11 ᠰᠠᠷ᠎ᠠ ᠶᠢᠨ 20 ᠤ ᠡᠳᠦᠷ᠂ ᠤᠯᠠᠭᠠᠨᠴᠠᠪ ᠬᠤᠲᠠ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ | ᠲᠣᠪᠴᠢᠶ᠎ᠠ ᠶᠢᠨ ᠳᠡᠳ᠋ ᠳᠠᠷᠤᠭ᠎ᠠ ᠯᠢ ᠵᠧᠨ᠂ ᠱᠠᠩᠳᠤ ᠰᠢᠶᠠᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ | ᠳᠠᠷᠤᠭ᠎ᠠ ᠡᠤ ᠰᠢᠤᠸᠠᠢ ᠪᠢᠩ ᠨᠠᠷ ᠠᠳᠠᠷ ᠬᠠᠭᠠᠯᠪᠤᠷᠢᠯᠠᠯᠲᠠ ᠶᠢᠨ ᠠᠩᠭᠢ ᠪᠠᠯᠭᠠᠰᠤᠨ ᠳᠤ ᠬᠦᠷᠴᠦ 2025 ᠣᠨ ᠤ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠵᠤ ᠰᠦᠢᠳᠬᠡᠯ | ᠲᠤᠰᠢᠶᠠᠬᠤ ᠠᠵᠢᠯ ᠢ ᠪᠠᠶᠢᠴᠠᠭᠠᠨ ᠰᠤᠳᠤᠯᠪᠠ᠃ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠯᠢᠶᠠᠩ ᠵᠢᠤᠸᠠᠨ | ᠵᠢᠦᠸᠠᠨ᠂ ᠪᠠᠯᠭᠠᠰᠤᠨ ᠤ ᠳᠠᠷᠤᠭ᠎ᠠ ᠵᠠᠩ ᠴᠢᠩ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃ | ᠯᠢ ᠵᠧᠨ ᠨᠡᠷ ᠤᠷᠢᠳᠠᠪᠠᠷ ᠠᠳᠠᠷ ᠬᠠᠭᠠᠯᠪᠤᠷᠢᠯᠠᠯᠲᠠ ᠶᠢᠨ ᠠᠩᠭᠢ ᠪᠠᠯᠭᠠᠰᠤᠨ ᠤ ᠵᠠᠰᠠᠭ ᠤᠨ ᠣᠷᠳᠣᠨ ᠳᠤ | ᠬᠦᠷᠴᠦ ᠶᠠᠷᠢᠯᠴᠠᠬᠤ ᠬᠤᠷᠠᠯ ᠬᠤᠷᠠᠯᠳᠤᠭᠤᠯᠵᠤ᠂ ᠬᠤᠷᠠᠯ ᠳᠡᠭᠡᠷ᠎ᠡ ᠠᠲᠠᠷ ᠬᠠᠭᠠᠯᠪᠤᠷᠢᠯᠠᠯᠲᠠ ᠶᠢᠨ ᠠᠩᠭᠢ | ᠪᠠᠯᠭᠠᠰᠤᠨ ᠤ ᠡᠮ ᠡᠮᠨᠡᠯᠭᠡ ᠶᠢᠨ ᠳᠠᠭᠠᠳᠬᠠᠯ ᠤᠨ ᠠᠵᠢᠯ ᠤᠨ ᠬᠠᠷᠢᠭᠤᠴᠠᠯᠭᠠᠲᠠᠨ 2025 ᠣᠨ ᠤ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠭᠰᠠᠨ | ᠠᠵᠢᠯ ᠢ ᠥᠷᠨᠢᠭᠦᠯᠦᠭᠰᠡᠨ ᠪᠠᠶᠢᠳᠠᠯ ᠢ ᠨᠠᠷᠢᠨ ᠬᠠᠷᠢᠭᠤ ᠮᠡᠳᠡᠭᠦᠯᠵᠦ᠂ ᠤᠬᠠᠭᠤᠯᠤᠨ ᠳᠠᠶᠢᠴᠢᠯᠠᠬᠤ᠂ ᠲᠥᠷᠥ ᠶᠢᠨ | ᠪᠣᠳᠣᠯᠭ᠎ᠠ ᠶᠢᠨ ᠲᠠᠶᠢᠯᠤᠮᠵᠢ᠂ ᠭᠤᠤᠯᠳᠠᠯᠭ᠎ᠠ ᠲᠠᠢ ᠬᠥᠮᠦᠰ ᠤᠨ ᠳᠠᠭᠠᠳᠬᠠᠯ ᠳᠤ ᠣᠷᠣᠯᠴᠠᠬᠤ ᠦᠢᠯᠡᠴᠢᠯᠡᠭᠡ ᠵᠡᠷᠭᠡ | ᠪᠠᠶᠢᠳᠠᠯ ᠢ ᠲᠠᠨᠢᠯᠴᠠᠭᠤᠯᠪᠠ᠃ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠯᠢ ᠵᠧᠨ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠨᠢ ᠲᠣᠰᠬᠤᠨ ᠤ ᠠᠷᠠᠳ ᠤᠨ | ᠲᠣᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠵᠤ᠂ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ | ᠪᠣᠳᠣᠯᠭ᠎ᠠ ᠳᠤ ᠲᠣᠬᠢᠷᠠᠭᠤᠯᠤᠯᠲᠠ ᠬᠢᠬᠦ ᠳᠤ ᠲᠤᠯᠭᠠᠷᠠᠵᠤ ᠪᠠᠶᠢᠭ᠎ᠠ ᠰᠢᠨ᠎ᠡ ᠠᠰᠠᠭᠤᠳᠠᠯ ᠳᠤ ᠴᠢᠭᠯᠡᠭᠦᠯᠦᠨ᠂ | ᠲᠤᠷᠰᠢᠯᠭ᠎ᠠ ᠪᠠᠨ ᠨᠠᠷᠢᠨ ᠬᠢᠨᠠᠮᠠᠭᠠᠶ ᠳ᠋ᠦᠩᠨᠡᠵᠦ᠂ ᠲᠥᠷᠥ ᠶᠢᠨ ᠪᠣᠳᠣᠯᠭ᠎ᠠ ᠶᠢ ᠤᠬᠠᠭᠤᠯᠤᠨ ᠬᠥᠲᠥᠯᠦᠨ | ᠵᠢᠯᠣᠭᠤᠳᠬᠤ ᠠᠵᠢᠯ ᠢ ᠰᠠᠶᠢᠲᠤᠷ ᠬᠢᠵᠦ᠂ ᠲᠣᠰᠬᠤᠨ ᠤ ᠠᠷᠠᠳ ᠤᠨ ᠳᠠᠭᠠᠳᠬᠠᠯ ᠳᠤ ᠣᠷᠣᠯᠴᠠᠬᠤ ᠢᠳᠡᠪᠬᠢᠵᠢᠯ᠂ | ᠰᠠᠨᠠᠭᠠᠴᠢᠯᠠᠭᠠᠲᠤ ᠴᠢᠨᠠᠷ ᠢ ᠭᠦᠢᠴᠡᠳ ᠳᠠᠶᠢᠴᠢᠯᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃ | ᠶᠠᠷᠢᠯᠴᠠᠬᠤ ᠬᠤᠷᠠᠯ ᠲᠡᠭᠦᠰᠦᠭᠰᠡᠨ ᠤ ᠳᠠᠷᠠᠭ᠎ᠠ᠂ ᠯᠢ ᠵᠧᠨ ᠨᠡᠷ ᠱᠦᠨ ᠴᠧᠩ ᠺᠣᠮᠫᠠᠨᠢ ᠲᠣᠰᠬᠤᠨ ᠳᠤ ᠬᠦᠷᠴᠦ | ᠂ ᠲᠣᠰᠬᠤᠨ ᠤ ᠠᠷᠠᠳ ᠤᠨ ᠵᠥᠪᠯᠡᠯ ᠤᠨ ᠠᠵᠢᠯᠲᠠᠨ ᠤ ᠡᠮᠴᠢᠯᠡᠭᠡᠨ ᠤ ᠳᠠᠭᠠᠳᠬᠠᠯ ᠤᠨ ᠲᠠᠲᠠᠪᠤᠷᠢᠯᠠᠨ ᠲᠤᠰᠢᠶᠠᠬᠤ | ᠠᠵᠢᠯ ᠤᠨ ᠲᠠᠯ᠎ᠠ ᠪᠠᠷ ᠰᠠᠨᠠᠯ ᠢᠶᠠᠨ ᠰᠣᠯᠢᠯᠴᠠᠵᠤ᠂ ᠠᠵᠢᠯ ᠤᠨ ᠳᠤᠮᠳᠠ ᠣᠷᠣᠰᠢᠵᠤ ᠪᠠᠶᠢᠭ᠎ᠠ ᠬᠦᠴᠢᠷ ᠠᠰᠠᠭᠤᠳᠠᠯ ᠢ | ᠨᠠᠷᠢᠨ ᠣᠶᠢᠯᠠᠭᠠᠭᠰᠠᠨ ᠪᠥᠭᠡᠳ ᠡᠮᠴᠢᠯᠡᠭᠡᠨ ᠤ ᠳᠠᠭᠠᠳᠬᠠᠯ ᠤᠨ ᠲᠠᠲᠠᠪᠤᠷᠢᠯᠠᠨ ᠲᠤᠰᠢᠶᠠᠬᠤ ᠠᠵᠢᠯ ᠢ ᠤᠯᠠᠮ ᠨᠢᠭᠡ | ᠠᠯᠬᠤᠮ ᠯᠠᠪᠳᠠᠭᠤᠨ ᠪᠠᠲᠤᠲᠠᠶ ᠠᠬᠢᠭᠤᠯᠬᠤ ᠲᠤᠬᠠᠶ ᠵᠢᠯᠣᠭᠤᠳᠣᠯᠭ᠎ᠠ ᠬᠢᠪᠠ᠃ |