11 ᠰᠠᠷ᠎ᠠ ᠶᠢᠨ 19 ᠤ ᠡᠳᠦᠷ᠂ ᠲᠦᠨ ᠺᠧᠨ ᠳ᠋ᠦᠢ ᠪᠠᠯᠭᠠᠰᠤᠨ ᠤ ᠲᠠᠪᠤᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠵᠢᠷᠭᠤᠳᠤᠭᠠᠷ ᠬᠤᠷᠠᠯᠳᠤᠭᠠᠨ ᠪᠠᠯᠭᠠᠰᠤᠨ ᠤ ᠵᠠᠰᠠᠭ ᠤᠨ ᠣᠷᠳᠣᠨ ᠤ | ᠬᠤᠷᠠᠯ ᠤᠨ ᠭᠡᠷ ᠲᠤ ᠬᠤᠷᠠᠯᠳᠤᠪᠠ᠃ ᠲᠣᠰ ᠤᠳᠠᠭᠠᠨ ᠤ ᠶᠡᠭᠡ ᠬᠤᠷᠠᠯ ᠳᠤ ᠣᠷᠣᠯᠴᠠᠬᠤ ᠶᠣᠰᠣᠲᠠᠶ ᠲᠥᠯᠥᠭᠡᠯᠡᠭᠴᠢ | 67 ᠬᠥᠮᠦᠨ᠂ ᠪᠣᠳᠠᠲᠠᠶ ᠣᠷᠣᠯᠴᠠᠭᠰᠠᠨ ᠲᠥᠯᠥᠭᠡᠯᠡᠭᠴᠢ 62 ᠬᠥᠮᠦᠨ᠂ ᠣᠷᠣᠯᠴᠠᠭᠰᠠᠨ ᠲᠥᠯᠥᠭᠡᠯᠡᠭᠴᠢ | ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠨ᠎ᠡ᠃ ᠰᠢᠶᠠᠨ ᠤ ᠨᠠᠮ ᠤᠨ ᠬᠤᠷᠢᠶᠠᠨ ᠤ ᠵᠣᠬᠢᠶᠠᠨ | ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ ᠯᠢ ᠶᠢᠩ ᠨᠡᠷ ᠬᠤᠷᠠᠯ ᠳᠤ ᠣᠷᠣᠯᠴᠠᠨ ᠵᠢᠭᠠᠨ ᠵᠢᠯᠣᠭᠤᠳᠴᠤ᠂ ᠶᠡᠭᠡ | ᠬᠤᠷᠠᠯ ᠢ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠯᠢᠶᠠᠩ ᠵᠢᠤᠸᠠᠨ ᠵᠢᠤᠸᠠᠨ ᠡᠷᠭᠢᠯᠡᠪᠡ᠃ | ᠶᠡᠭᠡ ᠬᠤᠷᠠᠯ ᠠᠴᠠ ︽ᠠᠲᠠᠷ ᠬᠠᠭᠠᠯᠪᠤᠷᠢᠯᠠᠯᠲᠠ ᠶᠢᠨ ᠠᠩᠭᠢ ᠪᠠᠯᠭᠠᠰᠤᠨ ᠤ ᠠᠷᠠᠳ ᠤᠨ ᠵᠠᠰᠠᠭ ᠤᠨ | ᠣᠷᠳᠣᠨ ᠤ ᠠᠵᠢᠯ ᠤᠨ ᠮᠡᠳᠡᠭᠦᠯᠦᠯᠲᠡ︾᠂ ︽ᠠᠲᠠᠷ ᠬᠠᠭᠠᠯᠪᠤᠷᠢᠯᠠᠯᠲᠠ ᠶᠢᠨ ᠠᠩᠭᠢ ᠪᠠᠯᠭᠠᠰᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠠᠵᠢᠯ ᠤᠨ ᠮᠡᠳᠡᠭᠦᠯᠦᠯᠲᠡ︾᠂ ︽ | ᠠᠷᠠᠳ ᠤᠨ ᠲᠥᠯᠥᠭᠡᠯᠡᠭᠴᠢᠳ ᠤᠨ ᠡᠭᠦᠷᠭᠡ ᠲᠤᠰᠢᠶᠠᠯ ᠢᠶᠠᠨ ᠭᠦᠢᠴᠡᠳᠭᠡᠭᠰᠡᠨ ᠮᠡᠳᠡᠭᠦᠯᠦᠯᠲᠡ︾᠂ ︽2024 | ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠬᠡᠷᠡᠭᠵᠢᠭᠦᠯᠦᠭᠰᠡᠨ ᠪᠠᠶᠢᠳᠠᠯ ᠤᠨ | ᠮᠡᠳᠡᠭᠦᠯᠦᠯᠲᠡ︾ ᠪᠣᠯᠤᠨ ︽ᠠᠲᠠᠷ ᠬᠠᠭᠠᠯᠪᠤᠷᠢᠯᠠᠯᠲᠠ ᠶᠢᠨ ᠠᠩᠭᠢ ᠪᠠᠯᠭᠠᠰᠤᠨ ᠤ ᠤᠯᠤᠰ ᠤᠨ ᠭᠠᠵᠠᠷ ᠰᠢᠷᠣᠶ ᠶᠢᠨ | ᠣᠷᠣᠨ ᠵᠠᠶ ᠶᠢᠨ ᠶᠡᠷᠦᠩᠬᠡᠶ ᠲᠥᠯᠥᠪᠵᠢᠭᠦᠯᠭᠡ ︵2021 - 2035 ᠣᠨ︶︾ ᠶᠢ ᠰᠣᠨᠣᠰᠴᠤ ᠬᠢᠨᠠᠨ ᠵᠥᠪᠯᠡᠵᠦ | ᠪᠠᠲᠤᠯᠠᠪᠠ᠃ ᠡᠭᠦᠨ ᠤ ᠬᠠᠮᠲᠤ᠂ ᠶᠡᠭᠡ ᠬᠤᠷᠠᠯ ᠬᠠᠤᠯᠢ ᠳᠤ ᠲᠣᠭᠲᠠᠭᠠᠭᠰᠠᠨ ᠳᠡᠰ ᠳᠠᠷᠠᠭᠠᠯᠠᠯ ᠶᠣᠰᠣᠭᠠᠷ᠂ ᠵᠠᠩ | ᠴᠢᠩ ᠨᠥᠬᠦᠷ ᠢ ᠠᠳᠠᠷ ᠬᠠᠭᠠᠯᠪᠤᠷᠢᠯᠠᠬᠤ ᠠᠩᠭᠢ ᠶᠢᠨ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ | ᠪᠠᠯᠭᠠᠰᠤᠨ ᠤ ᠳᠠᠷᠤᠭ᠎ᠠ ᠪᠠᠷ ᠰᠣᠩᠭᠤᠪᠠ᠃ ᠰᠣᠩᠭᠤᠭᠳᠠᠭᠰᠠᠨ ᠤ ᠲᠠᠷᠠᠭ᠎ᠠ᠂ ᠵᠠᠩ ᠴᠢᠩ ᠨᠥᠬᠦᠷ ᠦᠨᠳᠦᠰᠦᠨ | ᠬᠠᠤᠯᠢ ᠳᠤ ᠲᠠᠩᠭᠠᠷᠢᠭᠯᠠᠪᠠ᠃ | ᠶᠡᠭᠡ ᠬᠤᠷᠠᠯ ᠠᠴᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠪᠣᠯᠤᠨ ᠪᠦᠬᠦ | ᠪᠠᠯᠭᠠᠰᠤᠨ ᠤ ᠨᠥᠬᠦᠳ ᠨᠠᠮ ᠤᠨ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠵᠤ᠂ ᠬᠦᠴᠦ ᠪᠠᠨ ᠬᠠᠮᠲᠤᠳᠬᠠᠨ ᠪᠦᠬᠦ | ᠪᠠᠯᠭᠠᠰᠤᠨ ᠤ ᠬᠥᠭᠵᠢᠯᠲᠡ ᠶᠢ ᠠᠬᠢᠭᠤᠯᠬᠤ ᠬᠡᠷᠡᠭᠲᠡᠢ︔ ᠤᠯᠠᠨ ᠲᠦᠮᠡᠨ ᠲᠠᠢ ᠨᠢᠭᠲᠠ ᠬᠠᠷᠢᠯᠴᠠᠵᠤ ᠦᠢᠯᠡᠴᠢᠯᠡᠵᠦ᠂ | ᠠᠷᠠᠳ ᠤᠨ ᠲᠥᠯᠥᠭᠡ ᠪᠤᠶᠠᠨ ᠵᠢᠷᠭᠠᠯ ᠢ ᠬᠥᠭᠡᠭᠡᠴᠡᠯᠳᠦᠬᠦ ᠶᠢ ᠴᠥᠬᠦᠷᠡᠰᠢ ᠦᠭᠡᠢ ᠪᠠᠷᠢᠮᠲᠠᠯᠠᠬᠤ ᠬᠡᠷᠡᠭᠲᠡᠢ︔ | ᠲᠥᠯᠥᠭᠡᠯᠡᠭᠴᠢᠳ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ | ᠬᠡᠷᠡᠭᠯᠡᠨ ᠲᠤᠰ ᠪᠡᠶ᠎ᠡ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠣᠯᠤᠨ ᠠᠵᠢᠯ ᠤᠨ | ᠲᠦᠪᠰᠢᠨ ᠢᠶᠠᠨ ᠳᠡᠭᠡᠭᠰᠢᠯᠡᠭᠦᠯᠬᠦ ᠬᠡᠷᠡᠭᠲᠡᠢ᠃ | ᠶᠡᠭᠡ ᠬᠤᠷᠠᠯ ᠠᠴᠠ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ | ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠭᠤᠣᠯ ᠰᠢᠵᠢᠮ ᠪᠣᠯᠭᠠᠵᠤ᠂ ᠰᠢᠶᠠᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠪᠣᠯᠤᠨ ᠪᠠᠯᠭᠠᠰᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ | ᠡᠷᠴᠢ ᠵᠣᠷᠢᠭ ᠢᠶᠠᠨ ᠬᠥᠪᠴᠢᠯᠡᠵᠦ᠂ ᠡᠷᠡᠯᠬᠡᠭᠯᠡᠨ ᠤᠷᠤᠭᠰᠢᠯᠠᠵᠤ᠂ ᠰᠢᠨ᠎ᠡ ᠴᠠᠭ ᠦᠶ᠎ᠡ ᠶᠢᠨ ᠠᠳᠠᠷ | ᠬᠠᠭᠠᠯᠪᠤᠷᠢᠯᠠᠯᠲᠠ ᠶᠢᠨ ᠠᠩᠬᠢ ᠶᠢᠨ ᠪᠠᠯᠭᠠᠰᠤ ᠶᠢᠨ ᠴᠣ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠦ | ᠴᠢᠬᠤᠯᠠᠴᠢᠯᠠᠪᠠ᠃ |