩ ᠼᠦᠩ ᠨᠠᠷ ᠮᠠᠨ ᠤ | ᠰᠢᠶᠠᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠱᠢ ᠪᠠ ᠴᠢᠩ ᠪᠠᠯᠭᠠᠰᠤ ᠶᠢᠨ ᠴᠢᠤᠸᠠᠨ ᠨᠤᠤ ᠽᠢ | ᠲᠣᠰᠬᠤᠨ ᠤ ᠬᠤᠷᠠᠭ᠎ᠠ ᠪᠣᠷᠳᠣᠵᠤ ᠲᠠᠷᠭᠤᠯᠠᠭᠤᠯᠬᠤ ᠰᠠᠭᠤᠷᠢᠨ ᠢ ᠡᠬᠢᠯᠡᠨ ᠬᠡᠷᠡᠭᠯᠡᠬᠦ ᠶᠣᠰᠣᠯᠠᠯ ᠳᠤ ᠣᠷᠣᠯᠴᠠᠪᠠ᠃ | ᠰᠢᠶᠠᠨ ᠤ ᠤᠳᠤᠷᠢᠳᠤᠯᠭ᠎ᠠ ᠵᠠᠩ ᠰᠢᠨ ᠭᠦᠸᠧ᠂ ᠸᠠᠩ ᠲᠢᠶᠠᠨ ᠢᠦᠢ ᠣᠷᠣᠯᠴᠠᠪᠠ᠃ | ᠲᠦᠩ ᠶᠦᠩ ᠪᠠᠭ᠎ᠠ ᠰᠤᠷᠭᠠᠭᠤᠯᠢ ᠳᠤ᠂ ᠨᠡᠶᠢᠳᠡᠮ ᠬᠡᠷᠡᠭᠯᠡᠬᠦ ᠪᠦᠯᠦᠭᠯᠡᠯ ᠨᠢ ᠰᠤᠷᠭᠠᠭᠤᠯᠢ ᠳᠤ ᠪᠠᠶᠢᠭ᠎ᠠ | ᠰᠤᠷᠤᠭᠴᠢᠳ ᠲᠤ ᠬᠢᠴᠢᠶᠡᠯ ᠣᠷᠣᠬᠤ ᠶᠢᠨ ᠬᠠᠮᠲᠤ ᠵᠣᠭᠤᠰ ᠴᠤᠭᠯᠠᠭᠤᠯᠤᠨ᠎ᠠ᠃ ᠬᠢᠴᠢᠶᠡᠯ ᠤᠨ ᠠᠭᠤᠯᠭ᠎ᠠ ᠠᠮᠢᠳᠤᠯᠢᠭ | ᠪᠥᠭᠡᠳ ᠪᠠᠶᠠᠯᠢᠭ ᠪᠠᠶᠢᠵᠤ᠂ ᠣᠯᠠᠨ ᠲᠠᠯ᠎ᠠ ᠶᠢᠨ ᠮᠡᠳᠡᠯᠭᠡ ᠶᠢ ᠬᠠᠮᠤᠷᠴᠤ᠂ ᠰᠤᠷᠤᠭᠴᠢᠳ ᠤᠨ ᠮᠡᠳᠡᠯᠭᠡ ᠶᠢᠨ ᠬᠠᠷᠠᠭ᠎ᠠ ᠶᠢ | ᠨᠡᠭᠡᠭᠡᠵᠦ᠂ ᠣᠶᠤᠨ ᠤᠬᠠᠭᠠᠨ ᠢ ᠰᠡᠩᠬᠡᠷᠡᠭᠦᠯᠬᠦ ᠶᠢᠨ ᠲᠥᠯᠥᠭᠡ ᠶᠤᠮ᠃ ᠬᠢᠴᠢᠶᠡᠯ ᠳᠠᠭᠤᠰᠤᠭᠰᠠᠨ ᠤ ᠳᠠᠷᠠᠭ᠎ᠠ | ᠰᠤᠷᠤᠭᠴᠢᠳ ᠢ ᠵᠣᠬᠢᠶᠠᠨ ᠪᠠᠶᠢᠭᠤᠯᠵᠤ ᠮᠠᠨ ᠤ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠳᠤ ᠣᠴᠢᠭᠤᠯᠤᠨ | ᠲᠣᠭᠤᠷᠢᠨ ᠦᠵᠡᠭᠦᠯᠪᠡ᠃ | ᠱᠢ ᠪᠠ ᠴᠢᠩ ᠪᠠᠯᠭᠠᠰᠤᠨ ᠤ ᠴᠢᠤᠸᠠᠨ ᠨᠣᠤ ᠲᠣᠰᠬᠤᠨ ᠤ ᠬᠤᠷᠠᠭ᠎ᠠ ᠪᠣᠷᠳᠣᠵᠤ ᠲᠠᠷᠭᠤᠯᠠᠭᠤᠯᠬᠤ ᠰᠠᠭᠤᠷᠢᠨ ᠭᠠᠵᠠᠷ ᠢ | ᠡᠬᠢᠯᠡᠨ ᠬᠡᠷᠡᠭᠯᠡᠬᠦ ᠶᠣᠰᠣᠯᠠᠯ᠂ ᠬᠡᠷᠡᠭᠯᠡᠭᠡ ᠪᠠᠷ ᠬᠠᠪᠰᠤᠷᠤᠨ ᠲᠡᠳᠬᠦᠬᠦ ᠭᠡᠷ᠎ᠡ ᠲᠣᠭᠲᠠᠬᠤ ᠶᠣᠰᠣᠯᠠᠯ ᠬᠢᠭᠡᠳ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠨ ᠤᠳᠤᠷᠢᠳᠤᠯᠭ᠎ᠠ | ᠲᠤᠬᠠᠶ ᠶᠢᠨ ᠭᠠᠵᠠᠷ ᠤᠨ ᠣᠨᠴᠠᠯᠢᠭᠲᠤ ᠠᠵᠤ ᠦᠢᠯᠡᠰ᠂ ᠡᠬᠢ ᠪᠠᠶᠠᠯᠢᠭ ᠤᠨ ᠳᠠᠪᠠᠭᠤᠯᠢᠭ ᠵᠡᠷᠭᠡ ᠳᠤ ᠴᠢᠭᠯᠡᠭᠦᠯᠦᠨ | ᠶᠠᠷᠢᠯᠴᠠᠵᠤ᠂ ᠠᠵᠤ ᠦᠢᠯᠡᠰ ᠤᠨ ᠠᠭᠤᠰᠤᠯᠴᠠᠯ᠂ ᠮᠡᠷᠭᠡᠵᠢᠯ ᠤᠨ ᠳᠡᠮᠵᠢᠯᠭᠡ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠪᠠᠷ | ᠳᠠᠮᠵᠢᠭᠤᠯᠤᠨ᠂ ᠲᠤᠬᠠᠶ ᠶᠢᠨ ᠭᠠᠵᠠᠷ ᠤᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠬᠢᠷᠢ ᠲᠦᠪᠰᠢᠨ ᠢ ᠤᠯᠠᠮ | ᠨᠢᠭᠡ ᠠᠯᠬᠤᠮ ᠳᠡᠭᠡᠭᠰᠢᠯᠡᠭᠦᠯᠵᠦ᠂ ᠪᠣᠷᠣᠯᠠᠭᠤᠯᠭ᠎ᠠ ᠶᠢᠨ ᠠᠷᠭ᠎ᠠ ᠵᠠᠮ ᠢ ᠥᠷᠭᠡᠳᠬᠡᠨ᠂ ᠨᠠᠩ ᠣᠯᠠᠨ ᠴᠢᠨᠠᠷ ᠰᠠᠶᠢᠲᠠᠶ | ᠲᠠᠷᠢᠶᠠᠯᠠᠩ ᠤᠨ ᠪᠦᠲᠦᠭᠡᠭᠳᠡᠬᠦᠨ ᠢ ᠨᠠᠩ ᠥᠷᠭᠡᠨ ᠠᠭᠤᠳᠠᠮ ᠵᠠᠬ᠎ᠠ ᠳᠡᠯᠭᠡᠭᠦᠷ ᠲᠤ ᠭᠠᠷᠭᠠᠬᠤ ᠶᠢ ᠬᠦᠰᠡᠵᠦ ᠪᠠᠶᠢᠨ᠎ᠠ ᠭᠡᠵᠦ | ᠢᠯᠡᠳᠬᠡᠪᠡ᠃ | | | | | ᠣᠷᠴᠢᠭᠤᠯᠣᠭᠴᠢ᠄ ᠬᠠᠨᠠᠭᠠᠷ | ᠬᠢᠨᠠᠭᠴᠢ᠄ ᠬᠠᠨᠠᠭᠠᠷ | |