11 ᠰᠠᠷ᠎ᠠ ᠶᠢᠨ 12 ᠤᠨ ᠡᠳᠦᠷ᠂ ᠱᠠᠩᠳᠤ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠸᠠᠩ ᠲᠢᠶᠠᠨ ᠢᠦᠶ ᠵᠡᠷᠭᠡ 5 ᠬᠥᠮᠦᠨ ᠠᠨ ᠭᠠᠩ | ᠪᠦᠯᠦᠭᠯᠡᠯ ᠤᠨ ᠶᠡᠷᠦᠩᠬᠡᠶ ᠡᠮᠨᠡᠯᠭᠡ ᠶᠢᠨ ᠬᠤᠷᠢᠶᠠᠨ ᠳᠤ ᠬᠦᠷᠴᠦ ᠡᠮᠴᠢᠯᠡᠭᠡᠨ ᠤ ᠬᠤᠯᠪᠣᠭᠠᠲᠤ ᠴᠣᠭᠴᠠ ᠶᠢᠨ ᠭᠡᠷ᠎ᠡ | ᠲᠣᠭᠲᠠᠬᠤ ᠶᠣᠰᠣᠯᠠᠯ ᠶᠠᠪᠤᠭᠤᠯᠪᠠ᠃ ᠲᠦᠩ ᠶᠦᠩ ᠠᠨ ᠭᠠᠩ ᠨᠠᠮ ᠤᠨ ᠬᠤᠷᠢᠶᠠᠨ ᠤ ᠳᠡᠳ᠋ ᠱᠦᠵᠢ᠂ ᠶᠡᠷᠦᠩᠬᠡᠢ | ᠳᠠᠭᠠᠭᠠᠮᠠᠯ᠂ ᠠᠨ ᠭᠠᠩ ᠪᠦᠯᠦᠭᠯᠡᠯ ᠺᠣᠮᠫᠠᠨᠢ ᠶᠢᠨ ᠶᠡᠷᠦᠩᠬᠡᠢ ᠡᠮᠨᠡᠯᠭᠡ ᠶᠢᠨ ᠬᠤᠷᠢᠶᠠᠨ ᠤ ᠨᠠᠮ ᠤᠨ ᠬᠤᠷᠢᠶᠠᠨ ᠤ | ᠱᠦᠵᠢ ᠯᠢᠦ ᠰᠢᠨ᠂ ᠲᠦᠩ ᠶᠦᠩ ᠠᠨ ᠭᠠᠩ ᠳᠡᠳ᠋ ᠶᠡᠷᠦᠩᠬᠡᠢ ᠳᠠᠭᠠᠭᠠᠮᠠᠯ᠂ ᠠᠨ ᠭᠠᠩ ᠪᠦᠯᠦᠭᠯᠡᠯ ᠺᠣᠮᠫᠠᠨᠢ ᠶᠢᠨ | ᠶᠡᠷᠦᠩᠬᠡᠢ ᠡᠮᠨᠡᠯᠭᠡ ᠶᠢᠨ ᠬᠤᠷᠢᠶᠠᠨ ᠤ ᠳᠠᠷᠤᠭ᠎ᠠ ᠯᠢᠦ ᠰᠢᠨ ᠨᠡᠷ ᠶᠣᠰᠣᠯᠠᠯ ᠳᠤ ᠣᠷᠣᠯᠴᠠᠪᠠ᠃ | ᠶᠠᠷᠢᠯᠴᠠᠬᠤ ᠬᠤᠷᠠᠯ ᠳᠡᠭᠡᠷ᠎ᠡ᠂ ᠬᠤᠶᠠᠷ ᠲᠠᠯ᠎ᠠ ᠶᠢᠨ ᠤᠳᠤᠷᠢᠳᠤᠯᠭ᠎ᠠ ᠡᠪᠡᠳᠴᠢᠨ ᠡᠮᠭᠡᠭ ᠢ ᠤᠷᠢᠳᠴᠢᠯᠠᠨ | ᠰᠡᠷᠭᠡᠶᠢᠯᠡᠬᠦ᠂ ᠣᠨᠣᠰᠢᠯᠠᠨ ᠡᠮᠨᠡᠬᠦ᠂ ᠴᠢᠳᠠᠪᠤᠷᠢᠲᠠᠨ ᠢ ᠬᠥᠮᠦᠵᠢᠭᠦᠯᠬᠦ᠂ ᠡᠮᠴᠢᠯᠡᠭᠡᠨ ᠤ ᠰᠤᠳᠤᠯᠭᠠᠨ᠂ ᠡᠬᠢ | ᠪᠠᠶᠠᠯᠢᠭ ᠢ ᠬᠠᠮᠲᠤ ᠪᠠᠷ ᠡᠳ᠋ᠯᠡᠬᠦ ᠵᠡᠷᠭᠡ ᠤᠯᠠᠨ ᠲᠠᠯ᠎ᠠ ᠪᠠᠷ ᠰᠠᠨᠠᠯ ᠢᠶᠠᠨ ᠰᠣᠯᠢᠯᠴᠠᠬᠤ ᠶᠢᠨ ᠬᠠᠮᠲᠤ ᠬᠠᠮᠲᠤ ᠶᠢᠨ | ᠲᠠᠨᠢᠯᠲᠠ ᠲᠠᠢ ᠪᠤᠯᠵᠤ᠂ ᠦᠨᠳᠦᠰᠦᠨ ᠱᠠᠲᠤᠨ ᠳᠤ ᠠᠩᠬ᠎ᠠ ᠣᠨᠣᠰᠢᠯᠠᠬᠤ᠂ ᠳᠡᠭᠡᠳᠦ ᠲᠤᠤᠷᠠᠳᠤ ᠱᠠᠳᠤ ᠪᠠᠷ ᠢᠶᠠᠨ | ᠬᠤᠯᠪᠣᠭᠠᠯᠠᠨ ᠬᠥᠳᠡᠯᠦᠯᠴᠡᠬᠦ᠂ ᠬᠤᠣᠰ ᠴᠢᠭᠯᠡᠯ ᠢᠶᠠᠷ ᠰᠢᠯᠵᠢᠭᠦᠯᠦᠨ ᠡᠮᠨᠡᠭᠦᠯᠬᠦ ᠶᠢ ᠱᠠᠳᠤ ᠬᠤᠪᠢᠶᠠᠨ ᠣᠨᠣᠰᠢᠯᠠᠨ | ᠡᠮᠨᠡᠬᠦ ᠵᠠᠭᠪᠤᠷ ᠢ ᠪᠡᠶᠡᠯᠡᠭᠦᠯᠪᠡ | ᠵᠠᠯᠭᠠᠭᠠᠳ ᠯᠢᠦ ᠰᠢᠨ ᠪᠣᠯᠤᠨ ᠴᠦ᠋ ᠶᠢᠨ ᠭᠦᠸᠧ ᠲᠣᠰ ᠲᠣᠰ ᠬᠤᠶᠠᠷ ᠲᠠᠯ᠎ᠠ ᠶᠢᠨ ᠡᠮᠨᠡᠯᠭᠡ ᠶᠢᠨ ᠬᠤᠷᠢᠶ᠎ᠠ ᠶᠢ | ᠲᠥᠯᠥᠭᠡᠯᠡᠨ ᠡᠮᠴᠢᠯᠡᠭᠡᠨ ᠤ ᠬᠤᠯᠪᠣᠭᠠᠲᠤ ᠴᠣᠭᠴᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠪᠠ᠃ | ᠳᠠᠷᠠᠭ᠎ᠠ ᠨᠢ᠂ ᠯᠢᠦ ᠰᠢᠨ ᠵᠡᠷᠭᠡ ᠡᠮᠨᠡᠯᠭᠡ ᠶᠢᠨ ᠬᠤᠷᠢᠶᠠᠨ ᠤ ᠤᠳᠤᠷᠢᠳᠤᠯᠭ᠎ᠠ ᠶᠢᠨ ᠪᠠᠷ᠎ᠠ ᠪᠤᠯᠤᠯᠭ᠎ᠠ ᠪᠠᠷ᠂ | ᠤᠯᠠᠨ ᠢᠶᠠᠷ ᠢᠶᠠᠨ ᠲᠦᠷᠭᠡᠨ ᠡᠮᠴᠢᠯᠡᠭᠡ - ᠲᠠᠷᠢᠬᠢᠨ ᠤ ᠡᠮᠨᠡᠯᠭᠡ ᠶᠢᠨ ᠬᠤᠷᠢᠶ᠎ᠠ᠂ ᠰᠤᠷᠢᠨᠵᠢᠨ ᠴᠤᠤᠷᠢᠶᠠᠳᠤᠯ᠂ CT | ᠲᠠᠰᠤᠭ ᠵᠡᠷᠭᠡ ᠶᠢ ᠲᠣᠭᠤᠷᠢᠨ ᠦᠵᠡᠪᠡ᠃ | ᠣᠷᠴᠢᠭᠤᠯᠣᠭᠴᠢ᠄ ᠬᠠᠨᠠᠭᠠᠷ | ᠬᠢᠨᠠᠭᠴᠢ᠄ ᠬᠠᠨᠠᠭᠠᠷ |