ᠶᠠᠩ ᠸᠧᠨ ᠾᠦᠢ ᠴᠠᠭᠠᠨᠨᠠᠭᠤᠷ ᠤᠨ ᠠᠮᠢ ᠠᠬᠤᠶ ᠶᠢ ᠬᠠᠮᠠᠭᠠᠯᠠᠬᠤ ᠪᠠ ᠰᠡᠷᠭᠦᠭᠡᠬᠦ ᠠᠵᠢᠯ ᠪᠣᠯᠤᠨ ᠭᠤᠤᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2024/11/22
    11 ᠰᠠᠷ᠎ᠠ ᠶᠢᠨ 20 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠶᠠᠩ ᠸᠧᠨ ᠾᠦᠢ ᠤᠷᠢᠳ ᠬᠤᠵᠢᠳ ᠱᠠᠩᠳᠤ ᠰᠢᠶᠠᠨ ᠤ ᠨᠤᠭᠤ ᠭᠠᠵᠠᠷ ᠤᠨ ᠬᠠᠮᠠᠭᠠᠯᠠᠯᠲᠠ ᠶᠢᠨ ᠲᠥᠪ᠂ ᠴᠠᠭᠠᠨᠨᠠᠭᠤᠷ ᠤᠯᠤᠰ ᠤᠨ ᠨᠤᠭᠤ ᠭᠠᠵᠠᠷ ᠤᠨ ᠴᠡᠴᠡᠷᠯᠢᠭ ᠪᠣᠯᠤᠨ ᠱᠠᠩᠳᠤ ᠰᠢᠶᠠᠨ ᠤ 150 ᠲᠦᠮᠡᠨ ᠺᠢᠯᠣᠸᠠᠲ ᠤᠨ ᠭᠡᠷᠡᠯ ᠴᠡᠨᠡᠭ ᠤᠨ ᠡᠪᠡᠰᠦᠨ ᠤ ᠦᠢᠯᠡᠰ ᠤᠨ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ ᠬᠦᠷᠴᠦ᠂ ᠴᠠᠭᠠᠨᠨᠠᠭᠤᠷ ᠤᠨ ᠠᠮᠢ ᠠᠬᠤᠢ ᠶᠢ ᠬᠠᠮᠠᠭᠠᠯᠠᠬᠤ ᠪᠠ ᠰᠡᠷᠭᠦᠭᠡᠬᠦ ᠠᠵᠢᠯ ᠪᠣᠯᠤᠨ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠪᠠ᠃ ᠰᠢᠶᠠᠨ ᠤ ᠤᠳᠤᠷᠢᠳᠤᠯᠭ᠎ᠠ ᠰᠢᠶᠦ᠋ᠩ ᠸᠧᠢ᠂ ᠴᠧᠨ ᠶᠠ ᠮᠢᠩ ᠵᠢᠴᠢ ᠬᠤᠯᠪᠣᠭᠳᠠᠯ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠣᠷᠣᠯᠴᠠᠪᠠ᠃    ᠶᠠᠩ ᠸᠧᠨ ᠾᠦᠢ ᠨᠠᠷ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠰᠣᠨᠣᠰᠬᠤ ᠬᠡᠯᠪᠡᠷᠢ ᠪᠠᠷ ᠴᠠᠭᠠᠨᠨᠠᠭᠤᠷ ᠤᠨ ᠠᠮᠢ ᠠᠬᠤᠢ ᠶᠢ ᠬᠠᠮᠠᠭᠠᠯᠠᠬᠤ ᠪᠠ ᠰᠡᠷᠭᠦᠭᠡᠨ ᠵᠠᠰᠠᠬᠤ ᠶᠡᠷᠦᠩᠬᠡᠶᠢᠯᠡᠭᠰᠡᠨ ᠠᠵᠢᠯ ᠢ ᠨᠠᠷᠢᠨ ᠣᠶᠢᠯᠠᠭᠠᠪᠠ᠃ ᠲᠡᠷᠡ᠂ ᠰᠠᠪᠠ ᠭᠠᠵᠠᠷ ᠢ ᠶᠡᠷᠦᠩᠬᠡᠶᠢᠯᠡᠨ ᠵᠠᠰᠠᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠠᠮᠢᠶᠠᠷᠴᠤ ᠬᠠᠮᠠᠭᠠᠯᠠᠬᠤ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠪᠦᠷᠢᠨᠰᠢᠭᠦᠯᠵᠦ᠂ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠲᠣᠭᠲᠠᠭᠠᠯ ᠠᠴᠠ ᠵᠥᠷᠢᠴᠡᠨ ᠮᠠᠯ ᠬᠠᠷᠢᠭᠤᠯᠬᠤ᠂ ᠨᠤᠭᠤ ᠭᠠᠵᠠᠷ ᠢ ᠡᠪᠳᠡᠬᠦ ᠵᠡᠷᠭᠡ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠴᠠᠭᠠᠨᠨᠠᠭᠤᠷ ᠤᠨ ᠠᠮᠢ ᠠᠬᠤᠢ ᠶᠢᠨ ᠬᠠᠮᠠᠭᠠᠯᠠᠯᠲᠠ ᠵᠠᠰᠠᠯᠲᠠ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠴᠠᠭᠠᠨᠨᠠᠭᠤᠷ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠦᠷᠭᠦᠯᠵᠢᠯᠡᠨ ᠰᠠᠶᠢᠵᠢᠷᠠᠬᠤ ᠶᠢ ᠪᠠᠲᠤᠯᠠᠬᠤ ᠬᠡᠷᠡᠭᠲᠡᠢ ᠭᠡᠵᠦ ᠬᠡᠯᠡᠪᠡ᠃    ᠱᠠᠩᠳᠤ ᠰᠢᠶᠠᠨ ᠤ 150 ᠲᠦᠮᠡᠨ ᠺᠢᠯᠣᠸᠠᠲ ᠤᠨ ᠭᠡᠷᠡᠯ ᠸᠣᠯᠲ ᠡᠪᠡᠰᠦᠨ ᠤ ᠦᠢᠯᠡᠰ ᠤᠨ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ᠂ ᠶᠠᠩ ᠸᠧᠨ ᠾᠦᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠭᠰᠠᠨ ᠪᠥᠭᠡᠳ ᠶᠠᠷᠢᠯᠴᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢᠨ ᠳᠤᠮᠳᠠ ᠲᠤᠯᠭᠠᠷᠠᠭᠰᠠᠨ ᠬᠦᠴᠢᠷᠳᠡᠯ ᠪᠣᠯᠤᠨ ᠠᠰᠠᠭᠤᠳᠠᠯ ᠤᠨ ᠲᠤᠬᠠᠢ ᠵᠢᠯᠤᠭᠤᠳᠤᠯᠭ᠎ᠠ ᠶᠢᠨ ᠴᠢᠨᠠᠷᠲᠠᠢ ᠰᠠᠨᠠᠯ ᠰᠠᠨᠠᠭᠤᠯᠭ᠎ᠠ ᠳᠤᠷᠠᠳᠴᠠᠢ᠃    ᠶᠠᠷᠢᠯᠴᠠᠬᠤ ᠬᠤᠷᠠᠯ ᠳᠡᠭᠡᠷ᠎ᠡ᠂ ᠶᠠᠩ ᠸᠧᠨ ᠾᠦᠢ ᠱᠠᠩᠳᠤ ᠰᠢᠶᠠᠨ ᠤ 150 ᠲᠦᠮᠡᠨ ᠺᠢᠯᠣᠸᠠᠲ ᠤᠨ ᠭᠡᠷᠡᠯ ᠸᠣᠯᠲ ᠤᠨ ᠡᠪᠡᠰᠦᠨ ᠤ ᠦᠢᠯᠡᠰ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠳᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ ᠶᠢ ᠨᠠᠷᠢᠨ ᠬᠢᠨᠠᠮᠠᠭᠠᠢ ᠰᠣᠨᠣᠰᠴᠠᠢ᠃ ᠲᠡᠷᠡ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠠᠮᠵᠢᠯᠴᠠᠨ ᠬᠠᠮᠵᠢᠯᠴᠠᠬᠤ ᠪᠠᠨ ᠴᠢᠩᠭᠠᠳᠬᠠᠵᠤ᠂ ᠠᠵᠤ ᠠᠬᠤᠶᠢᠯᠠᠯ ᠢ ᠬᠠᠪᠰᠤᠷᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠳᠤᠮᠳᠠ ᠲᠤᠯᠭᠠᠷᠠᠭᠰᠠᠨ ᠲᠦᠭᠵᠢᠷᠡᠯ᠂ ᠪᠤᠭᠤᠮᠢ᠂ ᠬᠦᠴᠢᠷ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠳᠤ ᠬᠦᠴᠦᠲᠡᠢ ᠪᠠᠲᠤᠯᠠᠭ᠎ᠠ ᠬᠠᠩᠭᠠᠵᠤ᠂ ᠲᠦᠷᠦᠯ ᠵᠦᠢᠯ ᠤᠨ ᠡᠷᠲᠡᠬᠡᠨ ᠠᠰᠢᠭᠯᠠᠯᠲᠠ ᠳᠤ ᠣᠷᠣᠬᠤ ᠶᠢ ᠪᠠᠲᠤᠯᠠᠬᠤ ᠬᠡᠷᠡᠭᠲᠡᠢ ᠭᠡᠵᠦ ᠬᠡᠯᠡᠪᠡ᠃ ᠣᠷᠴᠢᠭᠤᠯᠣᠭᠴᠢ᠄  ᠬᠠᠨᠠᠭᠠᠷ ᠬᠢᠨᠠᠭᠴᠢ᠄ ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2