ᠴᠢ ᠲᠠᠢ ᠪᠠᠯᠭᠠᠰᠤᠨ ᠤ ᠶᠢᠨ ᠰᠠᠨ ᠵᠢᠶᠣᠣ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠲᠡᠭᠡ ︽ᠣᠷᠴᠢᠨ ᠲᠣᠭᠤᠷᠢᠨ ᠤ ᠬᠠᠮᠠᠭᠠᠯᠠᠯᠲᠠ ᠶᠢ ᠪᠢ ᠬᠢᠵᠦ᠂ ᠰᠠᠶᠢᠨ ᠳᠤᠷ᠎ᠠ ᠠᠴᠠ ᠪᠠᠨ ᠤᠷᠢᠳᠠᠪᠠᠷ ᠬᠡᠷᠡᠭᠵᠢᠭᠦᠯᠬᠦ - ᠪᠣᠬᠢᠷᠲᠤᠯ ᠦᠭᠡᠢ ᠨᠡᠶᠢᠭᠡᠮ ᠲᠣᠭᠤᠷᠢᠭ ᠢ ᠬᠠᠮᠲᠤᠪᠠᠷ ᠪᠠᠶᠢᠭᠤᠯᠬᠤ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ
ᠨᠡᠶᠢᠲᠡᠯᠡᠭᠰᠡᠨ ᠴᠠᠭ᠄
2024/11/19
   11 ᠰᠠᠷ᠎ᠠ ᠶᠢᠨ 19 ᠤ ᠡᠳᠦᠷ ᠤᠨ ᠦᠳᠡ ᠶᠢᠨ ᠡᠮᠦᠨᠡᠬᠢ ᠵᠢᠨᠰᠠᠨ ᠨᠡᠶᠢᠭᠡᠮ ᠲᠣᠭᠤᠷᠢᠭ ᠤᠨ ᠰᠠᠶᠢᠨ ᠳᠤᠷ᠎ᠠ ᠶᠢᠨ ᠠᠵᠢᠯᠯᠠᠭᠴᠢ ᠶᠢᠨ ᠡᠩᠨᠡᠭᠡ ᠨᠢᠭᠡ ᠤᠳᠠᠭᠠᠨ ᠤ ᠤᠳᠬ᠎ᠠ ᠠᠭᠤᠯᠭ᠎ᠠ ᠲᠠᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯᠯᠠᠭ᠎ᠠ ᠥᠷᠨᠢᠭᠦᠯᠵᠦ᠂ ᠲᠡᠳᠡ ᠰᠠᠶᠢᠨ ᠳᠤᠷ᠎ᠠ ᠠᠴᠠ ᠪᠠᠨ ᠵᠣᠬᠢᠶᠠᠨ ᠪᠠᠶᠢᠭᠤᠯᠵᠤ᠂ ᠨᠡᠶᠢᠭᠡᠮ ᠲᠣᠭᠤᠷᠢᠭ ᠤᠨ ᠡᠷᠬᠢᠨ ᠲᠣᠭᠤᠷᠢᠨ ᠤ ᠬᠡᠭᠡᠷ᠎ᠡ ᠭᠠᠳᠠᠨ᠎ᠠ ᠭᠠᠵᠠᠷ ᠣᠷᠣᠨ ᠢ ᠲᠦᠢᠯᠪᠤᠷᠢᠲᠠᠶ ᠴᠡᠪᠡᠷᠯᠡᠬᠦ ᠠᠵᠢᠯ ᠬᠢᠵᠡᠶ᠃ ᠡᠨᠡ ᠤᠳᠠᠭᠠᠨ ᠤ ᠠᠵᠢᠯᠯᠠᠭ᠎ᠠ ᠨᠢ ᠣᠷᠴᠢᠨ ᠲᠣᠭᠤᠷᠢᠨ ᠢ ᠭᠤᠶᠣᠯᠠᠭᠰᠠᠨ ᠢᠶᠠᠷ ᠪᠠᠷᠠᠬᠤ ᠦᠭᠡᠶ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠣᠷᠴᠢᠨ ᠲᠣᠭᠤᠷᠢᠨ ᠢ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠵᠡᠶ᠃    ᠠᠵᠢᠯᠯᠠᠭ᠎ᠠ ᠶᠢᠨ ᠳᠤᠮᠳᠠ᠂ ᠰᠠᠶᠢᠨ ᠳᠤᠷ᠎ᠠ ᠶᠢᠨ ᠦᠢᠯᠡᠴᠢᠯᠡᠭᠴᠢᠳ ᠶᠠᠳᠠᠷᠠᠯ ᠵᠦᠳᠡᠷᠡᠯ ᠠᠴᠠ ᠠᠶᠤᠬᠤ ᠦᠭᠡᠢ᠂ ᠲᠡᠳᠡ ᠬᠤᠭ ᠨᠣᠪᠰᠢ ᠶᠢᠨ ᠤᠭᠤᠲᠠ ᠪᠠ ᠬᠠᠪᠬᠠᠨ ᠤ ᠭᠠᠷ ᠪᠠᠷᠢᠵᠤ ᠬᠤᠭ ᠨᠣᠪᠰᠢ ᠶᠢ ᠨᠠᠷᠢᠨ ᠨᠢᠮᠪᠠᠶ ᠲᠡᠭᠦᠵᠦ ᠪᠠᠶᠢᠯ᠎ᠠ᠂ ᠳᠠᠯᠳᠠ ᠡᠪᠡᠰᠦᠨ ᠪᠤᠳᠠ ᠪᠤᠶᠤ ᠪᠤᠶᠢᠳᠠ ᠪᠥᠭᠯᠡᠭᠦᠤ ᠥᠨᠴᠥᠭ ᠪᠤᠯᠤᠩ ᠳᠤ ᠴᠤ ᠭᠡᠰᠡᠨ ᠴᠥᠮ ᠲᠠᠯᠪᠢᠵᠤ ᠭᠠᠷᠬᠤ ᠦᠭᠡᠢ᠃ ᠲᠡᠳᠡᠨ ᠤ ᠠᠵᠢᠯᠯᠠᠭ᠎ᠠ ᠨᠢ ᠣᠷᠴᠢᠨ ᠲᠣᠭᠤᠷᠢᠨ ᠢ ᠴᠡᠪᠡᠷᠰᠢᠭᠦᠯᠦᠭᠰᠡᠨ ᠢᠶᠠᠷ ᠪᠠᠷᠠᠬᠤ ᠥᠬᠡᠶ ᠪᠠᠰᠠ ᠪᠠᠶᠢᠭᠠᠯᠢ ᠶᠢ ᠬᠠᠮᠠᠭᠠᠯᠠᠬᠤ ᠴᠢᠬᠤᠯᠠ ᠮᠡᠳᠡᠭᠡ ᠵᠠᠩᠭᠢ ᠶᠢ ᠳᠠᠮᠵᠢᠭᠤᠯᠵᠠᠶ᠃    ᠡᠨᠡ ᠤᠳᠠᠭᠠᠨ ᠤ ᠠᠵᠢᠯᠯᠠᠭ᠎ᠠ ᠨᠢ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠥᠷᠭᠡᠨ ᠳᠡᠮᠵᠢᠯᠭᠡ ᠪᠠ ᠮᠠᠭᠲᠠᠭᠠᠯ ᠰᠠᠶᠢᠰᠢᠶᠠᠯ ᠢ ᠣᠯᠵᠤ᠂ ᠰᠠᠶᠢᠨ ᠳᠤᠷ᠎ᠠ ᠶᠢᠨ ᠠᠵᠢᠯᠯᠠᠭᠴᠢᠳ ᠤᠨ ᠴᠢᠷᠮᠠᠶᠢᠯᠭ᠎ᠠ ᠶᠢ ᠳᠡᠭᠡᠳᠦ ᠬᠡᠮᠵᠢᠶ᠎ᠡ ᠪᠠᠷ ᠦᠨᠡᠯᠡᠵᠦ᠂ ᠮᠠᠰᠢ ᠣᠯᠠᠨ ᠬᠥᠮᠦᠰ ᠰᠠᠶᠢᠨ ᠳᠤᠷ᠎ᠠ ᠶᠢᠨ ᠠᠵᠢᠯᠯᠠᠭᠴᠢ ᠶᠢᠨ ᠡᠩᠨᠡᠭᠡᠨ ᠳᠤ ᠣᠷᠣᠵᠤ᠂ ᠭᠡᠷ ᠣᠷᠣᠨ ᠢᠶᠠᠨ ᠬᠠᠮᠠᠭᠠᠯᠠᠬᠤ ᠳᠤ ᠥᠪᠡᠷ ᠤᠨ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠬᠤ ᠪᠠᠨ ᠢᠯᠡᠳᠬᠡᠪᠡ᠃ ᠪᠠᠰᠠ ᠨᠡᠩ ᠣᠯᠠᠨ ᠰᠠᠭᠤᠭᠠᠯᠢ ᠠᠷᠠᠳ ᠤᠨ ᠣᠷᠴᠢᠨ ᠠᠬᠤᠶ ᠶᠢᠨ ᠬᠠᠮᠠᠭᠠᠯᠠᠯᠲᠠ ᠶᠢᠨ ᠠᠵᠢᠯᠯᠠᠭ᠎ᠠ ᠳᠤ ᠣᠷᠣᠯᠴᠠᠬᠤ ᠶᠢ ᠵᠣᠷᠢᠭᠵᠢᠭᠤᠯᠤᠭᠰᠠᠨ ᠪᠠᠶᠢᠨ᠎ᠠ᠃ ᠣᠷᠴᠢᠭᠤᠯᠣᠭᠴᠢ᠄  ᠬᠠᠨᠠᠭᠠᠷ ᠬᠢᠨᠠᠭᠴᠢ᠄ ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2