ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠦᠵᠡᠯ ᠤᠬᠠᠮᠰᠠᠷ ᠢ ᠤᠯᠠᠮ ᠨᠢᠭᠡ ᠠᠯᠬᠤᠮ | ᠴᠢᠩᠭᠠᠳᠬᠠᠬᠤ ᠶᠢᠨ ᠲᠥᠯᠥᠭᠡ᠂ ᠨᠠᠮᠤᠷ ᠡᠪᠦᠯ ᠤᠨ ᠤᠯᠠᠷᠢᠯ ᠳᠤ᠂ ᠠᠭᠠᠷ ᠤᠨ ᠳᠤᠯᠠᠭᠠᠨ ᠬᠤᠪᠢᠷᠠᠯᠲᠠ ᠶᠡᠬᠡᠲᠡᠶ᠂ | ᠬᠦᠢᠲᠡᠨ ᠬᠠᠯᠠᠭᠤᠨ ᠳᠠᠬᠢᠨ ᠳᠠᠪᠲᠠᠭᠳᠠᠵᠤ᠂ ᠰᠠᠭᠤᠭᠠᠯᠢ ᠠᠷᠠᠳ ᠤᠨ ᠡᠷᠡᠭᠦᠯ ᠮᠡᠨᠳᠦ ᠶᠢ ᠬᠠᠮᠠᠭᠠᠯᠠᠵᠤ᠂ ᠬᠠᠷᠢᠶᠠᠲᠤ | ᠣᠷᠣᠨ ᠤ ᠰᠠᠭᠤᠭᠠᠯᠢ ᠠᠷᠠᠳ ᠢᠯᠠᠩᠭᠤᠶ᠎ᠠ ᠨᠠᠰᠤᠲᠠᠶᠢᠴᠤᠳ ᠤᠨ ᠬᠠᠯᠳᠠᠪᠤᠷᠢᠲᠤ ᠲᠠᠭᠰᠢᠭᠤᠷ ᠤᠨ ᠲᠤᠬᠠᠶ | ᠲᠠᠨᠢᠯᠲᠠ ᠶᠢ ᠳᠡᠭᠡᠭᠰᠢᠯᠡᠭᠦᠯᠦᠨ᠂ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠬᠤ ᠴᠢᠳᠠᠪᠤᠷᠢ ᠶᠢ ᠨᠡᠮᠡᠭᠳᠡᠭᠦᠯᠬᠦ ᠶᠢᠨ | ᠲᠥᠯᠥᠭᠡ᠂ ᠣᠶᠢᠷ᠎ᠠ ᠳᠤ᠂ ᠱᠦᠢ ᠬᠤᠢ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ | ᠦᠶ᠋ᠯᠡᠳᠦᠯᠭᠡ ᠶᠢᠨ ᠥᠷᠲᠡᠭᠡ ᠬᠠᠮᠲᠤᠷᠠᠨ ᠤᠰᠤᠨ ᠬᠤᠶᠢᠯᠠᠷᠠᠭ᠎ᠠ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ | ᠦᠶ᠋ᠯᠡᠴᠢᠯᠡᠭᠡᠨ ᠤ ᠥᠷᠲᠡᠭᠡ ᠲᠠᠢ ᠬᠠᠮᠲᠤᠷᠠᠨ ᠡᠷᠡᠭᠦᠯ ᠮᠡᠨᠳᠦ ᠶᠢᠨ ᠬᠥᠮᠦᠵᠢᠯ ᠤᠨ ᠲᠠᠶᠢᠯᠤᠮᠵᠢ ᠬᠢᠪᠠ᠃ | ᠬᠢᠴᠢᠶᠡᠯ ᠳᠡᠭᠡᠷ᠎ᠡ᠂ ᠡᠷᠡᠭᠦᠯ ᠬᠠᠮᠠᠭᠠᠯᠠᠯ ᠤᠨ ᠤᠶᠢᠯᠡᠴᠢᠯᠡᠭᠡᠨ ᠤ ᠥᠷᠲᠡᠭᠡᠨ ᠤ ᠠᠵᠢᠯᠲᠠᠳ ᠳᠥᠭᠦᠮ | ᠣᠶᠢᠯᠠᠭᠠᠮᠵᠢᠲᠠᠶ ᠦᠭᠡ ᠬᠡᠯᠡ ᠪᠠᠷ ᠣᠯᠠᠨ ᠳᠤ ᠬᠠᠯᠳᠠᠪᠤᠷᠢᠲᠤ ᠲᠠᠭᠰᠢᠭᠤᠷ ᠤᠨ ᠡᠪᠡᠳᠴᠢᠯᠡᠭᠰᠡᠨ ᠰᠢᠯᠲᠠᠭᠠᠨ᠂ | ᠬᠠᠯᠳᠠᠪᠤᠷᠢᠯᠠᠬᠤ ᠠᠷᠭ᠎ᠠ ᠵᠠᠮ ᠪᠠ ᠡᠪᠡᠳᠴᠢᠨ ᠤ ᠪᠠᠶᠢᠳᠠᠯ ᠢ ᠨᠠᠷᠢᠨ ᠲᠠᠨᠢᠯᠴᠠᠭᠤᠯᠵᠤ᠂ ᠬᠠᠯᠳᠠᠪᠤᠷᠢᠲᠤ ᠲᠠᠭᠰᠢᠭᠤᠷ | ᠪᠠ ᠡᠩ ᠤᠨ ᠲᠠᠭᠰᠢᠭᠤᠷ ᠤᠨ ᠬᠤᠭᠤᠷᠣᠨᠳᠣᠬᠢ ᠢᠯᠭᠠᠭ᠎ᠠ ᠶᠢ ᠵᠠᠳᠠᠯᠤᠭᠰᠠᠨ ᠪᠥᠭᠡᠳ ᠵᠠᠷᠢᠮ ᠬᠡᠷᠡᠭᠯᠡᠭᠡᠨ ᠤ | ᠬᠠᠯᠳᠠᠪᠤᠷᠢᠲᠤ ᠲᠠᠭᠰᠢᠭᠤᠷ ᠢ ᠰᠡᠷᠭᠡᠶᠢᠯᠡᠬᠦ ᠠᠷᠭ᠎ᠠ ᠶᠢ ᠬᠤᠪᠢᠶᠠᠯᠴᠠᠵᠤ᠂ ᠫᠷᠤᠹᠧᠰᠰᠤᠷ ᠰᠠᠭᠤᠭᠠᠯᠢ ᠠᠷᠠᠳ ᠠᠳᠠᠯᠢ | ᠪᠤᠰᠤ ᠡᠪᠡᠳᠴᠢᠨ ᠤ ᠪᠠᠶᠢᠳᠠᠯ ᠢ ᠦᠨᠳᠦᠰᠦᠯᠡᠨ ᠡᠪᠡᠳᠴᠢᠨ ᠳᠤᠨᠢ ᠲᠠᠭᠠᠷᠠᠭᠤᠯᠬᠤ ᠡᠮ ᠢ ᠰᠣᠩᠭᠤᠪᠠ᠃ ᠡᠭᠦᠨ ᠠᠴᠠ | ᠭᠠᠳᠠᠨ᠎ᠠ᠂ ᠲᠡᠷᠡ ᠪᠠᠰᠠ ᠡᠷᠡᠭᠦᠯ ᠮᠡᠨᠳᠦ ᠳᠤ ᠪᠡᠶᠡᠯᠡᠭᠦᠯᠬᠦ ᠴᠢᠬᠤᠯᠠᠲᠠᠶ ᠳᠥᠷᠪᠡᠨ ᠵᠠᠩᠭᠢᠯᠠᠭ᠎ᠠ ᠶᠢᠨ ᠬᠦᠴᠦᠨ | ᠵᠦᠶ᠋ᠯ ᠢ ᠴᠢᠬᠤᠯᠠᠴᠢᠯᠠᠪᠠ ᠃ | ᠲᠣᠰ ᠤᠳᠠᠭᠠᠨ ᠤ ᠲᠠᠶᠢᠯᠤᠮᠵᠢ ᠳᠤ 30 ᠭᠠᠷᠤᠶ ᠬᠥᠮᠦᠨ ᠣᠷᠣᠯᠴᠠᠵᠤ᠂ 89 ᠭᠠᠷᠤᠶ ᠬᠤᠪᠢ ᠮᠠᠲ᠋ᠧᠷᠢᠶᠠᠯ | ᠲᠠᠷᠬᠠᠭᠠᠵᠤ᠂ 30 ᠭᠠᠷᠤᠶ ᠬᠥᠮᠦᠨ ᠤᠳᠠᠭ᠎ᠠ ᠡᠷᠡᠭᠦᠯ ᠮᠡᠨᠳᠦ ᠶᠢᠨ ᠯᠠᠪᠯᠠᠭ᠎ᠠ ᠶᠢ ᠭᠥᠯᠢᠶᠡᠨ ᠠᠪᠴᠠᠶ᠃ ᠲᠣᠰ | ᠤᠳᠠᠭᠠᠨ ᠤ ᠲᠠᠶᠢᠯᠤᠮᠵᠢ ᠨᠢ ᠰᠠᠭᠤᠭᠠᠯᠢ ᠠᠷᠠᠳ ᠲᠤ ᠡᠪᠦᠯ ᠤᠨ ᠤᠯᠠᠷᠢᠯ ᠤᠨ ᠬᠠᠯᠳᠠᠪᠤᠷᠢᠲᠤ ᠲᠠᠭᠰᠢᠭᠤᠷ ᠢ | ᠪᠦᠲᠦᠮᠵᠢᠲᠡᠶ ᠰᠡᠷᠭᠡᠶᠢᠯᠡᠬᠦ ᠮᠡᠳᠡᠯᠭᠡ ᠶᠢ ᠭᠦᠨᠵᠡᠭᠡᠶ ᠣᠶᠢᠯᠠᠭᠠᠭᠰᠠᠨ ᠢᠶᠠᠷ ᠪᠠᠷᠠᠬᠤ ᠥᠬᠡᠶ᠂ ᠰᠠᠭᠤᠭᠠᠯᠢ ᠠᠷᠠᠳ ᠤᠨ | ᠡᠷᠡᠭᠦᠯ ᠮᠡᠨᠳᠦ ᠶᠢᠨ ᠤᠬᠠᠮᠰᠠᠷ ᠢ ᠤᠯᠠᠮ ᠨᠢᠭᠡ ᠠᠯᠬᠤᠮ ᠨᠡᠮᠡᠭᠳᠡᠭᠦᠯᠵᠡᠶ᠃ ᠵᠠᠯᠭᠠᠭᠠᠳ᠂ ᠨᠡᠶᠢᠭᠡᠮ | ᠲᠣᠭᠤᠷᠢᠭ ᠤᠨ ᠬᠢᠨ ᠦᠷᠭᠦᠯᠵᠢᠯᠡᠨ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠪᠣᠳᠠᠲᠠᠶ ᠬᠡᠷᠡᠭᠴᠡᠭᠡ ᠳᠤ | ᠰᠠᠭᠤᠷᠢᠯᠠᠨ᠂ ᠣᠯᠠᠨ ᠡᠰᠢᠵᠢᠭᠰᠡᠨ ᠡᠷᠡᠭᠦᠯ ᠮᠡᠨᠳᠦ ᠶᠢᠨ ᠮᠡᠳᠡᠯᠭᠡ ᠶᠢᠨ ᠤᠬᠠᠭᠤᠯᠭ᠎ᠠ ᠶᠢᠨ ᠠᠵᠢᠯᠯᠠᠭ᠎ᠠ ᠶᠢ | ᠥᠷᠨᠢᠭᠦᠯᠵᠦ᠂ ᠡᠷᠡᠭᠦᠯ ᠮᠡᠨᠳᠦ ᠶᠢᠨ ᠦᠢᠯᠡ ᠠᠵᠢᠯᠯᠠᠭ᠎ᠠ ᠶᠢ ᠠᠮᠢᠳᠤᠷᠠᠯ ᠳᠤ ᠣᠷᠣᠭᠤᠯᠵᠤ᠂ ᠰᠠᠭᠤᠭᠠᠯᠢ ᠠᠷᠠᠳ ᠤᠨ | ᠡᠷᠡᠭᠦᠯ ᠮᠡᠨᠳᠦ ᠶᠢ ᠬᠠᠮᠠᠭᠠᠯᠠᠬᠤ ᠪᠣᠯᠤᠨ᠎ᠠ᠃ | ᠣᠷᠴᠢᠭᠤᠯᠣᠭᠴᠢ᠄ ᠬᠠᠨᠠᠭᠠᠷ | ᠬᠢᠨᠠᠭᠴᠢ᠄ ᠬᠠᠨᠠᠭᠠᠷ |