ᠱᠠᠩᠳᠤ ᠰᠢᠶᠠᠨ ᠤ ᠬᠤᠶᠠᠷ ᠤᠯᠤᠰ ᠤᠨ ᠬᠤᠶᠠᠳᠤᠭᠠᠷ ᠳᠡᠰ ᠤᠨ ᠬᠠᠮᠠᠭᠠᠯᠠᠯᠲᠠ ᠶᠢᠨ ᠠᠮᠢᠲᠠᠨ ᠢ ᠠᠪᠤᠷᠠᠨ ᠲᠤᠰᠠᠯᠠᠪᠠ
ᠨᠡᠶᠢᠲᠡᠯᠡᠭᠰᠡᠨ ᠴᠠᠭ᠄
2024/11/25
   10 ᠰᠠᠷ᠎ᠠ ᠶᠢᠨ ᠳᠤᠮᠳᠠᠴᠢ ᠪᠠᠷ᠂ ᠱᠠᠩᠳᠤ ᠰᠢᠶᠠᠨ ᠤ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠢᠨᠵᠧᠨᠧᠷᠢᠩ ᠪᠦᠬᠦ ᠲᠠᠯ᠎ᠠ ᠪᠠᠷ ᠳᠤᠯᠠᠭᠠᠯᠠᠭ᠎ᠠ ᠬᠠᠩᠭᠠᠵᠤ᠂ ᠱᠠᠩᠳᠤ ᠶᠢᠨ ᠴᠠᠬᠢᠯᠭᠠᠨ ᠬᠠᠩᠭᠠᠬᠤ ᠺᠣᠮᠫᠠᠨᠢ ᠶᠢᠨ ᠠᠳᠠᠷ ᠬᠠᠭᠠᠯᠪᠤᠷᠢᠯᠠᠬᠤ ᠠᠩᠭᠢ ᠶᠢᠨ ᠴᠠᠬᠢᠯᠭᠠᠨ ᠬᠠᠩᠭᠠᠬᠤ ᠭᠠᠵᠠᠷ ᠤᠨ ᠠᠵᠢᠯᠲᠠᠳ ᠬᠠᠷᠢᠶ᠎ᠠ ᠣᠷᠣᠨ ᠤ ᠪᠠᠨ 10kV ᠵᠢᠴᠢ 0.4kV ᠱᠤᠭᠤᠮ ᠳᠤ ᠣᠨᠴᠠᠭᠠᠢ ᠲᠣᠭᠤᠷᠢᠨ ᠪᠠᠶᠢᠴᠠᠭᠠᠯᠲᠠ ᠬᠢᠬᠦ ᠦᠶ᠎ᠡ ᠳᠤ᠂ ᠬᠤᠶᠠᠷ ᠰᠢᠷᠬᠠᠲᠤᠭᠰᠠᠨ ᠬᠡᠭᠡᠷ᠎ᠡ ᠶᠢᠨ ᠰᠢᠪᠠᠭᠤᠨ ᠤ ᠲᠥᠷᠥᠯ ᠢ ᠢᠯᠡᠷᠡᠭᠦᠯᠪᠡ᠃ ᠱᠠᠩᠳᠤ ᠰᠢᠶᠠᠨ ᠤ ᠬᠡᠭᠡᠷ᠎ᠡ ᠶᠢᠨ ᠠᠮᠢᠲᠠᠨ ᠤᠷᠭᠤᠮᠠᠯ ᠢ ᠬᠠᠮᠠᠭᠠᠯᠠᠬᠤ ᠲᠥᠪ ᠬᠡᠷᠡᠭ ᠤᠨ ᠮᠡᠳᠡᠭᠦᠯᠦᠯᠲᠡ ᠶᠢ ᠣᠯᠤᠭᠰᠠᠨ ᠤ ᠳᠠᠷᠠᠭ᠎ᠠ ᠦᠳᠲᠡᠷ ᠲᠦᠷᠭᠡᠨ ᠴᠤᠤᠷᠢᠶᠠᠲᠤᠨ ᠳᠠᠭᠠᠵᠤ᠂ ᠠᠯᠢ ᠣᠯᠠᠨ ᠠᠪᠤᠷᠠᠨ ᠲᠤᠰᠠᠯᠠᠬᠤ ᠠᠵᠢᠯᠯᠠᠭ᠎ᠠ ᠥᠷᠨᠢᠭᠦᠯᠪᠡ᠃    ︽10 ᠰᠠᠷ᠎ᠠ ᠶᠢᠨ ᠳᠤᠮᠳᠠᠴᠢ ᠪᠠᠷ᠂ ᠠᠲᠠᠷ ᠬᠠᠭᠠᠯᠪᠤᠷᠢᠯᠠᠬᠤ ᠠᠩᠭᠢ ᠶᠢᠨ ᠴᠠᠬᠢᠯᠭᠠᠨ ᠬᠠᠩᠭᠠᠬᠤ ᠭᠠᠵᠠᠷ ᠠᠴᠠ ᠬᠤᠶᠠᠷ ᠰᠢᠪᠠᠭᠤᠨ ᠤ ᠲᠥᠷᠥᠯ ᠢ ᠢᠯᠡᠷᠡᠭᠦᠯᠵᠦ᠂ ᠤᠯᠤᠰ ᠤᠨ ᠬᠤᠶᠠᠳᠤᠭᠠᠷ ᠳᠡᠰ ᠤᠨ ᠬᠠᠮᠠᠭᠠᠯᠠᠯᠲᠠ ᠶᠢᠨ ᠠᠮᠢᠲᠠᠨ ᠳᠤ ᠬᠠᠷᠢᠶᠠᠯᠠᠭᠳᠠᠨ᠎ᠠ᠂ ᠪᠢᠳᠡᠨ ᠤ ᠨᠠᠷᠢᠨ ᠨᠢᠮᠪᠠᠶ ᠠᠪᠤᠷᠠᠨ ᠵᠠᠰᠠᠬᠤ ᠪᠠ ᠲᠡᠵᠢᠭᠡᠬᠦ ᠪᠠᠷ ᠳᠡᠮᠵᠢᠨ᠂ ᠬᠤᠶᠠᠷ ᠰᠢᠪᠠᠭᠤᠨ ᠤ ᠰᠢᠷᠬ᠎ᠠ ᠰᠣᠷᠪᠢ ᠨᠢ ᠪᠦᠷᠢᠨ ᠡᠳᠡᠭᠡᠷᠡᠵᠡᠶ᠃
ᠣᠷᠴᠢᠭᠤᠯᠣᠭᠴᠢ᠄  ᠬᠠᠨᠠᠭᠠᠷ ᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2