11 ᠰᠠᠷ᠎ᠠ ᠶᠢᠨ 9 ᠤ ᠡᠳᠦᠷ ᠪᠣᠯ 33 ᠳ᠋ᠤᠭᠠᠷ ᠪᠥᠬᠦ ᠤᠯᠤᠰ ᠤᠨ ᠭᠠᠯ ᠤᠨᠲᠠᠷᠠᠭᠠᠬᠤ ᠡᠳᠦᠷ ᠪᠠᠶᠢᠵᠤ᠂ ᠣᠯᠠᠨ | ᠲᠦᠮᠡᠨ ᠤ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠨ᠂ ᠭᠠᠯ ᠤᠨ | ᠠᠶᠤᠯ ᠢ ᠰᠡᠷᠭᠡᠶᠢᠯᠡᠬᠦ ᠪᠠ ᠪᠠᠴᠢᠮ ᠪᠠᠶᠢᠳᠠᠯ ᠢ ᠠᠷᠭᠠᠴᠠᠵᠤ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠴᠢᠳᠠᠪᠤᠷᠢ ᠶᠢ | ᠳᠡᠭᠡᠭᠰᠢᠯᠡᠭᠦᠯᠬᠦ ᠶᠢᠨ ᠲᠥᠯᠥᠭᠡ᠂ 11 ᠰᠠᠷ᠎ᠠ ᠶᠢᠨ 8 ᠤ ᠡᠳᠦᠷ᠂ ᠱᠠᠩᠳᠤ ᠰᠢᠶᠠᠨ ︽ᠤᠷᠢᠳᠴᠢᠯᠠᠨ ᠰᠡᠷᠭᠡᠶᠢᠯᠡᠬᠦ ᠪᠠᠷ | ᠭᠤᠣᠯ ᠪᠣᠯᠭᠠᠬᠤ ᠠᠮᠢ ᠨᠠᠰᠤ ᠶᠢ ᠳᠡᠭᠡᠳᠦᠯᠡᠬᠦ︾ ᠭᠠᠯ ᠤᠨᠲᠠᠷᠠᠭᠠᠬᠤ ᠤᠬᠠᠭᠤᠯᠭ᠎ᠠ ᠶᠢᠨ ᠰᠠᠷ᠎ᠠ ᠶᠢᠨ ᠡᠬᠢᠯᠡᠯᠲᠡ ᠶᠢᠨ | ᠶᠣᠰᠣᠯᠠᠯ ᠶᠠᠪᠤᠭᠤᠯᠪᠠ᠃ | ᠡᠬᠢᠯᠡᠯᠲᠡ ᠶᠢᠨ ᠶᠣᠰᠣᠯᠠᠯ ᠳᠡᠭᠡᠷ᠎ᠡ᠂ ᠡᠷᠬᠢᠯᠡᠭᠰᠡᠨ ᠲᠠᠯ᠎ᠠ ᠶᠢᠨ ᠬᠢᠨ ᠬᠥᠨᠳᠡᠯᠡᠨ ᠪᠢᠴᠢᠭᠡᠰᠦ ᠡᠯᠭᠦᠬᠦ᠂ ᠦᠵᠡᠭᠦᠯᠭᠡ ᠶᠢᠨ | ᠰᠠᠮᠪᠠᠷ᠎ᠠ ᠪᠠᠶᠢᠷᠢᠯᠠᠭᠤᠯᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠲᠤᠬᠠᠶ ᠶᠢᠨ ᠲᠠᠯᠠᠪᠠᠢ ᠳᠤ ᠰᠡᠵᠢᠭ ᠢ | ᠬᠠᠷᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠨ᠂ ᠤᠯᠠᠨ ᠲᠦᠮᠡᠨ ᠳᠤ ᠭᠠᠯ ᠤᠨᠲᠠᠷᠠᠭᠠᠬᠤ ᠮᠡᠳᠡᠯᠭᠡ ᠶᠢ ᠤᠬᠠᠭᠤᠯᠪᠠ᠃ | ᠡᠭᠦᠨ ᠤ ᠬᠠᠮᠲᠤ᠂ ᠱᠠᠩᠳᠤ ᠰᠢᠶᠠᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠠᠵᠢᠯᠲᠠᠳ ᠪᠠᠰᠠ ᠭᠠᠯ | ᠤᠨᠲᠠᠷᠠᠭᠠᠬᠤ ᠪᠠᠭᠠᠵᠢ ᠬᠡᠷᠡᠭᠰᠡᠯ ᠤᠨ ᠠᠵᠢᠯᠯᠠᠬᠤ ᠠᠷᠭ᠎ᠠ ᠶᠢ ᠣᠯᠠᠨ ᠳᠤ ᠲᠠᠶᠢᠯᠪᠤᠷᠢᠯᠠᠨ ᠥᠭᠭᠦᠭᠰᠡᠨ ᠪᠥᠭᠡᠳ ᠣᠯᠠᠨ | ᠲᠦᠮᠡᠨ ᠢ ᠤᠷᠢᠵᠤ ᠲᠤᠬᠠᠶ ᠶᠢᠨ ᠲᠠᠯᠠᠪᠤᠷ ᠲᠤ ᠣᠶᠢᠯᠠᠭᠠᠭᠤᠯᠵᠤ᠂ ᠣᠯᠠᠨ ᠲᠦᠮᠡᠨ ᠢ ᠪᠠᠴᠢᠮ ᠪᠠᠶᠢᠳᠠᠯ ᠢ ᠠᠷᠭᠠᠴᠠᠬᠤ ᠤᠷ᠎ᠠ | ᠴᠢᠳᠠᠪᠤᠷᠢ ᠶᠢ ᠥᠴᠦᠬᠡᠨ ᠴᠦ ᠵᠠᠶ ᠥᠬᠡᠶ ᠰᠤᠷᠤᠯᠴᠠᠭᠤᠯᠵᠤ᠂ ᠤᠬᠠᠭᠤᠯᠭ᠎ᠠ ᠶᠢᠨ ᠭᠦᠨ ᠵᠤᠵᠠᠭᠠᠨ ᠠᠭᠤᠷ ᠠᠮᠢᠰᠬᠤᠯ ᠢ | ᠤᠯᠠᠮ ᠨᠢᠭᠡ ᠠᠯᠬᠤᠮ ᠪᠣᠶ ᠪᠣᠯᠭᠠᠪᠠ᠃ | ᠡᠭᠦᠨ ᠠᠴᠠ ᠡᠮᠦᠨ᠎ᠡ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠪᠠᠰᠠ ᠱᠠᠩᠳᠤ ᠰᠢᠶᠠᠨ ᠤ ᠾᠧᠩ ᠲᠠᠢ | ᠰᠢᠲᠠᠮᠠᠬᠠᠶ ᠬᠡᠶ ᠶᠢᠨ ᠥᠷᠲᠡᠭᠡ ᠳᠤ ᠬᠦᠷᠴᠦ᠂ ᠠᠵᠢᠯᠲᠠᠳ ᠲᠤ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢ | ᠤᠬᠠᠭᠤᠯᠵᠤ᠂ ᠰᠢᠲᠠᠮᠠᠬᠠᠶ ᠬᠡᠶ ᠶᠢᠨ ᠠᠮᠤᠷ ᠲᠦᠪᠰᠢᠨ ᠤ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠦᠨ᠂ ᠭᠠᠯ ᠤᠨᠲᠠᠷᠠᠭᠠᠬᠤ | ᠠᠮᠤᠷ ᠲᠦᠪᠰᠢᠨ ᠤ ᠪᠣᠯᠪᠠᠰᠤᠷᠠᠭᠤᠯᠤᠯ ᠪᠠ ᠪᠠᠴᠢᠮ ᠪᠠᠶᠢᠳᠠᠯ ᠢ ᠠᠷᠭᠠᠴᠠᠨ ᠲᠠᠷᠬᠠᠭᠠᠬᠤ ᠰᠣᠷᠢᠯᠲᠠ ᠶᠢ ᠥᠷᠨᠢᠭᠦᠯᠵᠦ᠂ ᠪᠥᠬᠦ | ᠰᠢᠶᠠᠨ ᠤ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠦᠨᠡᠨ ᠬᠦ | ᠪᠠᠲᠤᠯᠠᠪᠠ᠃ | ᠪᠢᠳᠡ 119 ᠭᠠᠯ ᠤᠨᠲᠠᠷᠠᠭᠠᠬᠤ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠶᠢ ᠥᠷᠨᠢᠭᠦᠯᠬᠦ ᠨᠢ ᠥᠷᠭᠡᠨ ᠣᠯᠠᠨ | ᠠᠷᠠᠳ ᠲᠦᠮᠡᠨ ᠤ ᠭᠠᠯ ᠤᠨᠲᠠᠷᠠᠭᠠᠬᠤ ᠠᠮᠤᠷ ᠲᠦᠪᠰᠢᠨ ᠢ ᠠᠩᠬᠠᠷᠬᠤ᠂ ᠭᠠᠯ ᠤᠨᠲᠠᠷᠠᠭᠠᠬᠤ ᠮᠡᠳᠡᠯᠭᠡ ᠶᠢ ᠰᠤᠷᠤᠯᠴᠠᠬᠤ᠂ | ᠭᠠᠯ ᠤᠨᠲᠠᠷᠠᠭᠠᠬᠤ ᠠᠵᠢᠯ ᠳᠤ ᠣᠷᠣᠯᠴᠠᠬᠤ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠬᠥᠭᠵᠢᠭᠡᠵᠦ᠂ ᠠᠮᠤᠷ | ᠠᠮᠤᠭᠤᠯᠠᠩ ᠱᠠᠩᠳᠤ ᠶᠢ ᠪᠦᠲᠦᠭᠡᠨ ᠪᠠᠶᠢᠭᠤᠯᠬᠤ ᠳᠤ ᠥᠪᠡᠷ ᠤᠨ ᠬᠦᠴᠦᠨ ᠴᠢᠳᠠᠯ ᠢᠶᠠᠨ ᠡᠷᠭᠦᠬᠦ ᠶᠢᠨ ᠲᠥᠯᠥᠭᠡ ᠶᠤᠮ᠃ | | | | | | | | ᠣᠷᠴᠢᠭᠤᠯᠣᠭᠴᠢ᠄ ᠬᠠᠨᠠᠭᠠᠷ | ᠬᠢᠨᠠᠭᠴᠢ᠄ ᠬᠠᠨᠠᠭᠠᠷ | |