11 ᠰᠠᠷ᠎ᠠ ᠶᠢᠨ 13 ᠤ ᠡᠳᠦᠷ᠂ ᠱᠠᠩᠳᠤ ᠰᠢᠶᠠᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ | ᠳᠤᠭᠤᠶᠢᠯᠠᠩ ᠠᠷᠪᠠᠨ ᠨᠢᠭᠡᠳᠦᠭᠡᠷ ᠰᠠᠷ᠎ᠠ ᠶᠢᠨ ᠲᠥᠪᠯᠡᠷᠡᠭᠦᠯᠦᠨ ᠰᠤᠷᠤᠯᠴᠠᠬᠤ ︵ᠥᠷᠭᠡᠳᠬᠡᠭᠰᠡᠨ︶ ᠬᠤᠷᠠᠯ | ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠪᠦᠬᠦ | ᠤᠳᠤᠷᠢᠳᠤᠯᠭ᠎ᠠ ᠬᠤᠷᠠᠯ ᠳᠤ ᠣᠷᠣᠯᠴᠠᠪᠠ᠃ ᠬᠤᠲᠠ ᠶᠢᠨ ᠨᠠᠮ ᠤᠨ ᠬᠤᠷᠢᠶᠠᠨ ᠤ ᠣᠨᠣᠯ ᠤᠨ ᠰᠤᠷᠤᠯᠴᠠᠯᠭ᠎ᠠ ᠶᠢᠨ | ᠭᠤᠣᠯ ᠳᠤᠭᠤᠢᠯᠠᠩ ᠤᠨ ᠲᠣᠭᠤᠷᠢᠨ ᠰᠣᠨᠣᠰᠬᠤ ᠰᠤᠯᠠ ᠰᠣᠨᠣᠰᠬᠤ ᠠᠵᠢᠯ ᠤᠨ ᠳᠤᠭᠤᠢᠯᠠᠩ ᠬᠤᠷᠠᠯ ᠳᠤ | ᠣᠷᠣᠯᠴᠠᠵᠤ ᠦᠨᠡᠯᠡᠯᠲᠡ ᠵᠢᠯᠣᠭᠤᠳᠤᠯᠭ᠎ᠠ ᠬᠢᠪᠡ᠃ | ᠲᠣᠰ ᠤᠳᠠᠭᠠᠨ ᠤ ᠭᠤᠤᠯ ᠳᠤᠭᠤᠶᠢᠯᠠᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠮᠡᠯ | ᠹᠷᠣᠨᠲ ᠤᠨ ᠬᠡᠯᠲᠡᠰ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠪᠠᠶ ᠴᠢᠩ ᠯᠦᠩ ᠢ ᠰᠤᠷᠤᠯᠴᠠᠨ | ᠤᠷᠢᠵᠤ ᠰᠢᠨ᠎ᠡ ᠴᠠᠭ ᠦᠶ᠎ᠡ ᠶᠢᠨ ᠨᠠᠮ ᠤᠨ ᠱᠠᠰᠢᠨ ᠰᠤᠷᠲᠠᠬᠤᠨ ᠤ ᠠᠵᠢᠯ ᠤᠨ ᠲᠣᠭᠤᠷᠢᠨ ᠳᠤ ᠲᠤᠰᠬᠠᠶ | ᠰᠡᠳᠦᠪ ᠢᠶᠠᠷ ᠬᠢᠴᠢᠶᠡᠯᠯᠡᠪᠡ᠂ ᠲᠣᠰ ᠤᠳᠠᠭᠠᠨ ᠤ ᠬᠢᠴᠢᠶᠡᠯᠯᠡᠭᠡ ᠶᠢᠨ ᠠᠮᠢᠳᠤᠯᠢᠭ ᠳᠦᠷᠢ ᠲᠥᠷᠬᠦ᠂ ᠭᠤᠤᠯᠳᠠᠯᠭ᠎ᠠ | ᠲᠣᠪᠤᠶᠢᠮ᠎ᠠ ᠪᠠᠶᠢᠵᠤ᠂ ᠣᠨᠣᠯ ᠤᠨ ᠦᠨᠳᠦᠷᠴᠡ᠂ ᠦᠵᠡᠯ ᠰᠠᠨᠠᠭᠠᠨ ᠤ ᠭᠦᠨᠴᠡ ᠲᠠᠢ ᠮᠥᠷᠲᠡᠭᠡᠨ ᠪᠠᠰᠠ ᠮᠠᠰᠢ | ᠴᠢᠩᠭ᠎ᠠ ᠬᠠᠨᠳᠤᠯᠭᠠᠲᠤ ᠴᠢᠨᠠᠷ ᠪᠠ ᠵᠢᠯᠣᠭᠤᠳᠬᠤ ᠴᠢᠨᠠᠷ ᠲᠠᠢ ᠶᠤᠮ᠃ | ᠬᠤᠲᠠ ᠶᠢᠨ ᠨᠠᠮ ᠤᠨ ᠬᠤᠷᠢᠶᠠᠨ ᠤ ᠲᠣᠭᠤᠷᠢᠨ ᠰᠣᠨᠣᠰᠬᠤ ᠰᠤᠯᠠ ᠰᠣᠨᠣᠰᠬᠤ ᠠᠵᠢᠯ ᠤᠨ ᠳᠤᠭᠤᠶᠢᠯᠠᠩ | ᠰᠢᠶᠠᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢᠨ ᠪᠠᠶᠢᠳᠠᠯ ᠢ | ᠭᠦᠢᠴᠡᠳ ᠨᠤᠲᠠᠯᠠᠵᠤ᠂ ᠲᠤᠰ ᠤᠳᠠᠭ᠎ᠠ ᠶᠢᠨ ᠰᠤᠷᠤᠯᠴᠠᠯᠭ᠎ᠠ ᠶᠢᠨ ᠪᠡᠯᠡᠳᠬᠡᠯ ᠭᠦᠢᠴᠡᠳ᠂ ᠶᠠᠪᠤᠴᠠ ᠵᠢᠷᠤᠮᠵᠢᠯ ᠲᠠᠢ᠂ | ᠰᠤᠷᠤᠯᠴᠠᠬᠤ ᠠᠭᠤᠯᠭ᠎ᠠ ᠪᠠᠶᠠᠯᠢᠭ᠂ ᠰᠠᠨᠠᠯ ᠢᠶᠠᠨ ᠰᠣᠯᠢᠯᠴᠠᠵᠤ ᠰᠤᠳᠤᠯᠤᠨ ᠶᠠᠷᠢᠯᠴᠠᠬᠤ ᠨᠢ ᠭᠦᠨᠵᠡᠭᠡᠢ ᠭᠡᠵᠦ | ᠦᠵᠡᠪᠡ᠃ ᠡᠭᠦᠨ ᠤ ᠬᠠᠮᠲᠤ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠤᠨ | ᠴᠢᠩᠭᠠᠳᠬᠠᠬᠤ ᠲᠤᠬᠠᠢ ᠵᠢᠯᠣᠭᠤᠳᠬᠤ ᠴᠢᠨᠠᠷᠲᠠᠢ ᠰᠠᠨᠠᠯ ᠰᠠᠨᠠᠭᠤᠯᠭ᠎ᠠ ᠳᠤᠷᠠᠳᠪᠠ᠃ | ᠬᠤᠷᠠᠯ ᠠᠴᠠ᠂ ᠨᠠᠮ ᠤᠨ ᠱᠠᠰᠢᠨ ᠰᠤᠷᠲᠠᠬᠤᠨ ᠤ ᠠᠵᠢᠯ ᠳᠠᠬᠢ ᠲᠥᠪᠯᠡᠷᠡᠩᠭᠦᠢ ᠨᠢᠭᠡᠳᠦᠯᠲᠡᠢ | ᠤᠳᠤᠷᠢᠳᠤᠯᠭ᠎ᠠ ᠶᠢ ᠴᠢᠩᠭᠠᠳᠬᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠶᠡᠷᠦᠩᠬᠡᠢ | ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠨᠠᠮ ᠤᠨ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠬᠦ | ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠡᠯ᠎ᠡ ᠱᠠᠳᠤ ᠡᠯ᠎ᠡ ᠰᠠᠯᠠᠭ᠎ᠠ | ᠮᠥᠴᠢᠷ ᠤᠨ ᠨᠠᠮ ᠤᠨ ᠬᠤᠷᠢᠶᠠᠨ ᠤ ᠱᠦᠵᠢ ᠱᠠᠰᠢᠨ ᠰᠤᠷᠲᠠᠬᠤᠨ ᠤ ᠠᠵᠢᠯ ᠤᠨ ᠨᠢᠭᠡᠳᠦᠭᠡᠷ ᠬᠠᠷᠢᠭᠤᠴᠠᠯᠭᠠᠲᠠᠨ ᠤ | ᠲᠤᠰᠢᠶᠠᠯ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠢᠶᠠᠨ ᠤ ᠨᠠᠮ ᠤᠨ ᠬᠤᠷᠢᠶᠠᠨ ᠤ ᠨᠢᠭᠡᠳᠦᠮᠡᠯ | ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠴᠢ ᠶᠢᠨ ᠲᠤᠰ ᠲᠤᠰ ᠤᠨ | ᠬᠠᠷᠢᠭᠤᠴᠠᠯᠭ᠎ᠠ ᠪᠠᠨ ᠭᠦᠢᠴᠡᠳᠬᠡᠬᠦ ᠶᠢ ᠠᠬᠢᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠱᠠᠰᠢᠨ ᠰᠤᠷᠲᠠᠬᠤᠨ ᠤ | ᠠᠵᠢᠯ ᠤᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ | ᠱᠠᠰᠢᠨ ᠰᠤᠷᠲᠠᠬᠤᠨ ᠤ ᠠᠵᠢᠯ ᠤᠨ ᠬᠠᠤᠯᠢ ᠪᠠᠷ ᠵᠠᠰᠠᠬᠤ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠵᠤ᠂ | ᠲᠤᠰᠬᠠᠶ ᠴᠣᠬᠢᠯᠲᠠ ᠥᠭᠬᠦ ᠪᠠ ᠪᠠᠶᠢᠩᠭᠤᠵᠢᠭᠤᠯᠤᠨ ᠬᠠᠮᠢᠶᠠᠷᠬᠤ ᠶᠢ ᠤᠶᠠᠯᠳᠤᠭᠤᠯᠬᠤ ᠶᠢ ᠪᠠᠷᠢᠮᠲᠠᠯᠠᠨ᠂ ᠪᠥᠬᠦ | ᠣᠷᠣᠨ ᠤ ᠱᠠᠰᠢᠨ ᠰᠤᠷᠲᠠᠬᠤᠨ ᠤ ᠠᠵᠢᠯ ᠢ ᠰᠢᠮᠳᠠᠭᠤᠯᠤᠨ ᠪᠠᠶᠢᠴᠠᠭᠠᠵᠤ ᠡᠷᠬᠢᠨ ᠬᠠᠷᠠᠵᠤ ᠬᠠᠷᠢᠭᠤ ᠲᠤᠰᠬᠠᠭᠰᠠᠨ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠬᠢᠵᠦ᠂ ᠪᠥᠬᠦ ᠰᠢᠶᠠᠨ ᠤ ᠱᠠᠰᠢᠨ ᠰᠤᠷᠲᠠᠬᠤᠨ ᠤ | ᠠᠵᠢᠯ ᠤᠨ ᠢᠮᠠᠭᠲᠠ ᠵᠥᠪ ᠴᠢᠭᠯᠡᠯ ᠢᠶᠠᠷ ᠬᠥᠭᠵᠢᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠱᠠᠰᠢᠨ ᠰᠤᠷᠲᠠᠬᠤᠨ ᠢ | ᠳᠤᠮᠳᠠᠳᠤ ᠤᠯᠤᠰᠴᠢᠯᠠᠬᠤ ᠴᠢᠭᠯᠡᠯ ᠢ ᠢᠮᠠᠭᠲᠠ ᠪᠠᠷᠢᠮᠲᠠᠯᠠᠵᠤ᠂ ᠨᠢᠭᠡᠳᠦᠮᠡᠯ ᠹᠷᠣᠨᠲ ᠤᠨ ᠰᠠᠯᠠᠭ᠎ᠠ ᠮᠥᠴᠢᠷ ᠤᠨ ᠬᠢᠨ | ᠲᠦᠷᠦᠭᠦᠯᠡᠨ ᠪᠦᠬᠦ ᠰᠢᠶᠠᠨ ᠤ ᠮᠠᠨ ᠤ ᠤᠯᠤᠰ ᠤᠨ ᠱᠠᠰᠢᠨ ᠰᠤᠷᠲᠠᠬᠤᠨ ᠢ ᠳᠤᠮᠳᠠᠳᠤ ᠤᠯᠤᠰᠴᠢᠯᠠᠬᠤ ᠶᠢ | ᠠᠬᠢᠭᠤᠯᠬᠤ ᠪᠣᠳᠠᠲᠠᠢ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠵᠤ᠂ ᠭᠤᠷᠪᠠᠨ ᠬᠠᠶᠢᠷ᠎ᠠ᠂ ᠲᠦᠷᠪᠡᠨ ᠲᠡᠦᠬᠡ᠂ | ᠲᠠᠪᠤᠨ ᠮᠡᠳᠡᠷᠡᠮᠵᠢ ᠪᠣᠯᠤᠨ ᠵᠢᠷᠭᠤᠭᠠᠨ ᠦᠭᠡ ᠪᠣᠳᠠᠲᠤ ᠶᠠᠪᠤᠳᠠᠯ ᠤᠨ ᠶᠣᠰᠣ ᠤᠴᠢᠷ ᠢ ᠤᠬᠠᠭᠤᠯᠤᠨ | ᠲᠠᠶᠢᠯᠪᠤᠷᠢᠯᠠᠬᠤ ᠶᠢ ᠯᠠᠪᠳᠠᠭᠤᠨ ᠪᠠᠲᠤᠲᠠᠢ ᠥᠷᠨᠢᠭᠦᠯᠵᠦ᠂ ᠱᠠᠰᠢᠨ ᠰᠢᠲᠦᠳᠡᠭ ᠬᠠᠮᠲᠤᠯᠢᠭ ᠢ ᠬᠦᠳᠦᠯᠦᠨ | ᠵᠢᠯᠣᠭᠤᠳᠴᠤ ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ ᠶᠢ | ᠬᠦᠳᠦᠯᠦᠨ ᠵᠢᠯᠣᠭᠤᠳᠴᠤ᠂ ᠱᠠᠰᠢᠨ ᠰᠤᠷᠲᠠᠬᠤᠨ ᠤ ᠡᠶ᠎ᠡ ᠵᠣᠬᠢᠴᠠᠩᠭᠤᠢ᠂ ᠨᠡᠶᠢᠭᠡᠮ ᠤᠨ ᠡᠶ᠎ᠡ ᠵᠣᠬᠢᠴᠠᠩᠭᠤᠢ | ᠰᠠᠶᠢᠨ ᠰᠠᠶᠢᠬᠠᠨ ᠬᠥᠭᠵᠢᠯᠲᠡ ᠶᠢᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ᠃ | ᠬᠤᠷᠠᠯ ᠳᠤ ᠣᠷᠣᠯᠴᠠᠭᠰᠠᠨ ᠬᠤᠯᠪᠣᠭᠳᠠᠯ ᠪᠦᠬᠦᠢ ᠨᠥᠬᠦᠳ ᠲᠤᠰᠬᠠᠢ ᠰᠡᠳᠦᠪ ᠢᠶᠠᠷ ᠰᠤᠳᠤᠯᠤᠨ ᠶᠠᠷᠢᠯᠴᠠᠵᠤ᠂ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠨᠥᠬᠦᠳ ᠬᠤᠷᠠᠯ ᠳᠤ ᠣᠷᠣᠯᠴᠠᠪᠠ᠃ | ᠣᠷᠴᠢᠭᠤᠯᠣᠭᠴᠢ᠄ ᠬᠠᠨᠠᠭᠠᠷ | ᠬᠢᠨᠠᠭᠴᠢ᠄ ᠬᠠᠨᠠᠭᠠᠷ |