︽ᠤᠭ ᠰᠠᠨᠠᠭ᠎ᠠ ᠪᠠᠨ ᠦᠯᠦ ᠮᠠᠷᠲᠠᠵᠤ ᠨᠠᠮ ᠤᠨ ᠠᠴᠢ ᠶᠢ ᠮᠠᠭᠲᠠᠨ ᠨᠠᠮ ᠢᠶᠠᠨ ᠮᠠᠭᠲᠠᠨ ︿ᠲᠤᠯᠤᠭᠠᠨ ᠰᠠᠷ᠎ᠠ ᠶᠢᠨ ᠨᠢᠭᠡᠨ﹀ ᠤ ᠡᠳᠦᠷ ᠢ ᠤᠭᠲᠤᠶ᠎ᠠ︾ - ᠳ᠋ᠠ ᠾᠧᠢ ᠱᠠ ᠲᠦᠢ ᠪᠠᠯᠭᠠᠰᠤ ︽ᠲᠤᠯᠤᠭᠠᠨ ᠰᠠᠷ᠎ᠠ ᠶᠢᠨ ᠨᠢᠭᠡᠨ︾ ᠤ ᠰᠢᠷᠢᠰ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2024/11/20
  ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 103 ᠵᠢᠯ ᠤᠨ ᠤᠢ ᠶᠢ ᠪᠡᠯᠭᠡᠯᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠨᠠᠮ ᠤᠨ ᠭᠡᠰᠢᠭᠦᠨ ᠺᠠᠳ᠋ᠷᠴᠤᠳ ᠢ ᠬᠦᠳᠦᠯᠦᠨ ᠵᠢᠯᠣᠭᠤᠳᠴᠤ ᠪᠠᠶᠢᠭᠠᠳ ᠡᠷᠡᠰ ᠭᠤᠶᠢᠪᠢᠰᠢ ᠦᠭᠡᠢ ᠪᠠᠷ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠬᠤ ᠪᠠᠷ ᠭᠤᠶᠢᠪᠢᠰᠢ ᠦᠭᠡᠢ ᠪᠠᠷᠢᠮᠲᠠᠯᠠᠵᠤ᠂ ᠶᠡᠭᠡ ᠾᠧᠢ ᠱᠠ ᠲᠤ ᠪᠠᠯᠭᠠᠰᠤ ᠶᠢᠨ ᠬᠢᠨ ᠠᠭᠤᠯᠭ᠎ᠠ ᠪᠠᠷ ᠪᠠᠶᠠᠯᠢᠭ ᠂ ᠬᠡᠯᠪᠡᠷᠢ ᠤᠯᠠᠨ ᠶᠠᠩᠵᠤ ᠶᠢᠨ ᠪᠡᠯᠭᠡᠯᠡᠬᠦ ᠠᠵᠢᠯᠯᠠᠭ᠎ᠠ ᠶᠢ ᠥᠷᠨᠢᠭᠦᠯᠪᠡ᠃    ᠨᠢᠭᠡ᠂ ᠬᠡᠪᠰᠢᠭᠰᠡᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠨ᠎ᠡ᠃    ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ︾ ᠢ ᠦᠷᠭᠦᠯᠵᠢᠯᠡᠨ ᠭᠦᠨᠵᠡᠭᠡᠶ ᠰᠤᠷᠤᠯᠴᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶ ᠥᠷᠨᠢᠭᠦᠯᠵᠦ᠂ ᠰᠡᠷᠡᠮᠵᠢᠯᠡᠭᠦᠯᠬᠦ ᠬᠥᠮᠦᠵᠢᠯ ᠢ ᠴᠢᠩᠭᠠᠳᠬᠠᠵᠤ᠂ ᠨᠠᠮ ᠤᠨ ᠭᠡᠰᠢᠭᠦᠨ ᠢ ᠬᠥᠲᠥᠯᠦᠨ ᠵᠢᠯᠣᠭᠤᠳᠴᠤ ᠪᠠᠶᠢᠭᠠᠳ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠤᠯᠤᠰ ᠲᠥᠷᠥ ᠶᠢᠨ ᠬᠡᠪ ᠴᠢᠨᠠᠷ ᠢ ᠪᠤᠢ ᠪᠣᠯᠭᠠᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠲᠠᠰᠤᠷᠠᠯᠲᠠ ᠥᠬᠡᠶ ᠬᠤᠪᠢᠷᠠᠭᠤᠯᠬᠤ ᠶᠢ ᠳᠥᠯᠭᠢᠨ ᠠᠬᠢᠭᠤᠯᠬᠤ ᠶᠢᠨ ᠲᠥᠯᠥᠭᠡ᠂ ᠳ᠋ᠠ ᠾᠧᠢ ᠱᠠ ᠲᠦ᠋ ᠪᠠᠯᠭᠠᠰᠤᠨ ᠤ ᠪᠠᠶᠢᠭᠤᠯᠤᠯᠭ᠎ᠠ ᠶᠢᠨ ᠨᠠᠮ ᠤᠨ ᠡᠭᠦᠷ ᠤᠨ ᠨᠠᠮ ᠤᠨ ᠭᠡᠰᠢᠭᠦᠨ ᠱᠠᠩᠳᠤ ᠰᠢᠶᠠᠨ ᠤ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠰᠡᠷᠡᠮᠵᠢᠯᠡᠭᠦᠯᠬᠦ ᠬᠥᠮᠦᠵᠢᠯ ᠤᠨ ᠰᠠᠭᠤᠷᠢᠨ ᠭᠠᠵᠠᠷ ᠲᠤ ᠬᠦᠷᠴᠦ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠬᠠᠢ ᠶᠢᠨ ᠲᠠᠯᠠᠪᠠᠢ ᠶᠢᠨ ᠵᠢᠭᠠᠨ ᠰᠤᠷᠭᠠᠯᠲᠠ ᠶᠢ ᠥᠷᠨᠢᠭᠦᠯᠪᠡ᠃    ᠨᠠᠮ ᠤᠨ ᠭᠡᠰᠢᠭᠦᠨ ᠢ ᠤᠯᠠᠮ ᠨᠢᠭᠡ ᠠᠯᠬᠤᠮ ᠬᠥᠲᠥᠯᠥᠨ ᠵᠢᠯᠣᠭᠤᠳᠴᠤ ᠬᠦᠰᠡᠯᠡᠩ ᠢᠲᠡᠭᠡᠯ ᠪᠢᠰᠢᠷᠡᠯ ᠢ ᠨᠢ ᠪᠠᠲᠤᠳᠬᠠᠵᠤ᠂ ᠨᠠᠮᠴᠢ ᠴᠢᠨᠠᠷ ᠤᠨ ᠬᠥᠮᠦᠵᠢᠯ ᠢ ᠥᠷᠨᠢᠭᠦᠯᠬᠦ ᠶᠢᠨ ᠲᠥᠯᠥᠭᠡ᠂ ᠨᠠᠮ ᠤᠨ ᠭᠡᠰᠢᠭᠦᠨ ᠢ ᠵᠣᠬᠢᠶᠠᠨ ᠪᠠᠶᠢᠭᠤᠯᠵᠤ ᠨᠠᠮ ᠳᠤ ᠣᠷᠣᠬᠤ ᠲᠠᠩᠭᠠᠷᠢᠭ ᠤᠨ ᠦᠭᠡ ᠶᠢ ᠳᠠᠬᠢᠨ ᠡᠷᠭᠢᠴᠡᠭᠦᠯᠪᠡ᠃ ᠪᠦᠬᠦ ᠨᠠᠮ ᠤᠨ ᠭᠡᠰᠢᠭᠦᠨ ᠲᠠᠩᠭᠠᠷᠢᠭᠯᠠᠭᠴᠢ ᠶᠢᠨ ᠳᠠᠭᠠᠭᠤᠯᠭ᠎ᠠ ᠳᠣᠣᠷ᠎ᠠ᠂ ᠨᠠᠮ ᠤᠨ ᠲᠤᠭ ᠲᠤ ᠬᠠᠨᠳᠤᠵᠤ᠂ ᠪᠠᠷᠠᠭᠤᠨ ᠨᠢᠳᠤᠷᠭ᠎ᠠ ᠪᠠᠨ ᠥᠨᠳᠥᠷ ᠮᠠᠨᠳᠤᠭᠤᠯᠵᠤ᠂ ᠲᠠᠩᠭᠠᠷᠢᠭ ᠤᠨ ᠦᠭᠡᠰ ᠢᠶᠠᠨ ᠲᠠᠬᠢᠨ ᠰᠠᠨᠠᠭᠠᠯᠵᠠᠵᠤ᠂ ᠲᠥᠪ ᠴᠢᠩᠭ᠎ᠠ ᠪᠠᠷ ᠲᠠᠩᠭᠠᠷᠢᠭᠯᠠᠪᠠ᠃ ᠡᠷᠡᠰ ᠪᠠᠲᠤ ᠲᠠᠩᠭᠠᠷᠢᠭ ᠨᠢ᠂ ᠤᠭ ᠰᠠᠨᠠᠭ᠎ᠠ ᠪᠠᠨ ᠦᠯᠦ ᠮᠠᠷᠲᠠᠵᠤ᠂ ᠨᠠᠮ ᠤᠨ ᠭᠡᠰᠢᠭᠦᠳ ᠤᠨ ᠨᠠᠮ ᠤᠨ ᠦᠢᠯᠡᠰ ᠤᠨ ᠲᠥᠯᠥᠭᠡ ᠨᠠᠰᠤᠨ ᠲᠤᠷᠰᠢᠳᠠ ᠲᠡᠮᠡᠴᠡᠬᠦ ᠵᠣᠷᠢᠭ ᠢᠶᠠᠨ ᠢᠯᠡᠳᠬᠡᠪᠡ᠃ ᠨᠠᠮ ᠤᠨ ᠭᠡᠰᠢᠭᠦᠳ ᠤᠨ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠠᠷᠢᠭᠤᠨ ᠴᠢᠬᠡᠴᠢ ᠪᠠᠶᠢᠬᠤ ᠡᠷᠡᠰ ᠪᠠᠲᠤ ᠢᠲᠡᠭᠡᠯ ᠵᠣᠷᠢᠭ ᠢᠶᠠᠨ ᠤᠯᠠᠮ ᠨᠢᠭᠡ ᠠᠯᠬᠤᠮ ᠪᠠᠲᠤᠳᠬᠠᠬᠤ ᠶᠢ ᠵᠣᠷᠢᠭᠵᠢᠭᠤᠯᠤᠨ᠎ᠠ᠃    ᠬᠤᠶᠠᠷ᠂ ︽ᠱᠦᠵᠢ ᠨᠠᠮ ᠤᠨ ᠬᠢᠴᠢᠶᠡᠯ ᠵᠢᠭᠠᠬᠤ︾ ᠠᠵᠢᠯᠯᠠᠭ᠎ᠠ ᠥᠷᠨᠢᠭᠦᠯᠪᠡ    ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ︾ ᠢ ᠭᠦᠨᠵᠡᠭᠡᠶ ᠰᠤᠷᠤᠯᠴᠠᠬᠤ ᠶᠢᠨ ᠲᠥᠯᠥᠭᠡ᠂ ᠳ᠋ᠠ ᠾᠧᠢ ᠱᠠ ᠲᠤ ᠪᠠᠯᠭᠠᠰᠤ ︽ᠨᠠᠮ ᠤᠨ ᠰᠠᠬᠢᠯᠭ᠎ᠠ ᠪᠠᠲᠤ ᠶᠢ ᠡᠷᠬᠢᠮᠯᠡᠬᠦ ᠰᠤᠷᠤᠯᠴᠠᠯᠭ᠎ᠠ ᠬᠥᠮᠦᠵᠢᠯ ᠤᠨ ᠲᠤᠰᠬᠠᠢ ᠰᠡᠳᠦᠪᠲᠦ ᠨᠠᠮ ᠤᠨ ᠬᠢᠴᠢᠶᠡᠯ︾ ᠤᠨ ᠠᠵᠢᠯᠯᠠᠭ᠎ᠠ ᠥᠷᠨᠢᠭᠦᠯᠪᠡ᠃ ᠨᠠᠮ ᠤᠨ ᠬᠤᠷᠢᠶᠠᠨ ᠤ ᠱᠦᠵᠢ ᠶᠠᠨ ᠦ᠋ ᠪᠥᠸᠧ ᠨᠥᠬᠦᠷ ᠤᠯᠠᠨ ᠢ ᠳᠠᠭᠠᠭᠤᠯᠤᠨ ᠨᠠᠮ ᠳᠤ ᠣᠷᠣᠬᠤ ᠲᠠᠩᠭᠠᠷᠢᠭ ᠤᠨ ᠦᠭᠡ ᠶᠢ ᠲᠠᠬᠢᠨ ᠡᠷᠭᠢᠴᠡᠭᠦᠯᠦᠭᠰᠡᠨ ᠪᠥᠭᠡᠳ ︽ᠲᠡᠮᠦᠷ ᠮᠡᠲᠦ ᠰᠠᠬᠢᠯᠭ᠎ᠠ ᠪᠠᠲᠤ ᠶᠢ ᠪᠠᠲᠤ ᠴᠢᠩᠭ᠎ᠠ ᠪᠠᠷᠢᠮᠲᠠᠯᠠᠵᠤ ᠪᠠᠲᠤ ᠴᠢᠩᠭ᠎ᠠ ᠬᠡᠪ ᠰᠤᠷᠲᠠᠯ ᠢᠶᠠᠷ ᠰᠠᠬᠢᠯᠭ᠎ᠠ ᠪᠠᠲᠤ ᠶᠢ ᠲᠣᠳᠤ ᠪᠠᠲᠤ ᠪᠠᠬᠢ ᠬᠤᠰᠢᠭᠤᠴᠢ ᠴᠡᠷᠢᠭ ᠢ ᠰᠠᠶᠢᠲᠤᠷ ᠬᠢᠬᠦ︾ ᠭᠡᠬᠦ ᠭᠤᠣᠯ ᠰᠡᠳᠦᠪ ᠢᠶᠠᠷ ᠪᠦᠬᠦ ᠨᠠᠮ ᠤᠨ ᠭᠡᠰᠢᠭᠦᠨ ᠺᠠᠳ᠋ᠷᠴᠤᠳ ᠲᠤ ᠠᠮᠢᠳᠤᠯᠢᠭ ᠰᠠᠶᠢᠬᠠᠨ ᠨᠠᠮ ᠤᠨ ᠬᠢᠴᠢᠶᠡᠯ ᠤᠷᠤᠪᠠ᠃    ᠠᠷᠢᠭᠤᠨ ᠴᠢᠬᠡᠴᠢ ᠪᠠᠶᠢᠬᠤ ᠪᠣᠯ ᠨᠠᠮᠴᠢ ᠴᠢᠨᠠᠷ ᠢ ᠪᠠᠷᠢᠮᠲᠠᠯᠠᠬᠤ ᠰᠠᠭᠤᠷᠢ ᠮᠥᠨ᠂ ᠺᠠᠳ᠋ᠷ ᠤᠨ ᠬᠥᠮᠦᠨ ᠪᠣᠯᠬᠤ ᠢᠲᠡᠭᠡᠯ ᠵᠣᠷᠢᠭ᠂ ᠠᠵᠢᠯ ᠶᠠᠪᠤᠳᠠᠯ ᠬᠢᠬᠦ ᠬᠠᠲᠠᠭᠤ ᠰᠤᠷᠲᠠᠯ᠂ ᠨᠣᠶᠠᠨ ᠰᠠᠭᠤᠬᠤ ᠲᠥᠪ ᠰᠤᠷᠲᠠᠯ ᠮᠥᠨ᠃ ᠡᠨᠡ ᠤᠳᠠᠭ᠎ᠠ ᠶᠢᠨ ᠨᠠᠮ ᠤᠨ ᠬᠢᠴᠢᠶᠡᠯ ᠢᠶᠠᠷ ᠳᠠᠮᠵᠢᠭᠤᠯᠤᠨ᠂ ᠨᠠᠮ ᠤᠨ ᠭᠡᠰᠢᠭᠦᠨ ᠺᠠᠳ᠋ᠷᠴᠤᠳ ᠤᠨ ᠠᠵᠢᠯ ᠤᠨ ᠪᠠᠶᠢᠷᠢ ᠶᠢᠨ ᠲᠤᠰᠢᠶᠠᠯ ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ᠂ ᠠᠵᠢᠯ ᠤᠨ ᠪᠠᠶᠢᠷᠢ ᠪᠠᠨ ᠬᠠᠶᠢᠷᠠᠯᠠᠨ ᠦᠢᠯᠡᠰ ᠢᠶᠠᠨ ᠳᠡᠭᠡᠳᠦᠯᠡᠵᠦ᠂ ᠠᠮᠢ ᠪᠡᠶ᠎ᠡ ᠪᠠᠨ ᠪᠤᠳᠤᠵᠦ ᠨᠡᠶᠢᠲᠡ ᠶᠢᠨ ᠲᠥᠯᠥᠭᠡ ᠵᠢᠳᠬᠦᠵᠦ᠂ ᠰᠠᠬᠢᠯᠭ᠎ᠠ ᠪᠠᠲᠤ ᠬᠠᠤᠯᠢ ᠴᠠᠭᠠᠵᠠ ᠶᠢ ᠵᠢᠷᠤᠮᠯᠠᠨ ᠰᠠᠬᠢᠵᠤ᠂ ᠠᠵᠢᠯ ᠤᠨ ᠪᠠᠶᠢᠷᠢ ᠶᠢᠨ ᠲᠤᠰᠢᠶᠠᠯ ᠬᠠᠷᠢᠭᠤᠴᠠᠯᠭ᠎ᠠ ᠪᠠᠨ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠭᠦᠢᠴᠡᠳᠬᠡᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠬᠤ ᠶᠢ ᠬᠦᠳᠦᠯᠦᠨ ᠵᠢᠯᠣᠭᠤᠳᠪᠠ᠃ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2