ᠱᠠᠩᠳᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠢᠷᠢ ᠲᠡᠩᠴᠡᠬᠦ ᠦᠭᠡᠢ ᠢᠳᠡᠭᠡᠨ ᠢ ᠬᠢᠨᠠᠨ ᠪᠠᠶᠢᠴᠠᠭᠠᠵᠤ ᠰᠢᠢᠳᠪᠦᠷᠢᠯᠡᠭᠰᠡᠨ ᠪᠠᠶᠢᠳᠠᠯ ᠤᠨ ᠲᠤᠬᠠᠢ ᠮᠡᠳᠡᠭᠳᠡᠯ ︵ᠠᠷᠪᠠ︶
ᠨᠡᠶᠢᠲᠡᠯᠡᠭᠰᠡᠨ ᠴᠠᠭ᠄
2024/11/12
   ᠡᠳᠦᠭᠡ ᠥᠪᠥᠷ ᠮᠣᠩᠭᠤᠯ ᠤᠨ ᠬᠤᠩ ᠹᠦ᠋ ᠰᠢᠶᠠᠩ ᠠᠮᠤ ᠲᠣᠰᠣ ᠠᠷᠠᠯᠵᠢᠶ᠎ᠠ ᠬᠤᠳᠠᠯᠳᠤᠭᠠᠨ ᠤ ᠬᠢᠵᠠᠭᠠᠷᠲᠤ ᠺᠣᠮᠫᠠᠨᠢ ᠶᠢᠨ ᠰᠤᠭᠤᠴᠢᠨ ᠪᠠᠶᠢᠴᠠᠭᠠᠬᠤ ᠳᠤ ᠬᠢᠷᠢ ᠲᠡᠩᠴᠡᠬᠦ ᠦᠭᠡᠢ ᠢᠳᠡᠭᠡᠨ ᠢ ᠬᠠᠷᠭᠤᠭᠤᠯᠤᠨ ᠪᠠᠶᠢᠴᠠᠭᠠᠵᠤ ᠰᠢᠢᠳᠪᠦᠷᠢᠯᠡᠭᠰᠡᠨ ᠪᠠᠶᠢᠳᠠᠯ ᠤᠨ ᠲᠤᠬᠠᠢ ᠵᠠᠷᠯᠠᠯ ᠨᠢ ᠳᠣᠣᠷᠠᠬᠢ ᠮᠡᠲᠦ ᠵᠠᠷᠯᠠᠶ᠎ᠠ᠄    1. ᠰᠤᠭᠤᠴᠢᠨ ᠪᠠᠶᠢᠴᠠᠭᠠᠭᠰᠠᠨ ᠦᠨᠳᠦᠰᠦᠨ ᠪᠠᠶᠢᠳᠠᠯ    ᠵᠠᠭᠪᠤᠷ ᠤᠨ ᠨᠡᠷᠡᠶᠢᠳᠦᠯ᠄ ᠢᠳᠡᠰᠢᠨ ᠤ ᠤᠷᠭᠤᠮᠠᠯ ᠤᠨ ᠲᠣᠬᠢᠷᠠᠭᠤᠯᠤᠯᠲᠠ ᠪᠠ ᠲᠣᠰᠣ︔ ᠲᠠᠸᠠᠷ ᠤᠨ ᠲᠡᠮᠳᠡᠭ ᠄ ᠫᠠᠨ ᠲᠤᠤ ᠢᠦᠶ︔ ᠦᠢᠯᠡᠳᠪᠦᠷᠢᠯᠡᠭᠰᠡᠨ ᠡᠳᠦᠷ ᠬᠤᠭᠤᠴᠠᠭ᠎ᠠ᠄ 2024 ᠣᠨ ᠤ 5 ᠰᠠᠷ᠎ᠠ ᠶᠢᠨ 15 ᠤ ᠡᠳᠦᠷ ︔ ᠬᠡᠪ ᠪᠠᠷᠢᠮᠵᠢᠶ᠎ᠠ ᠬᠡᠯᠪᠡᠷᠢ ᠮᠠᠶ᠋ᠢᠭ᠄ 10L / ᠰᠠᠭᠤᠯᠠᠭ᠎ᠠ᠄ ᠦᠯᠢᠭᠡᠷ ᠠᠪᠬᠤ ᠰᠠᠭᠤᠷᠢ ᠲᠤᠭ᠎ᠠ᠄ 2 ᠰᠠᠭᠤᠯᠠᠭ᠎ᠠ︔ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠥᠬᠡᠶ ᠲᠥᠷᠥᠯ ᠵᠦᠢᠯ᠄ ᠪᠤᠨᠽᠢᠨ ᠤ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠥᠬᠡᠶ ᠲᠥᠷᠥᠯ ᠵᠦᠢᠯ᠄ GB2762 - 2022 ᠣᠨ ᠤ ︽ᠢᠳᠡᠭᠡᠨ ᠤ ᠠᠮᠤᠷ ᠲᠦᠪᠰᠢᠨ ᠤ ᠤᠯᠤᠰ ᠤᠨ ᠪᠠᠷᠢᠮᠵᠢᠶᠠᠲᠤ ᠢᠳᠡᠭᠡᠨ ᠤ ᠪᠣᠬᠢᠷᠲᠤᠯ ᠪᠣᠳᠠᠰ ᠤᠨ ᠬᠡᠮᠵᠢᠶ᠎ᠡ ᠶᠢ ᠬᠢᠵᠠᠭᠠᠷᠯᠠᠬᠤ︾ ᠱᠠᠭᠠᠷᠳᠠᠯᠭ᠎ᠠ ᠳᠤ ᠨᠡᠶᠢᠴᠡᠬᠦ ᠥᠬᠡᠶ᠂ ᠠᠭᠤᠰᠤᠮᠠᠯ ᠡᠳ᠋ ᠤᠨ ᠦᠯᠡᠳᠡᠭᠳᠡᠯ ᠤᠨ ᠬᠡᠮᠵᠢᠶ᠎ᠡ ᠶᠢᠨ ᠲᠥᠷᠥᠯ ᠵᠦᠢᠯ ᠨᠢ GB2716 - 2018 ᠣᠨ ᠤ ︽ᠢᠳᠡᠭᠡᠨ ᠤ ᠠᠮᠤᠷ ᠲᠦᠪᠰᠢᠨ ᠤ ᠤᠯᠤᠰ ᠤᠨ ᠪᠠᠷᠢᠮᠵᠢᠶᠠᠲᠤ ᠤᠷᠭᠤᠮᠠᠯ ᠤᠨ ᠲᠣᠰᠣ︾ ᠶᠢᠨ ᠱᠠᠭᠠᠷᠳᠠᠯᠭ᠎ᠠ ᠳᠤ ᠨᠡᠶᠢᠴᠡᠬᠦ ᠥᠬᠡᠶ︔ ᠰᠢᠯᠭᠠᠨ ᠪᠠᠶᠢᠴᠠᠭᠠᠬᠤ ᠪᠠᠶᠢᠭᠤᠯᠤᠮᠵᠢ᠄ ᠬᠤᠸᠠ ᠬᠡᠮᠵᠢᠨ ᠪᠠᠶᠢᠴᠠᠭᠠᠵᠤ ᠭᠡᠷᠡᠴᠢᠯᠡᠬᠦ ᠪᠦᠯᠦᠭᠯᠡᠯ ᠤᠨ ᠪᠡᠭᠡᠵᠢᠩ ᠤᠨ ᠬᠢᠵᠠᠭᠠᠷᠲᠤ ᠺᠣᠮᠫᠠᠨᠢ᠃    2. ᠬᠢᠷᠢ ᠲᠡᠩᠴᠡᠬᠦ ᠦᠭᠡᠶ ᠢᠳᠡᠭᠡᠨ ᠢ ᠰᠢᠶ᠋ᠳᠪᠦᠷᠢᠯᠡᠭᠰᠡᠨ ᠪᠠᠶᠢᠳᠠᠯ    ᠥᠪᠥᠷ ᠮᠣᠩᠭᠤᠯ ᠤᠨ ᠬᠤᠩ ᠹᠦ᠋ ᠰᠢᠶᠠᠩ ᠠᠮᠤ ᠪᠤᠳᠠᠭ᠎ᠠ ᠲᠣᠰᠣ ᠠᠷᠠᠯᠵᠢᠶ᠎ᠠ ᠬᠤᠳᠠᠯᠳᠤᠭᠠᠨ ᠤ ᠬᠢᠵᠠᠭᠠᠷᠲᠤ ᠺᠣᠮᠫᠠᠨᠢ 2024 ᠣᠨ ᠤ 5 ᠰᠠᠷ᠎ᠠ ᠶᠢᠨ 15 ᠤ ᠡᠳᠦᠷ ᠦᠢᠯᠡᠳᠪᠦᠷᠢᠯᠡᠭᠰᠡᠨ ᠬᠡᠪ ᠪᠠᠷᠢᠮᠵᠢᠶ᠎ᠠ ᠬᠡᠯᠪᠡᠷᠢ ᠮᠠᠶ᠋ᠢᠭ ᠨᠢ 10 ᠯᠢᠳ᠋ᠷ / ᠰᠠᠭᠤᠯᠠᠭ᠎ᠠ ᠢᠳᠡᠰᠢᠨ ᠤ ᠤᠷᠭᠤᠮᠠᠯ ᠤᠨ ᠲᠣᠬᠢᠷᠠᠭᠤᠯᠤᠯᠲᠠ ᠪᠠ ᠲᠤᠰᠤᠯᠢᠭ ᠠᠵᠤ ᠠᠬᠤᠶ ᠶᠢᠨ ᠢᠳᠡᠭᠡᠨ ᠤ ᠠᠮᠤᠷ ᠲᠦᠪᠰᠢᠨ ᠤ ᠬᠢᠨᠠᠯᠲᠠ ᠪᠠᠶᠢᠴᠠᠭᠠᠯᠲᠠ ᠶᠢᠨ ᠪᠧᠨ᠋ᠽᠧᠨ ᠤ ᠲᠡᠷᠡᠴᠢᠯᠡᠨ ︹a︺ 2022 ᠣᠨ ᠤ ︽ᠢᠳᠡᠭᠡᠨ ᠤ ᠠᠮᠤᠷ ᠲᠦᠪᠰᠢᠨ ᠤ ᠤᠯᠤᠰ ᠤᠨ ᠪᠠᠷᠢᠮᠵᠢᠶᠠᠲᠤ ᠤᠷᠭᠤᠮᠠᠯ ᠤᠨ ᠲᠣᠰᠣ︾ ᠶᠢᠨ ᠱᠠᠭᠠᠷᠳᠠᠯᠭ᠎ᠠ ᠵᠢᠴᠢ ᠠᠭᠤᠰᠤᠮᠠᠯ ᠡᠳ᠋ ᠤᠨ ᠦᠯᠡᠳᠡᠭᠳᠡᠯ ᠤᠨ ᠬᠡᠮᠵᠢᠶ᠎ᠡ ᠶᠢᠨ ᠲᠥᠷᠥᠯ ᠵᠦᠢᠯ ᠨᠢ GB276-2018 ᠣᠨ ᠤ ︽ᠢᠳᠡᠭᠡᠨ ᠤ ᠠᠮᠤᠷ ᠲᠦᠪᠰᠢᠨ ᠤ ᠤᠯᠤᠰ ᠤᠨ ᠪᠠᠷᠢᠮᠵᠢᠶᠠᠲᠤ ᠤᠷᠭᠤᠮᠠᠯ ᠤᠨ ᠲᠣᠰᠣ︾ ᠶᠢᠨ ᠱᠠᠭᠠᠷᠳᠠᠯᠭ᠎ᠠ ᠳᠤ ᠨᠡᠶᠢᠴᠡᠬᠦ ᠥᠬᠡᠶ ᠪᠠᠶᠢᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾ ᠶᠢᠨ ᠭᠤᠴᠢᠨ ᠳᠥᠷᠪᠡᠳᠦᠭᠡᠷ ᠵᠦᠢᠯ ᠤᠨ ᠬᠤᠶᠠᠳᠤᠭᠠᠷ ᠵᠤᠷᠪᠤᠰ ᠪᠠ ᠬᠤᠶᠠᠳᠤᠭᠠᠷ ᠵᠤᠷᠪᠤᠰ ᠤᠨ ᠲᠣᠭᠲᠠᠭᠠᠯ ᠢ ᠦᠨᠳᠦᠰᠦᠯᠡᠨ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾ ᠶᠢᠨ ᠭᠤᠴᠢᠨ ᠬᠤᠶᠠᠳᠤᠭᠠᠷ ᠵᠦᠢᠯ ᠤᠨ ᠨᠢᠭᠡᠳᠦᠭᠡᠷ ᠵᠦᠢᠯ᠂ ᠬᠤᠶᠠᠳᠤᠭᠠᠷ ᠵᠦᠢᠯ᠂ ᠭᠤᠷᠪᠠᠨ ᠵᠤᠷᠪᠤᠰ ᠲᠠᠢ ᠬᠠᠷᠢᠴᠠᠭᠤᠯᠵᠤ᠂ ᠲᠤᠬᠠᠶ ᠶᠢᠨ ᠬᠥᠮᠦᠨ ᠳᠤ ᠳᠣᠣᠷᠠᠬᠢ ᠮᠡᠲᠦ ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠲᠠᠰᠤᠯᠤᠯᠲᠠ ᠶᠢᠨ ᠡᠷᠬᠡ ᠶᠢᠨ ᠬᠡᠷᠡᠭᠯᠡᠭᠡᠨ ᠤ ᠳᠦᠷᠢᠮ︾ ᠤᠨ ᠠᠷᠪᠠᠨ ᠳᠥᠷᠪᠡᠳᠦᠭᠡᠷ ᠵᠦᠢᠯ ᠤᠨ ᠨᠢᠭᠡᠳᠦᠭᠡᠷ᠂ ᠬᠤᠶᠠᠳᠤᠭᠠᠷ᠂ ᠭᠤᠷᠪᠠᠨ ᠵᠦᠢᠯ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠲᠠᠰᠤᠯᠤᠯᠲᠠ ᠶᠢᠨ ᠡᠷᠬᠡ ᠶᠢᠨ ᠬᠡᠷᠡᠭᠯᠡᠭᠡᠨ ᠤ ᠳᠦᠷᠢᠮ︾ ᠤᠨ ᠠᠷᠪᠠᠨ ᠳᠥᠷᠪᠡᠳᠦᠭᠡᠷ ᠵᠦᠢᠯ ᠤᠨ ᠨᠢᠭᠡᠳᠦᠭᠡᠷ᠂ ᠬᠤᠶᠠᠳᠤᠭᠠᠷ᠂ ᠭᠤᠷᠪᠠᠨ ᠵᠦᠢᠯ ᠪᠠᠶᠢᠵᠤ᠂ ᠲᠤᠬᠠᠢ ᠶᠢᠨ ᠬᠥᠮᠥᠨ ᠳᠤ ᠦᠢᠯᠡᠳᠪᠦᠷᠢᠯᠡᠭᠰᠡᠨ ᠪᠠᠷᠢᠮᠵᠢᠶ᠎ᠠ ᠬᠡᠯᠪᠡᠷᠢ ᠮᠠᠶ᠋ᠢᠭ ᠨᠢ GB2762-2022 ᠣᠨ ᠤ ︽ᠢᠳᠡᠭᠡᠨ ᠤ ᠠᠮᠤᠷ ᠲᠦᠪᠰᠢᠨ ᠤ ᠤᠯᠤᠰ ᠤᠨ ᠪᠠᠷᠢᠮᠵᠢᠶᠠᠲᠤ ᠢᠳᠡᠭᠡᠨ ᠤ ᠪᠣᠬᠢᠷ ᠪᠣᠳᠠᠰ ᠤᠨ ᠬᠢᠵᠠᠭᠠᠷᠯᠠᠯ︾ ᠤᠨ ᠱᠠᠭᠠᠷᠳᠠᠯᠭ᠎ᠠ ᠳᠤ ᠨᠡᠶᠢᠴᠡᠬᠦ ᠦᠭᠡᠢ ᠠᠵᠢᠯᠯᠠᠭ᠎ᠠ ᠶᠢ ᠵᠣᠭᠤᠰ ᠢᠶᠠᠷ ᠲᠣᠷᠭᠠᠵᠠᠶ᠃ ᠲᠣᠷᠭᠠᠵᠤ ᠬᠤᠷᠢᠶᠠᠭᠰᠠᠨ ᠵᠣᠭᠤᠰ ᠢ ᠨᠡᠢᠲᠡ ᠠᠷᠠᠳ ᠤᠨ ᠵᠣᠭᠤᠰ ᠢᠶᠠᠷ ᠨᠢᠭᠡ ᠲᠦᠮᠡᠨ ᠯᠦ ᠴᠢᠶᠠᠨ ᠴᠢ ᠪᠠᠢ ︵16700.00︶ ᠲᠥᠭᠦᠷᠢᠭ ᠤᠯᠤᠰ ᠤᠨ ᠬᠥᠮᠥᠷᠭᠡ ᠳᠤ ᠲᠤᠱᠢᠶᠠᠨ᠎ᠠ᠃    3. ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠵᠢᠴᠢ ᠳᠠᠬᠢᠨ ᠪᠠᠶᠢᠴᠠᠭᠠᠭᠰᠠᠨ ᠪᠠᠶᠢᠳᠠᠯ    ᠥᠪᠥᠷ ᠮᠣᠩᠭᠤᠯ ᠤᠨ ᠬᠤᠩ ᠹᠦ᠋ ᠰᠢᠶᠠᠩ ᠠᠮᠤ ᠲᠣᠰᠣ ᠠᠷᠠᠯᠵᠢᠶ᠎ᠠ ᠬᠤᠳᠠᠯᠳᠤᠭᠠᠨ ᠤ ᠬᠢᠵᠠᠭᠠᠷᠲᠤ ᠺᠣᠮᠫᠠᠨᠢ ᠨᠢᠭᠡᠨᠲᠡ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠴᠡᠭᠴᠡᠯᠡᠨ ᠰᠠᠶᠢᠵᠢᠷᠠᠭᠤᠯᠬᠤ ᠮᠡᠳᠡᠭᠦᠯᠦᠯᠲᠡ ᠳᠡᠪᠰᠢᠭᠦᠯᠪᠡ᠃ ᠬᠢᠨᠠᠨ ᠬᠠᠮᠢᠶᠠᠷᠬᠤ ᠰᠠᠯᠠᠭ᠎ᠠ ᠮᠥᠴᠢᠷ ᠨᠢᠭᠡᠨᠲᠡ ᠲᠡᠭᠦᠨ ᠤ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠠᠬᠢᠨ ᠪᠠᠶᠢᠴᠠᠭᠠᠵᠤ ᠰᠢᠯᠭᠠᠨ ᠠᠪᠤᠪᠠ᠃    ᠡᠭᠦᠨ ᠤ ᠲᠤᠯᠠ ᠣᠨᠴᠠᠭᠠᠶᠢᠯᠠᠨ ᠵᠠᠷᠯᠠᠪᠠ    ᠱᠠᠩᠳᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ    2024 ᠣᠨ ᠤ 11 ᠰᠠᠷ᠎ᠠ ᠶᠢᠨ 12 ᠤᠨ ᠡᠳᠦᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2