ᠳ᠋ᠠ ᠾᠧᠢ ᠱᠠ ᠲᠦ᠋ ᠪᠠᠯᠭᠠᠰᠤ ︽ᠢᠷᠠᠭᠤ ᠠᠯᠳᠠᠷᠲᠠᠢ ᠪᠠᠷ ᠨᠠᠮ ᠳᠤ 50 ᠵᠢᠯ ᠪᠣᠯᠤᠭᠰᠠᠨ︾ ᠳᠤᠷᠠᠰᠬᠠᠯ ᠤᠨ ᠲᠡᠮᠳᠡᠭ ᠣᠯᠭᠤᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2024/11/20
  ᠨᠠᠮ ᠳᠤ ᠣᠷᠣᠭᠰᠠᠨ 50 ᠵᠢᠯ ᠳᠤ 50 ᠵᠢᠯ ᠢᠷᠠᠭᠤ ᠠᠯᠳᠠᠷ ᠪᠣᠯᠪᠠ᠃ ᠨᠠᠮ ᠪᠠᠶᠢᠭᠤᠯᠤᠭᠳᠠᠭᠰᠠᠨ 103 ᠵᠢᠯ ᠤᠨ ᠤᠢ ᠬᠦᠷᠴᠦ ᠢᠷᠡᠬᠦ ᠲᠠᠰᠢᠷᠠᠮ ᠢᠶᠠᠷ᠂ ᠳ᠋ᠠ ᠾᠸᠢ ᠱᠠ ᠲᠤ ᠪᠠᠯᠭᠠᠰᠤᠨ ᠳᠤ ︽ᠢᠷᠠᠭᠤ ᠠᠯᠳᠠᠷ ᠨᠠᠮ ᠳᠠᠭᠠᠨ 50 ᠵᠢᠯ ᠪᠣᠯᠤᠭᠰᠠᠨ︾ ᠳᠤᠷᠠᠰᠬᠠᠯ ᠤᠨ ᠲᠡᠮᠳᠡᠭ ᠣᠯᠭᠤᠬᠤ ᠶᠣᠰᠣᠯᠠᠯ ᠶᠠᠪᠤᠭᠤᠯᠵᠤ᠂ ᠨᠠᠮ ᠳᠤ ᠣᠷᠣᠭᠠᠳ ᠪᠦᠬᠦᠯᠢ 50 ᠵᠢᠯ ᠪᠣᠯᠤᠭᠰᠠᠨ 3 ᠠᠬᠠᠮᠠᠳ ᠨᠠᠮ ᠤᠨ ᠭᠡᠰᠢᠭᠦᠨ ᠳᠤ ᠳᠤᠷᠠᠰᠬᠠᠯ ᠤᠨ ᠲᠡᠮᠳᠡᠭ ᠭᠠᠷᠳᠠᠭᠤᠯᠪᠠ᠃    ᠨᠢᠭᠡ ᠮᠧᠳᠠᠯ᠂ ᠨᠢᠭᠡ ᠬᠤᠪᠢ ᠢᠷᠠᠭᠤ ᠠᠯᠳᠠᠷ᠃ ᠪᠠᠯᠭᠠᠰᠤᠨ ᠤ ᠤᠳᠤᠷᠢᠳᠤᠯᠭ᠎ᠠ ᠠᠬᠠᠮᠠᠳ ᠨᠠᠮ ᠤᠨ ᠭᠡᠰᠢᠭᠦᠳ ᠲᠠᠢ ᠳᠣᠲᠣᠨᠣ ᠪᠠᠷ ᠭᠠᠷ ᠠᠳᠬᠤᠵᠤ᠂ ᠳᠤᠷᠠᠰᠬᠠᠯ ᠤᠨ ᠲᠡᠮᠳᠡᠭ ᠵᠡᠭᠦᠵᠦ᠂ ᠬᠠᠮᠲᠤ ᠶᠢᠨ ᠰᠡᠭᠦᠳᠡᠷ ᠲᠠᠲᠠᠭᠤᠯᠵᠤ ᠳᠤᠷᠠᠰᠬᠠᠯ ᠦᠯᠡᠳᠡᠭᠡᠵᠦ᠂ ᠶᠣᠰᠣᠯᠠᠯ ᠨᠢ ᠪᠣᠷᠣᠭᠵᠢᠭᠤᠨ ᠪᠥᠭᠡᠳ ᠲᠥᠪ ᠬᠢᠴᠢᠶᠡᠩᠭᠦᠶ ᠪᠣᠯᠪᠠᠴᠤ ᠶᠡᠷᠦ ᠪᠤᠰᠤ ᠶᠢᠨ ᠠᠴᠢ ᠬᠤᠯᠪᠣᠭᠳᠠᠯ ᠲᠠᠢ ᠶᠤᠮ᠃    ᠨᠢᠭᠡ ᠤᠳᠠᠭ᠎ᠠ ᠶᠢᠨ ᠦᠭᠡ᠂ ᠨᠢᠭᠡ ᠬᠤᠪᠢ ᠲᠠᠯᠠᠷᠬᠠᠯ᠎ᠠ᠃ ᠨᠠᠮ ᠳᠤ 50 ᠵᠢᠯ ᠪᠤᠯᠵᠤ ᠪᠠᠶᠢᠨ᠎ᠠ᠂ ᠪᠦᠬᠦ ᠲᠠᠯ᠎ᠠ ᠶᠢᠨ ᠬᠦᠬᠡᠮᠲᠦᠭ ᠪᠠᠶᠢᠭᠰᠠᠨ ᠠᠴᠠ ᠪᠠᠨ ᠠᠮᠢᠳᠤᠷᠠᠯ ᠬᠢᠭᠰᠡᠨ ᠠᠴᠠ ᠭᠡᠷᠡᠯ ᠭᠢᠯᠪᠠᠭ᠎ᠠ ᠰᠠᠴᠤᠷᠠᠵᠤ᠂ ᠬᠤᠪᠢᠷᠠᠯᠲᠠ ᠨᠢ ᠤᠨ ᠵᠢᠯ ᠤᠨ ᠥᠩᠭᠡ ᠵᠢᠰᠦ ᠪᠢᠯᠬᠠᠵᠤ᠂ ᠨᠠᠮ ᠳᠠᠭᠠᠨ ᠦᠨᠡᠨᠴᠢ ᠰᠢᠳᠤᠷᠭᠤ ᠪᠣᠯᠪᠠ᠃ ᠳᠤᠷᠠᠰᠬᠠᠯ ᠤᠨ ᠲᠡᠮᠳᠡᠭ ᠬᠦᠷᠳᠡᠭᠰᠡᠨ ᠨᠢ ᠨᠠᠮ ᠪᠣᠯᠤᠨ ᠤᠯᠤᠰ ᠠᠴᠠ ᠲᠡᠳᠡᠨ ᠳᠤ ᠭᠦᠢᠴᠡᠳ ᠨᠤᠲᠠᠯᠠᠯᠲᠠ ᠮᠥᠨ᠂ ᠡᠷᠬᠢᠮ ᠳᠡᠭᠡᠳᠦ ᠤᠯᠤᠰ ᠲᠦᠷᠦ ᠶᠢᠨ ᠢᠷᠠᠭᠤ ᠠᠯᠳᠠᠷ ᠮᠥᠨ᠃    ᠨᠢᠭᠡ ᠤᠳᠠᠭ᠎ᠠ ᠰᠣᠯᠢᠯᠴᠠᠵᠤ᠂ ᠨᠢᠭᠡ ᠬᠤᠪᠢ ᠤᠯᠠᠮᠵᠢᠯᠠᠯ᠃ ︽ᠨᠠᠮ ᠤᠨ ᠬᠠᠯᠠᠮᠵᠢᠯᠠᠯ ᠳᠤ ᠲᠠᠯᠠᠷᠬᠠᠵᠤ᠂ ᠵᠣᠬᠢᠶᠠᠨ ᠪᠠᠶᠢᠭᠤᠯᠤᠯᠲᠠ ᠶᠢᠨ ᠵᠣᠷᠢᠭᠵᠢᠭᠤᠯᠤᠯ ᠳᠤ ᠲᠠᠯᠠᠷᠬᠠᠵᠤ ᠪᠠᠶᠢᠨ᠎ᠠ︕︾ ︽ᠡᠨᠡ ᠪᠣᠯ ᠮᠠᠨ ᠤ ᠠᠬᠠᠮᠠᠳ ᠨᠠᠮ ᠤᠨ ᠭᠡᠰᠢᠭᠦᠨ ᠳᠤ ᠬᠠᠮᠤᠭ ᠤᠨ ᠥᠨᠳᠥᠷ ᠱᠠᠩᠨᠠᠯ ᠪᠣᠯᠣᠨ᠎ᠠ︕︾ ᠭᠡᠵᠦ ᠡᠨᠡ ᠬᠦ ᠳᠤᠷᠠᠰᠬᠠᠯ ᠤᠨ ᠲᠡᠮᠳᠡᠭ ᠨᠢ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠶᠢᠷ᠎ᠠ ᠬᠠᠯᠠᠮᠵᠢ ᠶᠢ ᠠᠬᠤᠭᠤᠯᠤᠭᠰᠠᠨ ᠪᠥᠭᠡᠳ ᠠᠬᠠᠮᠠᠳ ᠨᠠᠮ ᠤᠨ ᠭᠡᠰᠢᠭᠦᠨ ᠤ ᠭᠡᠷᠡᠯ ᠰᠠᠴᠤᠷᠠᠩᠭᠤᠶ ᠥᠩᠭᠡᠷᠡᠯᠲᠡ ᠪᠠ ᠬᠤᠪᠢᠷᠠᠰᠢ ᠦᠭᠡᠢ ᠤᠭ ᠰᠠᠨᠠᠭ᠎ᠠ ᠶᠢ ᠠᠴᠢᠶᠠᠯᠠᠵᠤ ᠪᠠᠶᠢᠭ᠎ᠠ ᠶᠤᠮ᠃ ᠲᠡᠳᠡ᠂ ᠨᠠᠮ ᠳᠤ ᠣᠷᠣᠬᠤ ᠲᠠᠩᠭᠠᠷᠢᠭ ᠤᠨ ᠦᠭᠡᠰ ᠢ ᠯᠠᠪᠲᠠᠢ ᠪᠠᠲᠤ ᠴᠡᠭᠡᠵᠢᠯᠡᠵᠦ᠂ ᠠᠵᠢᠯ ᠤᠨ ᠪᠠᠶᠢᠷᠢ ᠠᠴᠠ ᠪᠠᠨ ᠰᠠᠯᠬᠤ ᠦᠭᠡᠢ᠂ ᠠᠵᠢᠯ ᠠᠴᠠ ᠪᠠᠨ ᠠᠮᠠᠷᠠᠬᠤ ᠳᠤ ᠦᠩᠬᠡ ᠤᠨᠠᠬᠤ ᠦᠭᠡᠢ᠂ ᠥᠨᠢ ᠡᠭᠦᠷᠢᠳᠡ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠵᠤ᠂ ᠥᠩᠭᠡᠷᠡᠭᠰᠡᠨ ᠲᠠᠢ ᠪᠠᠨ ᠠᠳᠠᠯᠢ ᠪᠠᠷ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠪᠠᠳᠠᠷᠠᠭᠤᠯᠵᠤ᠂ ᠴᠢᠳᠠᠯ ᠤᠨ ᠢᠶᠠᠨ ᠬᠢᠷᠢ ᠪᠠᠷ ᠪᠠᠳᠠᠷᠠᠭᠤᠯᠵᠤ᠂ ᠨᠠᠮ ᠪᠣᠯᠤᠨ ᠠᠷᠠᠳ ᠲᠦᠮᠡᠨ ᠤ ᠬᠦᠨᠳᠦ ᠨᠠᠶᠢᠳᠠᠯᠭ᠎ᠠ ᠶᠢ ᠬᠥᠰᠡᠷᠳᠡᠭᠦᠯᠬᠦ ᠦᠭᠡᠢ ᠭᠡᠵᠦ ᠢᠯᠡᠳᠬᠡᠵᠡᠭᠡᠪᠡ᠃    ᠮᠠᠨ ᠤ ᠪᠠᠯᠭᠠᠰᠤ ᠠᠬᠠᠮᠠᠳ ᠺᠠᠳ᠋ᠷᠴᠤᠳ ᠤᠨ ᠠᠵᠢᠯ ᠢ ᠥᠩᠭᠡᠷᠡᠭᠰᠡᠨ ᠲᠠᠢ ᠪᠠᠨ ᠠᠳᠠᠯᠢ ᠪᠠᠷ ᠴᠢᠬᠤᠯᠠᠴᠢᠯᠠᠵᠤ᠂ ᠨᠠᠮ ᠪᠠ ᠤᠯᠤᠰ ᠤᠨ ᠠᠬᠠᠮᠠᠳ ᠺᠠᠳ᠋ᠷᠴᠤᠳ ᠤᠨ ᠲᠦᠷᠦ ᠶᠢᠨ ᠪᠤᠳᠤᠯᠭ᠎ᠠ ᠶᠢ ᠦᠷᠭᠦᠯᠵᠢᠯᠡᠨ ᠲᠡᠷᠡ ᠬᠡᠪ ᠢᠶᠠᠷ ᠨᠢ ᠰᠠᠶᠢᠲᠤᠷ ᠬᠡᠷᠡᠭᠵᠢᠭᠦᠯᠵᠦ᠂ ᠤᠯᠤᠰ ᠲᠦᠷᠦ ᠶᠢᠨ ᠲᠠᠯ᠎ᠠ ᠪᠠᠷ ᠬᠦᠨᠳᠦᠳᠬᠡᠬᠦ᠂ ᠦᠵᠡᠯ ᠰᠠᠨᠠᠭᠠᠨ ᠤ ᠲᠠᠯ᠎ᠠ ᠪᠠᠷ ᠬᠠᠯᠠᠮᠵᠢᠯᠠᠬᠤ᠂ ᠠᠮᠢᠳᠤᠷᠠᠯ ᠤᠨ ᠲᠠᠯ᠎ᠠ ᠪᠠᠷ ᠬᠠᠷᠠᠭᠠᠯᠵᠠᠬᠤ᠂ ᠬᠠᠶᠢᠷ᠎ᠠ ᠰᠡᠳᠬᠢᠯᠭᠡ ᠶᠢᠨ ᠲᠠᠯ᠎ᠠ ᠪᠠᠷ ᠤᠢᠢᠷᠠᠳᠤᠭᠤᠯᠵᠤ ᠂ ᠠᠬᠠᠮᠠᠳ ᠨᠥᠬᠦᠳ ᠤᠨ ᠪᠡᠶ᠎ᠡ ᠰᠡᠳᠬᠢᠯ ᠢ ᠪᠠᠶᠠᠰᠬᠠᠵᠤ᠂ ᠤᠶᠤᠨ ᠤᠬᠠᠭᠠᠨ ᠢ ᠤᠯᠠᠮ ᠢᠯᠡᠭᠦᠦ ᠡᠳ᠋ᠯᠡᠭᠦᠯᠵᠦ᠂ ᠤᠯᠤᠰ ᠤᠨ ᠬᠥᠭᠵᠢᠯᠲᠡ ᠶᠢᠨ ᠦᠷ᠎ᠡ ᠪᠦᠲᠦᠭᠡᠯ ᠢ ᠨᠡᠩ ᠰᠠᠶᠢᠲᠤᠷ ᠡᠳ᠋ᠯᠡᠭᠦᠯᠦᠨ᠎ᠡ ᠭᠡᠵᠦ ᠵᠢᠭᠠᠵᠤ ᠭᠠᠷᠭᠠᠪᠠ᠃
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2