ᠳᠤᠮᠳᠠᠳᠤ ᠶᠢᠨ ᠬᠠᠷᠢᠶᠠᠲᠤ ᠤᠯᠤᠰ ᠲᠠᠭᠠᠨ ᠪᠤᠴᠠᠵᠤ ᠰᠠᠭᠤᠷᠢᠰᠢᠬᠤ ᠶᠢ ᠬᠢᠨᠠᠨ ᠵᠥᠪᠰᠢᠶᠡᠷᠡᠬᠦ ︵ᠲᠣᠭᠤᠷᠢᠭ ᠲᠠᠢ ᠬᠤᠲᠠ ᠶᠢᠨ ᠱᠠᠲᠤᠨ ᠤ ᠡᠷᠬᠡ ᠮᠡᠳᠡᠯ︶
ᠨᠡᠶᠢᠲᠡᠯᠡᠭᠰᠡᠨ ᠴᠠᠭ᠄
2024/11/25
   ᠠᠰᠠᠭᠤᠨ ᠯᠠᠪᠯᠠᠬᠤ ᠬᠡᠯᠪᠡᠷᠢ    0474-6918776    ᠬᠢᠨᠠᠯᠲᠠ ᠲᠠᠯᠪᠢᠵᠤ ᠵᠠᠭᠠᠯᠳᠤᠭᠤᠯᠬᠤ ᠠᠷᠭ᠎ᠠ ᠮᠠᠶ᠋ᠢᠭ    0474-12345    ᠬᠢᠨᠠᠨ ᠵᠥᠪᠰᠢᠶᠡᠷᠡᠬᠦ ᠵᠢᠷᠤᠮ ᠤᠨ ᠮᠡᠳᠡᠭᠡ ᠵᠠᠩᠭᠢ    ᠵᠠᠰᠠᠭ ᠵᠠᠬᠢᠷᠭᠠᠨ ᠤ ᠵᠥᠪᠰᠢᠶᠡᠷᠡᠯ ᠢ ᠭᠦᠢᠴᠡᠳᠬᠡᠬᠦ ᠳᠡᠰ ᠳᠠᠷᠠᠭᠠᠯᠠᠯ ᠤᠨ ᠭᠤᠭᠴᠤᠭ᠎ᠠ︵1︶ ᠭᠤᠶᠤᠴᠢᠯᠠᠭᠴᠢ ᠪᠤᠶᠤ ᠨᠠᠶᠢᠳᠠᠭᠴᠢ ᠠᠴᠠ ᠭᠤᠶᠤᠴᠢᠯᠠᠯ ᠳᠤᠷᠠᠳᠤᠨ᠎ᠠ︔︵2︶ ᠰᠢᠶᠠᠨ ᠤ ᠱᠠᠲᠤᠨ ᠤ ᠬᠠᠷᠢᠶᠠᠲᠤ ᠨᠠᠷ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠬᠦᠯᠢᠶᠡᠨ ᠠᠪᠴᠤ ᠰᠢᠢᠳᠪᠦᠷᠢᠯᠡᠨ᠎ᠡ︔︵2︶ ᠭᠥᠯᠢᠶᠡᠨ ᠠᠪᠴᠤ ᠰᠢᠢᠳᠪᠦᠷᠢᠯᠡᠬᠦ ᠰᠠᠯᠠᠭ᠎ᠠ ᠮᠥᠴᠢᠷ ᠠᠴᠠ ᠠᠩᠬ᠎ᠠ ᠠᠯᠬᠤᠮ ᠬᠢᠨᠠᠯᠲᠠ ᠬᠢᠨ᠎ᠡ︔︵3︶ ᠪᠢᠴᠢᠭ ᠢᠶᠠᠷ ᠠᠳᠠᠯᠢ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠰᠠᠨᠠᠯ ᠢ ᠬᠤᠷᠢᠶᠠᠨ᠎ᠠ︵4︶ ᠠᠩᠬ᠎ᠠ ᠠᠯᠬᠤᠮ ᠬᠢᠨᠠᠨ ᠬᠠᠷᠭᠤᠭᠤᠯᠤᠭᠰᠠᠨ ᠰᠠᠨᠠᠯ ᠳᠤᠷᠠᠳᠤᠨ᠎ᠠ︔︵5︶ ᠳᠡᠭᠡᠭᠰᠢ ᠮᠡᠳᠡᠭᠦᠯᠦᠭᠰᠡᠨ ᠲᠣᠭᠤᠷᠢᠭ ᠪᠠᠶᠢᠭᠤᠯᠤᠭᠰᠠᠨ ᠬᠤᠲᠠ ᠶᠢᠨ ᠱᠠᠲᠤᠨ ᠤ ᠬᠠᠷᠢᠶᠠᠲᠤ ᠨᠠᠷ ᠤᠨ ᠶᠠᠪᠤᠳᠠᠯ ᠤᠨ ᠰᠠᠯᠠᠭ᠎ᠠ ᠮᠥᠴᠢᠷ︔︵6︶ ᠬᠢᠨᠠᠨ ᠵᠥᠪᠰᠢᠶᠡᠷᠡᠬᠦ ᠪᠠᠶᠢᠭᠤᠯᠭ᠎ᠠ ᠳᠤ ᠬᠢᠨᠠᠨ ᠵᠥᠪᠰᠢᠶᠡᠷᠡᠭᠦᠯᠦᠨ᠎ᠡ︔︵7︶ ᠳᠤᠮᠳᠠᠳᠤ ᠶᠢᠨ ᠬᠠᠷᠢᠶᠠᠲᠤ ᠤᠯᠤᠰ ᠲᠠᠭᠠᠨ ᠪᠤᠴᠠᠵᠤ ᠰᠠᠭᠤᠬᠤ ᠦᠨᠡᠮᠯᠡᠯ ᠣᠯᠭᠤᠨ᠎ᠠ / ᠣᠯᠭᠤᠬᠤ ᠦᠭᠡᠢ᠃    ᠭᠤᠶᠤᠴᠢᠯᠠᠬᠤ ᠮᠠᠲ᠋ᠧᠷᠢᠶᠠᠯ    ᠳᠤᠮᠳᠠᠳᠤ ᠶᠢᠨ ᠬᠠᠷᠢᠶᠠᠲᠤ ᠤᠯᠤᠰ ᠲᠠᠭᠠᠨ ᠪᠤᠴᠠᠵᠤ ᠰᠠᠭᠤᠷᠢᠱᠢᠬᠤ ᠭᠤᠶᠤᠴᠢᠯᠠᠯ ᠤᠨ ᠬᠦᠰᠦᠨᠦᠭᠲᠦ    ᠤᠭ ᠮᠠᠲ᠋ᠧᠷᠢᠶᠠᠯ ᠪᠠ ᠪᠠᠭᠤᠯᠭᠠᠪᠤᠷᠢ    3 ᠬᠤᠪᠢ    ᠭᠠᠳᠠᠭᠠᠳᠤ ᠳᠤ ᠰᠠᠭᠤᠬᠤ ᠬᠢᠷᠢ ᠭᠡᠮ ᠢᠶᠠᠨ ᠰᠠᠶᠢᠨ ᠳᠤᠷ᠎ᠠ ᠠᠴᠠ ᠪᠠᠨ ᠲᠠᠶᠠᠭᠳᠠᠬᠤ ᠲᠤᠬᠠᠢ ᠵᠢᠭᠠᠯᠲᠠ ᠶᠢᠨ ᠪᠢᠴᠢᠭ    ᠤᠭ ᠮᠠᠲ᠋ᠧᠷᠢᠶᠠᠯ ᠪᠠ ᠪᠠᠭᠤᠯᠭᠠᠪᠤᠷᠢ    3 ᠬᠤᠪᠢ    ᠰᠠᠷᠠᠯᠵᠢ ᠶᠢᠨ ᠥᠴᠥᠬᠡᠨ ᠭᠡᠷᠡᠯ    ᠤᠭ ᠮᠠᠲ᠋ᠧᠷᠢᠶᠠᠯ ᠪᠠ ᠪᠠᠭᠤᠯᠭᠠᠪᠤᠷᠢ    3 ᠬᠤᠪᠢ    ᠬᠦᠴᠦᠨ ᠪᠦᠬᠦᠢ ᠫᠠᠰᠫᠣᠷᠲ ᠪᠤᠶᠤ ᠵᠢᠭᠤᠯᠴᠢᠯᠠᠯ ᠤᠨ ᠭᠡᠷᠡᠴᠢ    ᠤᠭ ᠮᠠᠲ᠋ᠧᠷᠢᠶᠠᠯ ᠪᠠ ᠪᠠᠭᠤᠯᠭᠠᠪᠤᠷᠢ    3 ᠬᠤᠪᠢ     ᠠᠶᠢᠮᠠᠭ ᠬᠤᠲᠠ ᠶᠢᠨ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ᠭᠠᠷᠭᠠᠭᠰᠠᠨ ᠬᠢᠯᠢ ᠪᠠᠷ ᠣᠷᠣᠵᠤ ᠭᠠᠷᠤᠭᠰᠠᠨ ᠲᠡᠮᠳᠡᠭᠯᠡᠯ  ᠢ ᠪᠠᠶᠢᠴᠠᠭᠠᠨ ᠯᠠᠪᠯᠠᠭᠰᠠᠨ ᠦᠷ᠎ᠡ ᠳ᠋ᠦᠩ    ᠤᠭ ᠮᠠᠲ᠋ᠧᠷᠢᠶᠠᠯ ᠪᠠ ᠪᠠᠭᠤᠯᠭᠠᠪᠤᠷᠢ    3 ᠬᠤᠪᠢ    ᠠᠶᠢᠮᠠᠭ ᠬᠤᠲᠠ ᠶᠢᠨ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠭᠠᠷᠭᠠᠭᠰᠠᠨ ᠬᠢᠯᠢ ᠪᠠᠷ ᠭᠠᠷᠴᠤ ᠣᠷᠣᠭᠰᠠᠨ ᠲᠡᠮᠳᠡᠭᠯᠡᠯ ᠢ ᠪᠠᠶᠢᠴᠠᠭᠠᠨ ᠯᠠᠪᠯᠠᠭᠰᠠᠨ ᠦᠷ᠎ᠡ ᠳ᠋ᠦᠩ    ᠤᠭ ᠮᠠᠲ᠋ᠧᠷᠢᠶᠠᠯ ᠪᠠ ᠪᠠᠭᠤᠯᠭᠠᠪᠤᠷᠢ    3 ᠬᠤᠪᠢ    ᠭᠠᠳᠠᠭᠠᠳᠤ ᠳᠤ ᠰᠠᠭᠤᠭ᠎ᠠ ᠡᠯᠴᠢᠨ ᠰᠠᠶᠢᠳ ᠤᠨ ᠶᠠᠮᠤᠨ ᠤ ᠨᠤᠲᠠᠯᠠᠭᠰᠠᠨ ᠪᠤᠶᠤ ᠠᠯᠪᠠᠨ ᠭᠡᠷᠡᠴᠢᠯᠡᠭᠡ ᠬᠢᠭᠰᠡᠨ ᠳᠤᠮᠳᠠᠳᠤ ᠶᠢᠨ ᠬᠠᠷᠢᠶᠠᠲᠤ ᠨᠠᠷ ᠭᠠᠳᠠᠭᠠᠳᠤ ᠳᠤ ᠣᠷᠣᠱᠢᠨ ᠰᠠᠭᠤᠭᠰᠠᠨ ᠭᠡᠷᠡᠴᠢ ᠪᠤᠶᠤ ᠣᠷᠣᠱᠢᠨ ᠰᠠᠭᠤᠭ᠎ᠠ ᠪᠣᠳᠠᠲᠤ ᠶᠠᠪᠤᠳᠠᠯ ᠢ ᠭᠡᠷᠡᠴᠢᠯᠡᠵᠦ ᠪᠣᠯᠬᠤ ᠪᠤᠰᠤᠳ ᠠᠲ᠋ᠧᠷᠢᠶᠠᠯ    ᠤᠭ ᠮᠠᠲ᠋ᠧᠷᠢᠶᠠᠯ ᠪᠠ ᠪᠠᠭᠤᠯᠭᠠᠪᠤᠷᠢ    ᠣᠷᠣᠰᠢᠨ ᠰᠠᠭᠤᠬᠤ ᠪᠠᠷ ᠲᠥᠯᠥᠪᠯᠡᠵᠦ ᠪᠠᠶᠢᠭ᠎ᠠ ᠭᠠᠵᠠᠷ ᠤᠨ ᠬᠠᠤᠯᠢ ᠶᠣᠰᠣᠨ ᠤ ᠲᠣᠭᠲᠠᠮᠠᠯ ᠣᠷᠣᠨ ᠰᠠᠭᠤᠴᠠ ᠶᠢᠨ ᠭᠡᠷᠡᠴᠢ ᠪᠠ ᠠᠮᠢᠳᠤᠷᠠᠯ ᠢ ᠲᠣᠭᠲᠠᠭᠤᠨ ᠪᠠᠶᠢᠯᠭᠠᠬᠤ ᠪᠠᠲᠤᠯᠠᠭ᠎ᠠ ᠶᠢᠨ ᠭᠡᠷᠡᠴᠢ    ᠤᠭ ᠮᠠᠲ᠋ᠧᠷᠢᠶᠠᠯ ᠪᠠ ᠪᠠᠭᠤᠯᠭᠠᠪᠤᠷᠢ    3 ᠬᠤᠪᠢ    ᠣᠷᠣᠰᠢᠨ ᠰᠠᠭᠤᠬᠤ ᠪᠠᠷ ᠲᠥᠯᠥᠪᠯᠡᠵᠦ ᠪᠠᠶᠢᠭ᠎ᠠ ᠭᠠᠵᠠᠷ ᠤᠨ ᠬᠠᠤᠯᠢ ᠶᠣᠰᠣᠨ ᠤ ᠲᠣᠭᠲᠠᠮᠠᠯ ᠣᠷᠣᠨ ᠰᠠᠭᠤᠴᠠ ᠶᠢᠨ ᠭᠡᠷᠡᠴᠢ ᠪᠠ ᠠᠮᠢᠳᠤᠷᠠᠯ ᠤᠨ ᠪᠠᠲᠤᠯᠠᠭ᠎ᠠ ᠶᠢ ᠲᠣᠭᠲᠠᠭᠤᠨ ᠪᠠᠶᠢᠯᠭᠠᠬᠤ ᠭᠡᠷᠡᠴᠢ    ᠤᠭ ᠮᠠᠲ᠋ᠧᠷᠢᠶᠠᠯ ᠪᠠ ᠪᠠᠭᠤᠯᠭᠠᠪᠤᠷᠢ    ᠭᠤᠶᠤᠴᠢᠯᠠᠬᠤ ᠤᠴᠢᠷ ᠰᠢᠯᠲᠠᠭᠠᠨ ᠲᠠᠢ ᠬᠠᠷᠠᠭᠠᠯᠵᠠᠭᠰᠠᠨ ᠭᠡᠷᠡᠴᠢ    ᠤᠭ ᠮᠠᠲ᠋ᠧᠷᠢᠶᠠᠯ ᠪᠠ ᠪᠠᠭᠤᠯᠭᠠᠪᠤᠷᠢ    3 ᠬᠤᠪᠢ    ᠭᠦᠢᠴᠡᠳᠬᠡᠬᠦ ᠭᠠᠵᠠᠷ ᠱᠠᠩᠳᠤ ᠰᠢᠶᠠᠨ ᠤ ᠴᠢ ᠲᠠᠢ ᠪᠠᠯᠭᠠᠰᠤᠨ ᠤ ᠰᠢᠨ ᠮᠢᠨ ᠵᠡᠭᠦᠨ ᠵᠠᠮ ᠤᠨ ᠨᠠᠮ ᠵᠠᠰᠠᠭ ᠤᠨ ᠠᠰᠠᠷ ᠤᠨ ᠵᠡᠭᠦᠨ ᠳᠠᠭᠠᠯᠲᠠ ᠠᠰᠠᠷ ᠤᠨ 2 ᠳ᠋ᠤᠭᠠᠷ ᠠᠰᠠᠷ ᠤᠨ 201 ᠥᠷᠥᠭᠡ    ᠭᠦᠢᠴᠡᠳᠬᠡᠬᠦ ᠴᠠᠭ ᠨᠢ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨ᠎ᠡ 09᠄ 00-12᠄ 00᠂ ᠦᠳᠡ ᠶᠢᠨ ᠬᠤᠶᠢᠨ᠎ᠠ 14᠄ 30-1800    ᠵᠠᠰᠠᠭ ᠵᠠᠬᠢᠷᠭᠠᠨ ᠤ ᠵᠥᠪᠰᠢᠶᠡᠷᠡᠯ ᠥᠭᠬᠦ ᠨᠥᠬᠦᠴᠡᠯ    1. ᠲᠣᠭᠲᠠᠮᠠᠯ ᠣᠷᠣᠨ ᠰᠠᠭᠤᠴᠠ ᠨᠢ ᠤᠤᠯ ᠤᠨ ᠡᠷᠦᠬᠡ ᠠᠮᠠ ᠶᠢᠨ ᠳᠠᠩᠰᠠ ᠪᠠᠨ ᠬᠦᠴᠦᠨ ᠦᠭᠡᠢ ᠪᠣᠯᠭᠠᠬᠤ ᠭᠠᠵᠠᠷ ᠤᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠢ᠄    ︵1︶ᠤᠯᠤᠰ ᠤᠨ ᠳᠣᠲᠣᠭᠠᠳᠤ ᠳᠤ ᠵᠠᠯᠭᠠᠯᠳᠤᠨ ᠰᠠᠭᠤᠭᠰᠠᠨ ᠵᠣᠬᠢᠬᠤ ᠴᠠᠭ᠃    ︵2︶ᠲᠣᠭᠲᠠᠭᠤᠨ ᠠᠮᠢᠳᠤᠷᠠᠯ ᠤᠨ ᠪᠠᠲᠤᠯᠠᠭ᠎ᠠ ᠪᠠ ᠬᠠᠤᠯᠢ ᠶᠣᠰᠣᠨ ᠤ ᠲᠣᠭᠲᠠᠮᠠᠯ ᠣᠷᠣᠨ ᠰᠠᠭᠤᠴᠠ ᠲᠠᠢ᠃    2. ᠤᠤᠯ ᠤᠨ ᠡᠷᠦᠬᠡ ᠠᠮᠠ ᠶᠢᠨ ᠳᠠᠩᠰᠠ ᠪᠠᠨ ᠬᠦᠴᠦᠨ ᠦᠭᠡᠢ ᠪᠣᠯᠭᠠᠬᠤ ᠭᠡᠵᠦ ᠵᠢᠱᠢᠭᠰᠡᠨ ᠭᠠᠵᠠᠷ ᠨᠢ ᠤᠤᠯ ᠤᠨ ᠡᠷᠦᠬᠡ ᠠᠮᠠ ᠶᠢᠨ ᠳᠠᠩᠰᠠ ᠪᠠᠨ ᠬᠦᠴᠦᠨ ᠦᠭᠡᠢ ᠪᠣᠯᠭᠠᠬᠤ ᠭᠠᠵᠠᠷ ᠪᠠᠶᠢᠬᠤ ᠨᠢ᠄    ︵1︶ᠤᠯᠤᠰ ᠤᠨ ᠳᠣᠲᠣᠭᠠᠳᠤ ᠳᠤ ᠵᠠᠯᠭᠠᠯᠳᠤᠨ ᠰᠠᠭᠤᠭᠰᠠᠨ ᠵᠣᠬᠢᠬᠤ ᠴᠠᠭ᠃    ︵2︶ᠠᠮᠢᠳᠤᠷᠠᠯ ᠤᠨ ᠲᠣᠭᠲᠠᠭᠤᠨ ᠪᠠᠲᠤᠯᠠᠭ᠎ᠠ ᠪᠠ ᠬᠠᠤᠯᠢ ᠶᠣᠰᠣᠨ ᠤ ᠲᠣᠭᠲᠠᠮᠠᠯ ᠣᠷᠣᠨ ᠰᠠᠭᠤᠴᠠ ᠲᠠᠢ᠃   ︵3︶ᠲᠣᠭᠲᠠᠭᠠᠭᠰᠠᠨ ᠰᠠᠭᠤᠷᠢᠰᠢᠯ ᠭᠠᠵᠠᠷ ᠤᠨ ᠬᠠᠷᠢᠶᠠᠯᠠᠭᠳᠠᠬᠤ ᠮᠤᠵᠢ᠂ ᠬᠤᠲᠠ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠴᠠᠭᠠᠴᠢ ᠶᠢᠨ ᠶᠠᠪᠤᠳᠠᠯ ᠤᠨ ᠰᠠᠯᠠᠭ᠎ᠠ ᠮᠥᠴᠢᠷ ᠪᠣᠯᠣᠨ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ᠬᠠᠮᠲᠤᠷᠠᠨ ᠲᠣᠭᠲᠠᠭᠠᠭᠰᠠᠨ ᠬᠤᠯᠪᠣᠭᠳᠠᠯ ᠲᠠᠢ ᠲᠣᠭᠲᠠᠭᠠᠯ ᠳᠤ ᠨᠡᠶᠢᠴᠡᠭᠦᠯᠪᠡ᠃    ᠪᠠᠶᠢᠷᠢᠯᠠᠭᠤᠯᠤᠭᠰᠠᠨ ᠦᠨᠳᠦᠰᠦ ᠪᠠᠷᠢᠮᠲᠠ    ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠯᠢ ᠪᠠᠷ ᠭᠠᠷᠴᠤ ᠣᠷᠣᠬᠤ ᠬᠠᠮᠢᠶᠠᠷᠤᠯᠲᠠ ᠶᠢᠨ ᠬᠠᠤᠯᠢ︾    ᠠᠷᠪᠠᠨ ᠭᠤᠷᠪᠠᠳᠤᠭᠠᠷ ᠵᠦᠶᠢᠯ ᠤᠯᠤᠰ ᠤᠨ ᠭᠠᠳᠠᠭᠠᠳᠤ ᠳᠤ ᠰᠠᠭᠤᠷᠢᠰᠢᠭᠰᠠᠨ ᠳᠤᠮᠳᠠᠳᠤ ᠤᠯᠤᠰ ᠤᠨ ᠠᠷᠠᠳ ᠢᠷᠭᠡᠨ ᠤᠯᠤᠰ ᠲᠠᠭᠠᠨ ᠪᠤᠴᠠᠵᠤ ᠰᠠᠭᠤᠷᠢᠰᠢᠨ ᠰᠠᠭᠤᠬᠤ ᠪᠠᠷ ᠰᠠᠭᠠᠷᠳᠠᠪᠠᠯ᠂ ᠬᠢᠯᠢ ᠳᠤ ᠣᠷᠣᠬᠤ ᠠᠴᠠ ᠡᠮᠦᠨ᠎ᠡ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠳᠠᠭᠠᠳᠤ ᠳᠤ ᠰᠠᠭᠤᠭ᠎ᠠ ᠡᠯᠴᠢᠨ ᠰᠠᠶᠢᠳ ᠤᠨ ᠶᠠᠮᠤᠨ᠂ᠺᠤᠨᠰᠦ᠋ᠯ ᠤᠨ ᠭᠠᠵᠠᠷ ᠪᠤᠶᠤ ᠭᠠᠳᠠᠭᠠᠳᠤ ᠶᠠᠪᠤᠳᠠᠯ ᠤᠨ ᠶᠠᠮᠤᠨ ᠤ ᠨᠠᠶᠢᠳᠠᠭᠰᠠᠨ ᠭᠠᠳᠠᠭᠠᠳᠤ ᠳᠤ ᠰᠠᠭᠤᠭ᠎ᠠ ᠪᠤᠰᠤᠳ ᠪᠠᠶᠢᠭᠤᠯᠤᠮᠵᠢ ᠳᠤ ᠭᠤᠶᠤᠴᠢᠯᠠᠯ ᠭᠠᠷᠭᠠᠬᠤ ᠬᠡᠷᠡᠭᠲᠡᠢ᠂ ᠪᠠᠰᠠ ᠲᠤᠰ ᠬᠥᠮᠥᠨ ᠪᠤᠶᠤ ᠤᠯᠤᠰ ᠤᠨ ᠳᠣᠲᠣᠭᠠᠳᠤ ᠶᠢᠨ ᠲᠥᠷᠥᠯ ᠰᠠᠳᠤᠨ ᠢᠶᠠᠷ ᠳᠠᠮᠵᠢᠭᠤᠯᠵᠤ ᠪᠠᠶᠢᠭᠠᠳ ᠣᠷᠣᠰᠢᠨ ᠰᠠᠭᠤᠬᠤ ᠪᠠᠷ ᠪᠠᠶᠢᠭ᠎ᠠ ᠭᠠᠵᠠᠷ ᠤᠨ ᠰᠢᠶᠠᠨ ᠤ ᠰᠬᠠᠲᠤᠨ ᠠᠴᠠ ᠳᠡᠭᠡᠭᠰᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠬᠠᠷᠢᠶᠠᠲᠤ ᠶᠢᠨ ᠶᠠᠪᠤᠳᠠᠯ ᠤᠨ ᠰᠠᠯᠠᠭ᠎ᠠ ᠮᠥᠴᠢᠷ ᠲᠤ ᠭᠤᠶᠤᠴᠢᠯᠠᠯ ᠭᠠᠷᠭᠠᠵᠤ ᠴᠤ ᠪᠣᠯᠣᠨ᠎ᠠ    ᠬᠡᠷᠡᠭᠵᠢᠭᠦᠯᠬᠦ ᠦᠨᠳᠦᠰᠦᠯᠡᠯ    ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠯᠢ ᠪᠠᠷ ᠭᠠᠷᠴᠤ ᠣᠷᠣᠬᠤ ᠬᠠᠮᠢᠶᠠᠷᠤᠯᠲᠠ ᠶᠢᠨ ᠬᠠᠤᠯᠢ︾    ᠠᠷᠪᠠᠨ ᠭᠤᠷᠪᠠᠳᠤᠭᠠᠷ ᠵᠦᠶᠢᠯ ᠤᠯᠤᠰ ᠤᠨ ᠭᠠᠳᠠᠭᠠᠳᠤ ᠳᠤ ᠰᠠᠭᠤᠷᠢᠰᠢᠭᠰᠠᠨ ᠳᠤᠮᠳᠠᠳᠤ ᠤᠯᠤᠰ ᠤᠨ ᠠᠷᠠᠳ ᠢᠷᠭᠡᠨ ᠤᠯᠤᠰ ᠲᠠᠭᠠᠨ ᠪᠤᠴᠠᠵᠤ ᠰᠠᠭᠤᠷᠢᠰᠢᠨ ᠰᠠᠭᠤᠬᠤ ᠪᠠᠷ ᠰᠠᠭᠠᠷᠳᠠᠪᠠᠯ᠂ ᠬᠢᠯᠢ ᠳᠤ ᠣᠷᠣᠬᠤ ᠠᠴᠠ ᠡᠮᠦᠨ᠎ᠡ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠳᠠᠭᠠᠳᠤ ᠳᠤ ᠰᠠᠭᠤᠭ᠎ᠠ ᠡᠯᠴᠢᠨ ᠰᠠᠶᠢᠳ ᠤᠨ ᠶᠠᠮᠤᠨ᠂ᠺᠤᠨᠰᠦ᠋ᠯ ᠤᠨ ᠭᠠᠵᠠᠷ ᠪᠤᠶᠤ ᠭᠠᠳᠠᠭᠠᠳᠤ ᠶᠠᠪᠤᠳᠠᠯ ᠤᠨ ᠶᠠᠮᠤᠨ ᠤ ᠨᠠᠶᠢᠳᠠᠭᠰᠠᠨ ᠭᠠᠳᠠᠭᠠᠳᠤ ᠳᠤ ᠰᠠᠭᠤᠭ᠎ᠠ ᠪᠤᠰᠤᠳ ᠪᠠᠶᠢᠭᠤᠯᠤᠮᠵᠢ ᠳᠤ ᠭᠤᠶᠤᠴᠢᠯᠠᠯ ᠭᠠᠷᠭᠠᠬᠤ ᠬᠡᠷᠡᠭᠲᠡᠢ᠂ ᠪᠠᠰᠠ ᠲᠤᠰ ᠬᠥᠮᠥᠨ ᠪᠤᠶᠤ ᠤᠯᠤᠰ ᠤᠨ ᠳᠣᠲᠣᠭᠠᠳᠤ ᠶᠢᠨ ᠲᠥᠷᠥᠯ ᠰᠠᠳᠤᠨ ᠢᠶᠠᠷ ᠳᠠᠮᠵᠢᠭᠤᠯᠵᠤ ᠪᠠᠶᠢᠭᠠᠳ ᠣᠷᠣᠰᠢᠨ ᠰᠠᠭᠤᠬᠤ ᠪᠠᠷ ᠪᠠᠶᠢᠭ᠎ᠠ ᠭᠠᠵᠠᠷ ᠤᠨ ᠰᠢᠶᠠᠨ ᠤ ᠰᠬᠠᠲᠤᠨ ᠠᠴᠠ ᠳᠡᠭᠡᠭᠰᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠬᠠᠷᠢᠶᠠᠲᠤ ᠶᠢᠨ ᠶᠠᠪᠤᠳᠠᠯ ᠤᠨ ᠰᠠᠯᠠᠭ᠎ᠠ ᠮᠥᠴᠢᠷ ᠲᠤ ᠭᠤᠶᠤᠴᠢᠯᠠᠯ ᠭᠠᠷᠭᠠᠵᠤ ᠴᠤ ᠪᠣᠯᠣᠨ᠎ᠠ    ︽ ᠢ ᠳᠠᠷᠤᠮᠠᠯᠯᠠᠨ ᠶᠠᠪᠤᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠬᠠᠷᠢᠶᠠᠲᠤ ᠨᠠᠷ ᠤᠨ ᠠᠵᠢᠯ ᠤᠨ ᠠᠯᠪᠠᠨ ᠭᠡᠷ᠂ ᠳᠣᠲᠣᠭᠠᠳᠤ ᠶᠢ ᠬᠠᠮᠠᠭᠠᠯᠠᠬᠤ ᠶᠠᠮᠤᠨ᠂ ᠭᠠᠳᠠᠭᠠᠳᠤ ᠶᠠᠪᠤᠳᠠᠯ ᠤᠨ ᠶᠠᠮᠤᠨ ᠤ ᠮᠡᠳᠡᠭᠳᠡᠯ︾ ( ᠤᠯᠤᠰ ᠤᠨ ᠬᠠᠷᠢᠶᠠᠲᠤ ᠨᠠᠷ ᠲᠠᠷᠬᠠᠭᠠᠭᠰᠠᠨ [ 2013] 18 ᠳ᠋ᠤᠭᠠᠷ ᠲᠣᠭᠠᠲᠤ)    ︽ᠳᠤᠮᠳᠠᠳᠤ ᠶᠢᠨ ᠬᠠᠷᠢᠶᠠᠲᠤ ᠶᠢᠨ ᠶᠠᠪᠤᠳᠠᠯ ᠤᠨ ᠠᠯᠪᠠᠨ ᠭᠡᠷ ᠳᠣᠲᠣᠭᠠᠳᠤ ᠶᠢ ᠬᠠᠮᠠᠭᠠᠯᠠᠬᠤ ᠶᠠᠮᠤᠨ ᠤ ᠳᠤᠮᠳᠠᠳᠤ ᠶᠢᠨ ᠬᠠᠷᠢᠶᠠᠲᠤ ᠶᠢᠨ ᠤᠯᠤᠰ ᠲᠠᠭᠠᠨ ᠪᠤᠴᠠᠵᠤ ᠰᠠᠭᠤᠷᠢᠰᠢᠬᠤ ᠶᠢ ᠰᠢᠢᠳᠪᠦᠷᠢᠯᠡᠬᠦ ᠠᠵᠢᠯ ᠢ ᠳᠥᠭᠦᠮᠴᠢᠯᠡᠬᠦ ᠪᠠ ᠵᠢᠷᠤᠮᠵᠢᠭᠤᠯᠬᠤ ᠲᠤᠬᠠᠢ ᠮᠡᠳᠡᠭᠳᠡᠯ︾ ︵ᠳᠤᠮᠳᠠᠳᠤ ᠶᠢᠨ ᠬᠠᠷᠢᠶᠠᠲᠤ ᠶᠢᠨ ᠲᠠᠷᠬᠠᠭᠠᠭᠰᠠᠨ﹇2019﹈ 2 ᠳ᠋ᠤᠭᠠᠷ ᠲᠣᠭᠠᠲᠤ︶    ︽ᠥᠪᠥᠷ ᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠤᠮᠳᠠᠳᠤ ᠶᠢᠨ ᠬᠠᠷᠢᠶᠠᠲᠤ ᠨᠠᠷ ᠤᠨ ᠤᠯᠤᠰ ᠲᠠᠭᠠᠨ ᠪᠤᠴᠠᠵᠤ ᠰᠠᠭᠤᠷᠢᠱᠢ ᠬᠤ ᠶᠢ ᠱᠢᠢᠳᠪᠦᠷᠢᠯᠡᠬᠦ ᠠᠵᠢᠯ ᠤᠨ ᠬᠡᠷᠡᠭᠵᠢᠭᠦᠯᠬᠦ ᠠᠷᠭ᠎ᠠ︾  ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠡᠲᠡᠭᠳᠡᠯ    ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠤᠮᠳᠠᠳᠤ ᠶᠢᠨ ᠬᠠᠷᠢᠶᠠᠲᠤ ᠤᠯᠤᠰ ᠲᠠᠭᠠᠨ ᠪᠤᠴᠠᠵᠤ ᠰᠠᠭᠤᠷᠢᠰᠢᠭᠤᠯᠬᠤ ᠶᠢ ᠭᠦᠢᠴᠡᠳᠬᠡᠬᠦ ᠠᠵᠢᠯ ᠤᠨ ᠬᠡᠷᠡᠭᠵᠢᠭᠦᠯᠬᠦ ᠠᠷᠭ᠎ᠠ︾ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠷᠢᠶᠠᠲᠤ ᠨᠠᠷ ᠤᠨ ᠶᠠᠪᠤᠳᠠᠯ ᠤᠨ ᠠᠯᠪᠠᠨ ᠭᠡᠷ ᠤᠨ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠮᠡᠳᠡᠭᠳᠡᠯ    ᠳᠥᠷᠪᠡᠳᠦᠭᠡᠷ ᠵᠦᠢᠯ ᠤᠤᠯ ᠤᠨ ᠡᠷᠦᠬᠡ ᠠᠮᠠ ᠶᠢᠨ ᠳᠠᠩᠰᠠ ᠪᠠᠨ ᠬᠦᠴᠦᠨ ᠦᠭᠡᠢ ᠪᠣᠯᠭᠠᠭᠰᠠᠨ ᠭᠠᠵᠠᠷ ᠨᠢ ᠲᠤᠰ ᠭᠠᠵᠠᠷ ᠣᠷᠣᠨ ᠳᠤ ᠪᠠᠶᠢᠪᠠᠯ᠂ ᠡᠰᠡᠬᠦᠯ᠎ᠡ ᠤᠤᠯ ᠤᠨ ᠡᠷᠦᠬᠡ ᠠᠮᠠ ᠶᠢᠨ ᠳᠠᠩᠰᠠ ᠪᠠᠨ ᠬᠦᠴᠦᠨ ᠦᠭᠡᠢ ᠪᠣᠯᠭᠠᠭᠰᠠᠨ ᠭᠠᠵᠠᠷ ᠨᠢ ᠲᠤᠰ ᠭᠠᠵᠠᠷ ᠤᠨ ᠪᠤᠰᠤ ᠪᠣᠯᠪᠠᠴᠤ ᠲᠤᠰ ᠭᠠᠵᠠᠷ ᠤᠨ ᠡᠷᠦᠬᠡ ᠠᠮᠠ ᠶᠢᠨ ᠬᠠᠷᠢᠶ᠎ᠠ ᠲᠠᠢ ᠰᠢᠭᠤᠳ ᠲᠥᠷᠥᠯ ᠰᠠᠳᠤᠨ ᠢᠶᠠᠨ ᠲᠦᠰᠢᠬᠦ  ᠪᠠᠷ ᠪᠠᠶᠢᠭ᠎ᠠ ᠳᠤᠮᠳᠠᠳᠤ ᠶᠢᠨ ᠬᠠᠷᠢᠶᠠᠲᠤ ᠨᠠᠷ ᠤᠯᠤᠰ ᠲᠠᠭᠠᠨ ᠪᠤᠴᠠᠵᠤ ᠰᠠᠭᠤᠷᠢᠰᠢᠬᠤ ᠪᠠᠷ ᠭᠤᠶᠤᠴᠢᠯᠠᠬᠤ ᠳᠤ ᠳᠣᠣᠷᠠᠬᠢ ᠨᠥᠬᠦᠴᠡᠯ ᠳᠤ ᠬᠠᠮᠲᠤ ᠳᠤᠨᠢ ᠨᠡᠶᠢᠴᠡᠭᠰᠡᠨ ᠪᠠᠶᠢᠬᠤ ᠬᠡᠷᠡᠭᠲᠡᠢ᠄    ︵ᠨᠢᠭᠡ︶ᠬᠢᠯᠢ ᠳᠤ ᠣᠷᠣᠭᠰᠠᠨ ᠤ ᠳᠠᠷᠠᠭ᠎ᠠ ᠦᠷᠭᠦᠯᠵᠢᠯᠡᠨ ᠪᠦᠬᠦᠯᠢ 3 ᠰᠠᠷ᠎ᠠ ᠪᠤᠶᠤ 1 ᠵᠢᠯ ᠤᠨ ᠳᠣᠲᠣᠷ᠎ᠠ ᠪᠦᠬᠦᠯᠢ 3 ᠰᠠᠷ᠎ᠠ ᠰᠠᠭᠤᠭᠰᠠᠨ ᠪᠠᠶᠢᠪᠠᠯ᠃    ︵ᠬᠤᠶᠠᠷ︶ᠬᠠᠤᠯᠢ ᠶᠣᠰᠣᠨ ᠤ ᠲᠣᠭᠲᠠᠮᠠᠯ ᠣᠷᠣᠨ ᠰᠠᠭᠤᠴᠠ ᠲᠠᠢ᠂ ᠳᠠᠷᠤᠢ ᠳᠤᠮᠳᠠᠳᠤ ᠶᠢᠨ ᠬᠠᠷᠢᠶᠠᠲᠤ ᠲᠤᠰ ᠬᠥᠮᠥᠨ ᠨᠢ ᠪᠤᠶᠤ ᠲᠥᠷᠥᠯ ᠰᠠᠳᠤᠨ ᠢᠶᠠᠨ ᠲᠦᠰᠢᠨ ᠰᠠᠭᠤᠬᠤ ᠪᠠᠷ ᠪᠠᠶᠢᠭ᠎ᠠ ᠭᠡᠷ ᠪᠠᠶᠢᠰᠢᠩ ᠤᠨ ᠥᠮᠴᠢᠯᠡᠬᠦ ᠡᠷᠬᠡ ᠪᠤᠶᠤ ᠬᠡᠷᠡᠭᠯᠡᠬᠦ ᠡᠷᠬᠡ ᠶᠢᠨ ᠵᠣᠬᠢᠬᠤ ᠭᠡᠷᠡᠴᠢ ᠪᠠᠷᠢᠮᠲᠠ ᠲᠠᠢ ᠣᠷᠣᠨ ᠰᠠᠭᠤᠴᠠ;    ︵ᠭᠤᠷᠪᠠ ᠳᠤ᠂ ᠲᠣᠭᠲᠠᠭᠤᠨ ᠠᠮᠢᠳᠤᠷᠠᠯ ᠤᠨ ᠪᠠᠲᠤᠯᠠᠭ᠎ᠠ ᠲᠠᠢ᠂ ᠲᠤᠬᠠᠶᠢᠯᠠᠪᠠᠯ ᠲᠣᠰ ᠬᠥᠮᠥᠨ ᠤ ᠬᠡᠪ ᠤᠨ ᠠᠮᠢᠳᠤᠷᠠᠯ ᠢ ᠪᠠᠲᠤᠯᠠᠬᠤ ᠠᠵᠤ ᠠᠬᠤᠢ ᠶᠢᠨ ᠣᠷᠣᠯᠭ᠎ᠠ ᠪᠤᠶᠤ ᠬᠠᠳᠠᠭᠠᠯᠠᠮᠵᠢ ᠲᠠᠢ᠂ ᠡᠰᠡᠬᠦᠯ᠎ᠡ ᠲᠥᠷᠥᠯ ᠰᠠᠳᠤᠨ ᠳᠤ ᠲᠦᠰᠢᠭᠯᠡᠨ ᠠᠮᠠᠯᠳᠠ ᠪᠠᠷ ᠠᠰᠠᠷᠠᠨ ᠬᠠᠷᠠᠭᠠᠯᠵᠠᠬᠤ ᠳᠤᠷᠠᠲᠠᠢ ᠪᠠᠶᠢᠬᠤ ᠶᠢ ᠠᠮᠠᠯᠠᠨ᠎ᠠ︶ᠠᠰᠠᠷᠠᠨ ᠲᠡᠵᠢᠭᠡᠬᠦ ᠪᠤᠶᠤ ᠠᠴᠢᠯᠠᠨ ᠲᠡᠵᠢᠭᠡᠬᠦ ᠡᠭᠦᠷᠭᠡ᠃    ᠳᠤᠮᠳᠠᠳᠤ ᠶᠢᠨ ᠬᠠᠷᠢᠶᠠᠲᠤ ᠤᠯᠤᠰ ᠲᠠᠭᠠᠨ ᠪᠤᠴᠠᠵᠤ ᠰᠠᠭᠤᠷᠢᠰᠢᠭᠤᠯᠬᠤ ᠪᠠᠷ ᠭᠤᠶᠤᠴᠢᠯᠠᠭᠠᠳ ᠪᠤᠰᠤᠳ ᠣᠨᠴᠠᠭᠠᠶ ᠨᠥᠬᠦᠴᠡᠯ ᠢ ᠪᠦᠷᠢᠯᠳᠦᠭᠦᠯᠦᠭᠰᠡᠨ ᠪᠠᠶᠢᠪᠠᠯ᠂ ᠵᠢᠱᠢᠶᠡᠯᠡᠪᠡᠯ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠲᠥᠯᠥᠪᠯᠡᠭᠡ᠂ ᠪᠡᠯᠡ ᠣᠷᠣᠭᠤᠯᠤᠨ ᠡᠷᠦᠬᠡ ᠠᠮᠠ ᠣᠷᠣᠭᠤᠯᠬᠤ ᠲᠣᠭᠲᠠᠭᠠᠯ ᠢ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠶᠣᠰᠣᠭᠠᠷ ᠭᠦᠢᠴᠡᠳᠬᠡᠨ᠎ᠡ᠃    ᠲᠠᠪᠤᠳᠤᠭᠠᠷ ᠵᠦᠢᠯ ᠳᠤᠮᠳᠠᠳᠤ ᠶᠢᠨ ᠬᠠᠷᠢᠶᠠᠲᠤ ᠲᠤᠰ ᠬᠥᠮᠥᠨ ᠨᠢ ᠤᠯᠤᠰ ᠲᠠᠭᠠᠨ ᠪᠤᠴᠠᠵᠤ ᠰᠠᠭᠤᠷᠢᠰᠢᠬᠤ ᠪᠠᠷ ᠭᠤᠶᠤᠴᠢᠯᠠᠬᠤ ᠳᠠᠭᠠᠨ ᠳᠣᠣᠷᠠᠬᠢ ᠮᠡᠲ᠋ᠧᠷᠢᠶᠡᠯ ᠢ ᠲᠤᠰᠢᠶᠠᠬᠤ ᠬᠡᠷᠡᠭᠲᠡᠢ    ︵ᠨᠢᠭᠡ︶︽ᠳᠤᠮᠳᠠᠳᠤ ᠶᠢᠨ ᠬᠠᠷᠢᠶᠠᠲᠤ ᠤᠯᠤᠰ ᠲᠠᠭᠠᠨ ᠪᠤᠴᠠᠵᠤ ᠰᠠᠭᠤᠷᠢᠰᠢᠬᠤ ᠭᠤᠶᠤᠴᠢᠯᠠᠯ ᠤᠨ ᠬᠦᠰᠦᠨᠦᠭᠲᠦ︾    ︵ᠬᠤᠶᠠᠷ︶︽ᠬᠢᠯᠢ ᠶᠢᠨ ᠭᠠᠳᠠᠨᠠᠬᠢ ᠣᠷᠣᠰᠢᠨ ᠰᠠᠭᠤᠬᠤ ᠬᠢᠷᠢ ᠭᠡᠮ ᠢᠶᠠᠨ ᠰᠠᠶᠢᠨ ᠳᠤᠷ᠎ᠠ ᠠᠴᠠ ᠪᠠᠨ ᠲᠠᠶᠠᠭᠳᠠᠭᠰᠠᠨ ᠲᠤᠬᠠᠢ ᠲᠣᠳᠣᠷᠬᠠᠶᠢᠯᠠᠯᠲᠠ︾;    ︵ᠭᠤᠷᠪᠠ︶ᠬᠤᠶᠠᠷ ᠢᠮᠠᠬᠤ ᠶᠢᠨ ᠡᠮᠦᠨ᠎ᠡ ᠲᠠᠯ᠎ᠠ ᠶᠢᠨ ᠮᠠᠩᠯᠠᠢ ᠶᠢᠨ ᠰᠡᠭᠦᠳᠡᠷ 2 ᠬᠠᠭᠤᠳᠠᠰᠤ᠃    ︵ᠳᠥᠷᠪᠡ︶ᠬᠦᠴᠦᠨ ᠪᠦᠬᠦᠢ ᠫᠠᠰᠫᠣᠷᠲ ᠪᠤᠶᠤ ᠠᠶᠠᠯᠠᠯ ᠤᠨ ᠦᠨᠡᠮᠯᠡᠯ᠂ ᠤᠤᠯ ᠨᠢ ᠤᠯᠤᠰ ᠲᠤ ᠤᠷᠲᠤ ᠬᠤᠭᠤᠴᠠᠭ᠎ᠠ ᠪᠠᠷ ᠣᠷᠣᠰᠢᠨ ᠰᠠᠭᠤᠭ᠎ᠠ ᠦᠨᠡᠮᠯᠡᠯ ᠤᠨ ᠤᠭ ᠮᠠᠲ᠋ᠧᠷᠢᠶᠠᠯ ᠪᠣᠯᠣᠨ ᠬᠡᠪᠯᠡᠭᠰᠡᠨ ᠮᠠᠲ᠋ᠧᠷᠢᠶᠠᠯ︔    ︵ᠲᠠᠪᠤ︶ᠠᠶᠢᠮᠠᠭ ᠬᠤᠲᠠ ᠶᠢᠨ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ᠭᠠᠷᠭᠠᠭᠰᠠᠨ ᠬᠢᠯᠢ ᠪᠠᠷ ᠣᠷᠣᠵᠤ ᠭᠠᠷᠤᠭᠰᠠᠨ ᠲᠡᠮᠳᠡᠭᠯᠡᠯ ᠢ ᠪᠠᠶᠢᠴᠠᠭᠠᠨ ᠯᠠᠪᠯᠠᠭᠰᠠᠨ ᠦᠷ᠎ᠡ ᠳ᠋ᠦᠩ    ︵ᠵᠢᠷᠭᠤᠭ᠎ᠠ︶ᠭᠠᠳᠠᠭᠠᠳᠤ ᠳᠤ ᠰᠠᠭᠤᠭ᠎ᠠ ᠡᠯᠴᠢᠨ ᠰᠠᠶᠢᠳ ᠤᠨ ᠶᠠᠮᠤᠨ ᠤ ᠭᠡᠷᠡᠴᠢᠯᠡᠭᠰᠡᠨ ᠪᠤᠶᠤ ᠠᠯᠪᠠᠨ ᠭᠡᠷᠡᠴᠢᠯᠡᠭᠡ ᠬᠢᠭᠰᠡᠨ ᠳᠤᠮᠳᠠᠳᠤ ᠶᠢᠨ ᠬᠠᠷᠢᠶᠠᠲᠤ ᠨᠠᠷ ᠭᠠᠳᠠᠭᠠᠳᠤ ᠳᠤ ᠣᠷᠣᠰᠢᠨ ᠰᠠᠭᠤᠭᠰᠠᠨ ᠭᠡᠷᠡᠴᠢ ᠪᠤᠶᠤ ᠣᠷᠣᠰᠢᠨ ᠰᠠᠭᠤᠭ᠎ᠠ ᠪᠣᠳᠠᠲᠤ ᠬᠡᠷᠡᠭ ᠢ ᠭᠡᠷᠡᠴᠢᠯᠡᠵᠦ ᠪᠣᠯᠬᠤ ᠪᠤᠰᠤᠳ ᠮᠠᠲ᠋ᠧᠷᠢᠶᠠᠯ᠃︵ᠳᠤᠯᠤᠭ᠎ᠠ︶ᠰᠠᠭᠤᠷᠢᠰᠢᠯ ᠭᠠᠵᠠᠷ    ︵ᠨᠠᠢᠮᠠ︶ᠭᠤᠶᠤᠴᠢᠯᠠᠬᠤ ᠤᠴᠢᠷ ᠰᠢᠯᠲᠠᠭᠠᠨ ᠲᠠᠢ ᠬᠠᠷᠠᠭᠠᠯᠵᠠᠭᠰᠠᠨ ᠭᠡᠷᠡᠴᠢ᠃    ᠳᠤᠮᠳᠠᠳᠤ ᠶᠢᠨ ᠬᠠᠷᠢᠶᠠᠲᠤ ᠲᠤᠰ ᠪᠡᠶ᠎ᠡ ᠨᠢ ᠪᠤᠰᠤᠳᠴᠢ ᠰᠢᠯᠲᠠᠭᠠᠨ ᠠᠴᠠ ᠪᠣᠯᠣᠭᠠᠳ ᠥᠪᠡᠷ ᠢᠶᠠᠨ ᠭᠦᠢᠴᠡᠳᠬᠡᠬᠦ ᠶᠢᠨ ᠠᠷᠭ᠎ᠠ ᠦᠭᠡᠢ ᠪᠣᠯ ᠲᠥᠷᠥᠯ ᠰᠠᠳᠤᠨ ᠳᠤᠨᠢ ᠨᠠᠶᠢᠳᠠᠵᠤ ᠭᠤᠶᠤᠴᠢᠯᠠᠭᠤᠯᠵᠤ ᠪᠣᠯᠣᠨ᠎ᠠ᠃ ᠲᠥᠷᠥᠯ ᠰᠠᠳᠤᠨ ᠨᠢ ᠤᠯᠤᠰ ᠲᠤ ᠪᠠᠨ ᠪᠤᠴᠠᠵᠤ ᠰᠠᠭᠤᠷᠢᠰᠢᠬᠤ ᠪᠠᠷ ᠭᠤᠶᠤᠴᠢᠯᠠᠪᠠᠯ᠂ ᠨᠠᠶᠢᠳᠠᠭᠴᠢ ᠶᠢᠨ ᠪᠡᠶ᠎ᠡ ᠶᠢᠨ ᠦᠨᠡᠮᠯᠡᠯ ᠢ ᠲᠤᠰᠢᠶᠠᠵᠤ᠂ ᠠᠯᠪᠠᠨ ᠭᠡᠷᠡᠴᠢᠯᠡᠭᠡ ᠪᠠᠷ ᠳᠠᠮᠵᠢᠨ ᠲᠥᠷᠥᠯ ᠰᠠᠳᠤᠨ ᠤ ᠬᠠᠷᠢᠴᠠᠭ᠎ᠠ ᠶᠢᠨ ᠭᠡᠷᠡᠴᠢ ᠪᠠ ᠨᠠᠶᠢᠳᠠᠯᠭ᠎ᠠ ᠶᠢᠨ ᠪᠢᠴᠢᠭ ᠢ ᠲᠤᠰᠢᠶᠠᠬᠤ ᠬᠡᠷᠡᠭᠲᠡᠢ᠃    ︽ᠳᠤᠮᠳᠠᠳᠤ ᠶᠢᠨ ᠬᠠᠷᠢᠶᠠᠲᠤ ᠨᠠᠷ ᠤᠯᠤᠰ ᠲᠠᠭᠠᠨ ᠪᠤᠴᠠᠵᠤ ᠰᠠᠭᠤᠷᠢᠰᠢᠬᠤ ᠶᠢ ᠰᠢᠢᠳᠪᠦᠷᠢᠯᠡᠬᠦ ᠠᠵᠢᠯ ᠤᠨ ᠲᠣᠭᠲᠠᠭᠠᠯ︾ ᠢ ᠳᠠᠷᠤᠮᠠᠯᠯᠠᠨ ᠶᠠᠪᠤᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠬᠠᠷᠢᠶᠠᠲᠤ ᠨᠠᠷ ᠤᠨ ᠠᠵᠢᠯ ᠤᠨ ᠠᠯᠪᠠᠨ ᠭᠡᠷ ᠳᠣᠲᠣᠭᠠᠳᠤ ᠶᠢ ᠬᠠᠮᠠᠭᠠᠯᠠᠬᠤ ᠶᠠᠮᠤᠨ ᠤ ᠮᠡᠳᠡᠭᠳᠡᠯ ᠢ ᠦᠨᠳᠦᠰᠦᠯᠡᠨ᠂ ᠲᠠᠪᠤᠳᠤᠭᠠᠷ ᠪᠦᠯᠦᠭ ᠤᠨ ᠠᠷᠪᠠᠨ ᠳᠥᠷᠪᠡᠳᠦᠭᠡᠷ ᠵᠦᠢᠯ ᠳᠤ ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠠᠷᠢᠶᠠᠲᠤ ᠨᠠᠷ ᠤᠨ ᠶᠠᠪᠤᠳᠠᠯ ᠤᠨ ᠰᠠᠯᠠᠭ᠎ᠠ ᠮᠥᠴᠢᠷ ᠠᠳᠠᠯᠢ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠲᠠᠢ ᠬᠠᠮᠲᠤᠷᠠᠨ᠂ ᠲᠣᠭᠲᠠᠭᠠᠯ ᠢ ᠦᠨᠳᠦᠰᠦᠯᠡᠨ ᠲᠣᠰ ᠭᠠᠵᠠᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠪᠣᠳᠠᠲᠠᠢ ᠬᠡᠷᠡᠭᠵᠢᠭᠦᠯᠬᠦ ᠠᠷᠭ᠎ᠠ ᠶᠢ ᠲᠣᠭᠲᠠᠭᠠᠬᠤ ᠬᠡᠷᠡᠭᠲᠡᠢ᠃    ᠬᠢᠨᠠᠯᠲᠠ ᠬᠠᠮᠢᠶᠠᠷᠤᠯᠲᠠ ᠶᠢᠨ ᠦᠨᠳᠦᠰᠦᠯᠡᠯ    ︽ ᠢ ᠳᠠᠷᠤᠮᠠᠯᠯᠠᠨ ᠶᠠᠪᠤᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠬᠠᠷᠢᠶᠠᠲᠤ ᠨᠠᠷ ᠤᠨ ᠠᠵᠢᠯ ᠤᠨ ᠠᠯᠪᠠᠨ ᠭᠡᠷ᠂ ᠳᠣᠲᠣᠭᠠᠳᠤ ᠶᠢ ᠬᠠᠮᠠᠭᠠᠯᠠᠬᠤ ᠶᠠᠮᠤᠨ᠂ ᠭᠠᠳᠠᠭᠠᠳᠤ ᠶᠠᠪᠤᠳᠠᠯ ᠤᠨ ᠶᠠᠮᠤᠨ ᠤ ᠮᠡᠳᠡᠭᠳᠡᠯ︾ ( ᠤᠯᠤᠰ ᠤᠨ ᠬᠠᠷᠢᠶᠠᠲᠤ ᠨᠠᠷ ᠲᠠᠷᠬᠠᠭᠠᠭᠰᠠᠨ [ 2013] 18 ᠳ᠋ᠤᠭᠠᠷ ᠲᠣᠭᠠᠲᠤ)    ᠠᠷᠪᠠᠨ ᠳᠥᠷᠪᠡᠳᠦᠭᠡᠷ ᠵᠦᠢᠯ᠄ ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠠᠷᠢᠶᠠᠲᠤ ᠶᠢᠨ ᠠᠵᠢᠯ ᠤᠨ ᠰᠠᠯᠠᠭ᠎ᠠ ᠮᠥᠴᠢᠷ ᠨᠢ ᠠᠳᠠᠯᠢ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠲᠠᠢ ᠬᠠᠮᠲᠤᠷᠠᠵᠤ ᠂ ᠲᠤᠰ ᠲᠣᠭᠲᠠᠭᠠᠯ ᠢ ᠦᠨᠳᠦᠰᠦᠯᠡᠨ᠂ ᠲᠤᠰ ᠭᠠᠵᠠᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠪᠣᠳᠠᠲᠠᠢ ᠬᠡᠷᠡᠭᠵᠢᠭᠦᠯᠬᠦ ᠠᠷᠭ᠎ᠠ ᠲᠣᠭᠲᠠᠭᠠᠬᠤ ᠶᠢᠨ ᠬᠠᠮᠲᠤ ᠲᠥᠷᠥ ᠶᠢᠨ ᠶᠠᠪᠤᠳᠠᠯ ᠤᠨ ᠬᠤᠷᠢᠶᠠᠨ ᠤ ᠬᠠᠷᠢᠶᠠᠲᠤ ᠨᠠᠷ ᠤᠨ ᠶᠠᠪᠤᠳᠠᠯ ᠤᠨ ᠠᠯᠪᠠᠨ ᠭᠡᠷ ᠲᠤ ᠮᠡᠳᠡᠭᠦᠯᠵᠦ ᠳᠠᠩᠰᠠᠯᠠᠭᠤᠯᠬᠤ ᠬᠡᠷᠡᠭᠲᠡᠢ᠃    ᠠᠷᠪᠠᠨ ᠲᠠᠪᠤᠳᠤᠭᠠᠷ ᠵᠦᠢᠯ ᠬᠤᠲᠠ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠠᠷᠢᠶᠠᠲᠤ ᠶᠢᠨ ᠶᠠᠪᠤᠳᠠᠯ ᠤᠨ ᠰᠠᠯᠠᠭ᠎ᠠ ᠮᠥᠴᠢᠷ ᠠᠴᠠ ᠳᠤᠮᠳᠠᠳᠤ ᠶᠢᠨ ᠬᠠᠷᠢᠶᠠᠲᠤ ᠶᠢᠨ ᠤᠯᠤᠰ ᠲᠠᠭᠠᠨ ᠪᠤᠴᠠᠵᠤ ᠰᠠᠭᠤᠷᠢᠰᠢᠭᠤᠯᠬᠤ ᠭᠤᠶᠤᠴᠢᠯᠠᠯ ᠢ ᠬᠢᠨᠠᠨ ᠵᠥᠪᠰᠢᠶᠡᠷᠡᠪᠡᠯ᠂ ᠳᠤᠮᠳᠠᠳᠤ ᠶᠢᠨ ᠬᠠᠷᠢᠶᠠᠲᠤ ᠶᠢᠨ ᠤᠯᠤᠰ ᠲᠠᠭᠠᠨ ᠪᠤᠴᠠᠵᠤ ᠰᠠᠭᠤᠷᠢᠰᠢᠬᠤ ᠶᠢ ᠬᠢᠨᠠᠨ ᠵᠥᠪᠰᠢᠶᠡᠷᠡᠭᠰᠡᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠪᠢᠴᠢᠭ ᠤᠨ ᠬᠡᠯᠪᠡᠷᠢ ᠪᠠᠷ ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠠᠷᠢᠶᠠᠲᠤ ᠶᠢᠨ ᠶᠠᠪᠤᠳᠠᠯ ᠤᠨ ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠬᠦ ᠬᠡᠷᠡᠭᠲᠡᠢ᠃    ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠠᠷᠢᠶᠠᠲᠤ ᠶᠢᠨ ᠶᠠᠪᠤᠳᠠᠯ ᠤᠨ ᠰᠠᠯᠠᠭ᠎ᠠ ᠮᠥᠴᠢᠷ ᠤᠳ ᠵᠢᠯ ᠪᠦᠷᠢ ᠶᠢᠨ ᠭᠤᠷᠪᠠᠳᠤᠭᠠᠷ ᠰᠠᠷ᠎ᠠ ᠳᠤ ᠳᠤᠮᠳᠠᠳᠤ ᠶᠢᠨ ᠬᠠᠷᠢᠶᠠᠲᠤ ᠶᠢᠨ ᠤᠯᠤᠰ ᠲᠠᠭᠠᠨ ᠪᠤᠴᠠᠵᠤ ᠰᠠᠭᠤᠷᠢᠰᠢᠭᠰᠠᠨ ᠳᠡᠭᠡᠷ᠎ᠡ ᠨᠢᠭᠡ ᠵᠢᠯ ᠤᠨ ᠬᠢᠨᠠᠨ ᠵᠥᠪᠰᠢᠶᠡᠷᠡᠭᠰᠡᠨ ᠪᠠᠶᠢᠳᠠᠯ ᠢᠶᠠᠨ ᠪᠢᠴᠢᠭ ᠤᠨ ᠬᠡᠯᠪᠡᠷᠢ ᠪᠠᠷ ᠲᠥᠷᠥ ᠶᠢᠨ ᠶᠠᠪᠤᠳᠠᠯ ᠤᠨ ᠬᠤᠷᠢᠶᠠᠨ ᠤ ᠬᠠᠷᠢᠶᠠᠲᠤ ᠶᠢᠨ ᠶᠠᠪᠤᠳᠠᠯ ᠤᠨ ᠠᠯᠪᠠᠨ ᠭᠡᠷ ᠲᠤ ᠮᠡᠳᠡᠭᠦᠯᠦᠨ ᠬᠦᠷᠭᠡᠬᠦ ᠶᠢᠨ ᠬᠠᠮᠲᠤ ᠠᠳᠠᠯᠢ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠳᠤ ᠨᠡᠪᠲᠡᠷᠡᠭᠦᠯᠬᠦ ᠬᠡᠷᠡᠭᠲᠡᠢ᠃    ᠵᠠᠰᠠᠭ ᠵᠠᠬᠢᠷᠭᠠᠨ ᠤ ᠵᠥᠪᠰᠢᠶᠡᠷᠡᠯ ᠤᠨ ᠨᠥᠬᠦᠴᠡᠯ ᠲᠣᠭᠲᠠᠭᠠᠭᠰᠠᠨ ᠦᠨᠳᠦᠰᠦᠯᠡᠯ    ︽ ᠢ ᠳᠠᠷᠤᠮᠠᠯᠯᠠᠨ ᠶᠠᠪᠤᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠬᠠᠷᠢᠶᠠᠲᠤ ᠨᠠᠷ ᠤᠨ ᠠᠵᠢᠯ ᠤᠨ ᠠᠯᠪᠠᠨ ᠭᠡᠷ᠂ ᠳᠣᠲᠣᠭᠠᠳᠤ ᠶᠢ ᠬᠠᠮᠠᠭᠠᠯᠠᠬᠤ ᠶᠠᠮᠤᠨ᠂ ᠭᠠᠳᠠᠭᠠᠳᠤ ᠶᠠᠪᠤᠳᠠᠯ ᠤᠨ ᠶᠠᠮᠤᠨ ᠤ ᠮᠡᠳᠡᠭᠳᠡᠯ︾ ( ᠤᠯᠤᠰ ᠤᠨ ᠬᠠᠷᠢᠶᠠᠲᠤ ᠨᠠᠷ ᠲᠠᠷᠬᠠᠭᠠᠭᠰᠠᠨ [ 2013] 18 ᠳ᠋ᠤᠭᠠᠷ ᠲᠣᠭᠠᠲᠤ)    ᠳᠥᠷᠪᠡᠳᠦᠭᠡᠷ ᠵᠦᠢᠯ᠄ ᠳᠤᠮᠳᠠᠳᠤ ᠶᠢᠨ ᠬᠠᠷᠢᠶᠠᠲᠤ ᠤᠯᠤᠰ ᠲᠠᠭᠠᠨ ᠪᠤᠴᠠᠵᠤ ᠰᠠᠭᠤᠷᠢᠰᠢᠭᠤᠯᠬᠤ ᠪᠠᠷ ᠭᠤᠶᠤᠴᠢᠯᠠᠵᠤ᠂ ᠲᠣᠭᠲᠠᠮᠠᠯ ᠣᠷᠣᠰᠢᠨ ᠰᠠᠭᠤᠬᠤ ᠪᠠᠷ ᠪᠠᠶᠢᠭ᠎ᠠ ᠭᠠᠵᠠᠷ ᠨᠢ ᠤᠤᠯ ᠤᠨ ᠡᠷᠦᠬᠡ ᠠᠮᠠ ᠶᠢᠨ ᠳᠠᠩᠰᠠ ᠪᠠᠨ ᠬᠦᠴᠦᠨ ᠦᠭᠡᠢ ᠪᠣᠯᠭᠠᠬᠤ ᠭᠠᠵᠠᠷ ᠪᠠᠶᠢᠪᠠᠯ᠂ ᠬᠠᠮᠲᠤ ᠳᠤᠨᠢ ᠳᠣᠣᠷᠠᠬᠢ ᠨᠥᠬᠦᠴᠡᠯ ᠳᠤ ᠨᠡᠶᠢᠴᠡᠭᠰᠡᠨ᠄ ( ᠨᠢᠭᠡ) ᠨᠢᠭᠡᠨᠲᠡ ᠤᠯᠤᠰ ᠤᠨ ᠳᠣᠲᠣᠭᠠᠳᠤ ᠳᠤ ᠵᠠᠯᠭᠠᠪᠠᠷ ᠵᠣᠬᠢᠬᠤ ᠴᠠᠭ ᠪᠣᠯᠤᠭᠰᠠᠨ; ( ᠬᠤᠶᠠᠷ) ᠲᠣᠭᠲᠠᠪᠤᠷᠢᠲᠠᠢ ᠠᠮᠢᠳᠤᠷᠠᠯ ᠤᠨ ᠪᠠᠲᠤᠯᠠᠭ᠎ᠠ ᠪᠠ ᠬᠠᠤᠯᠢ ᠶᠣᠰᠣᠨ ᠤ ᠲᠣᠭᠲᠠᠮᠠᠯ ᠣᠷᠣᠨ ᠰᠠᠭᠤᠴᠠ ᠲᠠᠢ ᠪᠠᠶᠢᠬᠤ ᠬᠡᠷᠡᠭᠲᠡᠢ᠃ ᠣᠷᠣᠰᠢᠨ ᠰᠠᠭᠤᠬᠤ ᠪᠠᠷ ᠪᠠᠶᠢᠭ᠎ᠠ ᠭᠠᠵᠠᠷ ᠨᠢ ᠤᠤᠯ ᠤᠨ ᠡᠷᠦᠬᠡ ᠠᠮᠠ ᠶᠢᠨ ᠳᠠᠩᠰᠠ ᠪᠠᠨ ᠬᠦᠴᠦᠨ ᠦᠭᠡᠢ ᠪᠣᠯᠭᠠᠬᠤ ᠪᠤᠰᠤ ᠭᠠᠵᠠᠷ ᠪᠣᠯ ᠨᠢᠭᠡᠳᠦᠭᠡᠷ ᠵᠤᠷᠪᠤᠰ ᠲᠤ ᠲᠣᠭᠲᠠᠭᠠᠭᠰᠠᠨ ᠨᠥᠬᠦᠴᠡᠯ ᠳᠤ ᠨᠡᠶᠢᠴᠡᠬᠦ ᠠᠴᠠ ᠭᠠᠳᠠᠨ᠎ᠠ᠂ ᠪᠠᠰᠠ ᠵᠢᠱᠢᠨ ᠲᠣᠭᠲᠠᠭᠰᠠᠨ ᠭᠠᠵᠠᠷ ᠤᠨ ᠬᠠᠷᠢᠶᠠᠯᠠᠭᠳᠠᠬᠤ ᠮᠤᠵᠢ᠂ ᠬᠤᠲᠠ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠠᠷᠢᠶᠠᠲᠤ ᠶᠠᠪᠤᠳᠠᠯ ᠤᠨ ᠰᠠᠯᠠᠭ᠎ᠠ ᠮᠥᠴᠢᠷ ᠪᠣᠯᠣᠨ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ᠬᠠᠮᠲᠤᠷᠠᠨ ᠲᠣᠭᠲᠠᠭᠠᠭᠰᠠᠨ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠢ᠃    ︽︿ᠳᠤᠮᠳᠠᠳᠤ ᠶᠢᠨ ᠬᠠᠷᠢᠶᠠᠲᠤ ᠭᠠᠳᠠᠭᠠᠳᠤ ᠶᠢᠨ ᠬᠠᠷᠢᠶᠠᠲᠤ ᠪᠠ ᠬᠠᠷᠢᠶᠠᠲᠤ ᠨᠠᠷ ᠤᠨ ᠭᠡᠷ ᠪᠦᠯᠢ ᠶᠢᠨ ᠬᠢᠷᠢ ᠭᠡᠮ ᠢ ᠵᠠᠭᠠᠭᠯᠠᠨ ᠲᠣᠭᠲᠠᠭᠠᠬᠤ ᠲᠤᠬᠠᠢ ᠳᠤᠮᠳᠠᠳᠤ ᠶᠢᠨ ᠬᠠᠷᠢᠶᠠᠲᠤ ᠶᠢᠨ ᠠᠯᠪᠠᠨ ᠭᠡᠷ ᠤᠨ ᠲᠣᠭᠲᠠᠭᠠᠯ﹀ ᠢ ᠳᠠᠷᠤᠮᠠᠯᠯᠠᠨ ᠶᠠᠪᠤᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠬᠠᠷᠢᠶᠠᠲᠤ ᠨᠠᠷ ᠤᠨ ᠠᠵᠢᠯ ᠤᠨ ᠠᠯᠪᠠᠨ ᠭᠡᠷ ᠤᠨ ᠮᠡᠳᠡᠭᠳᠡᠯ︾ ︵ᠤᠯᠤᠰ ᠤᠨ ᠬᠠᠷᠢᠶᠠᠲᠤ ᠨᠠᠷ ᠲᠠᠷᠬᠠᠭᠠᠭᠰᠠᠨ﹇2009﹈ 5 ᠳ᠋ᠤᠭᠠᠷ ᠲᠣᠭᠠᠲᠤ︶ᠨᠢᠭᠡᠳᠦᠭᠡᠷ ᠵᠦᠢᠯ᠄ ᠳᠤᠮᠳᠠᠳᠤ ᠶᠢᠨ ᠬᠠᠷᠢᠶᠠᠲᠤ ᠪᠣᠯ ᠭᠠᠳᠠᠭᠠᠳᠤ ᠳᠤ ᠰᠠᠭᠤᠷᠢᠱᠢᠵᠤ ᠪᠠᠶᠢᠭ᠎ᠠ ᠳᠤᠮᠳᠠᠳᠤ ᠤᠯᠤᠰ ᠤᠨ ᠠᠷᠠᠳ ᠢᠷᠭᠡᠳ ᠢ ᠵᠢᠭᠠᠵᠤ ᠪᠠᠶᠢᠨ᠎ᠠ᠃ ᠨᠢᠭᠡ᠂︽ᠰᠠᠭᠤᠷᠢᠰᠢᠨ ᠰᠠᠭᠤᠬᠤ︾ ᠭᠡᠳᠡᠭ ᠪᠣᠯ ᠳᠤᠮᠳᠠᠳᠤ ᠤᠯᠤᠰ ᠤᠨ ᠠᠷᠠᠳ ᠢᠷᠭᠡᠨ ᠨᠢᠭᠡᠨᠲᠡ ᠤᠯᠤᠰ ᠲᠤ ᠤᠷᠲᠤ ᠬᠤᠭᠤᠴᠠᠭ᠎ᠠ ᠪᠤᠶᠤ ᠡᠭᠦᠷᠢᠳᠡ ᠣᠷᠣᠰᠢᠨ ᠰᠠᠭᠤᠬᠤ ᠡᠷᠬᠡ ᠶᠢ ᠣᠯᠣᠭᠰᠠᠨ ᠪᠥᠭᠡᠳ ᠨᠢᠭᠡᠨᠲᠡ ᠰᠠᠭᠤᠭ᠎ᠠ ᠤᠯᠤᠰ ᠲᠤ ᠦᠷᠭᠦᠯᠵᠢᠯᠡᠨ ᠬᠤᠶᠠᠷ ᠵᠢᠯ ᠣᠷᠣᠰᠢᠨ ᠰᠠᠭᠤᠵᠤ᠂ ᠬᠤᠶᠠᠷ ᠵᠢᠯ ᠤᠨ ᠳᠣᠲᠣᠷ᠎ᠠ ᠨᠡᠶᠢᠲᠡ 18 ᠰᠠᠷ᠎ᠠ ᠠᠴᠠ ᠳᠤᠲᠠᠭᠤ ᠦᠭᠡᠢ ᠣᠷᠣᠰᠢᠨ ᠰᠠᠭᠤᠬᠤ ᠶᠢ ᠵᠢᠭᠠᠵᠤ ᠪᠤᠶ᠃ ᠬᠤᠶᠠᠷ᠂ ᠳᠤᠮᠳᠠᠳᠤ ᠤᠯᠤᠰ ᠤᠨ ᠠᠷᠠᠳ ᠢᠷᠭᠡᠨ ᠬᠡᠳᠦᠶᠢᠪᠡᠷ ᠤᠯᠤᠰ ᠲᠤ ᠤᠷᠲᠤ ᠬᠤᠭᠤᠴᠠᠭ᠎ᠠ ᠪᠠᠷ ᠰᠠᠭᠤᠭᠰᠠᠨ ᠪᠤᠶᠤ ᠡᠭᠦᠷᠢᠳᠡ ᠶᠢᠨ ᠣᠷᠣᠱᠢᠨ ᠰᠠᠭᠤᠬᠤ ᠡᠷᠬᠡ ᠪᠠᠨ ᠠᠪᠤᠭᠰᠠᠨ ᠦᠭᠡᠢ ᠪᠣᠯᠪᠠᠴᠤ᠂ ᠨᠢᠭᠡᠨᠲᠡ ᠤᠯᠤᠰ ᠨᠢ ᠵᠠᠯᠭᠠᠭ᠎ᠠ ᠪᠠᠷ 5 ᠵᠢᠯ ᠠᠴᠠ ᠳᠡᠭᠡᠭᠱᠢ ( 5 ᠵᠢᠯ ᠪᠠᠭᠲᠠᠨ᠎ᠠ)  ᠶᠢᠨ ᠬᠠᠤᠯᠢ ᠶᠣᠰᠣᠨ ᠤ ᠣᠷᠣᠱᠢᠨ ᠰᠠᠭᠤᠬᠤ ᠬᠢᠷᠢ ᠭᠡᠮ ᠢ ᠣᠯᠵᠤ᠂ 5 ᠵᠢᠯ ᠦᠨ ᠳᠣᠲᠣᠷ᠎ᠠ ᠰᠠᠭᠤᠭ᠎ᠠ ᠤᠯᠤᠰ ᠲᠤ ᠨᠡᠶᠢᠲᠡ 30 ᠰᠠᠷ᠎ᠠ ᠠᠴᠠ ᠳᠤᠲᠠᠭᠤ ᠦᠭᠡᠢ ᠰᠠᠭᠤᠵᠤ᠂ ᠳᠤᠮᠳᠠᠳᠤ ᠶᠢᠨ ᠬᠠᠷᠢᠶᠠᠲᠤ ᠭᠡᠵᠦ ᠦᠵᠡᠨ᠎ᠡ᠃ ᠭᠤᠷᠪᠠ᠂ ᠳᠤᠮᠳᠠᠳᠤ ᠤᠯᠤᠰ ᠤᠨ ᠠᠷᠠᠳ ᠢᠷᠭᠡᠨ ᠤ ᠭᠠᠳᠠᠭᠠᠳᠤ ᠳᠤ ᠭᠠᠷᠴᠤ ᠰᠤᠷᠤᠯᠴᠠᠬᠤ ( ᠠᠯᠪᠠᠨ ᠠᠴᠠ ᠲᠣᠮᠢᠯᠠᠬᠤ ᠪᠠ ᠥᠪᠡᠷ ᠤᠨ ᠵᠠᠷᠤᠳᠠᠯ ᠢ ᠪᠠᠭᠲᠠᠭᠠᠨ᠎ᠠ) ᠭᠠᠳᠠᠭᠰᠢ ᠰᠤᠷᠤᠯᠴᠠᠬᠤ ᠬᠤᠭᠤᠴᠠᠭ᠎ᠠ᠂ ᠡᠰᠡᠬᠦᠯ᠎ᠡ ᠠᠯᠪᠠᠨ ᠶᠠᠪᠤᠳᠠᠯ ᠢᠶᠠᠷ ᠭᠠᠳᠠᠭᠠᠳᠤ ᠳᠤ ᠭᠠᠷᠬᠤ ( ᠭᠠᠳᠠᠭᠠᠳᠤ ᠳᠤ ᠲᠣᠮᠢᠯᠠᠬᠤ ᠬᠥᠳᠡᠯᠮᠦᠷᠢ ᠦᠢᠯᠡᠴᠢᠯᠡᠭᠡᠨ ᠤ ᠬᠥᠮᠥᠰ ᠢ ᠪᠠᠭᠲᠠᠭᠠᠨ᠎ᠠ) ᠭᠠᠳᠠᠭᠠᠳᠤ ᠳᠤ ᠠᠵᠢᠯᠯᠠᠵᠤ ᠪᠠᠶᠢᠬᠤ ᠬᠤᠭᠤᠴᠠᠭᠠᠨ ᠳᠤ᠂ ᠳᠤᠮᠳᠠᠳᠤ ᠶᠢᠨ ᠬᠠᠷᠢᠶᠠᠲᠤ ᠭᠡᠵᠦ ᠦᠵᠡᠬᠦ ᠦᠭᠡᠢ᠃    ᠲᠣᠭᠲᠠᠭᠠᠭᠰᠠᠨ ᠭᠤᠶᠤᠴᠢᠯᠠᠯ ᠤᠨ ᠮᠠᠲ᠋ᠧᠷᠢᠶᠠᠯ ᠤᠨ ᠦᠨᠳᠦᠰᠦᠯᠡᠯ    ︽ ᠢ ᠳᠠᠷᠤᠮᠠᠯᠯᠠᠨ ᠶᠠᠪᠤᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠬᠠᠷᠢᠶᠠᠲᠤ ᠨᠠᠷ ᠤᠨ ᠠᠵᠢᠯ ᠤᠨ ᠠᠯᠪᠠᠨ ᠭᠡᠷ᠂ ᠳᠣᠲᠣᠭᠠᠳᠤ ᠶᠢ ᠬᠠᠮᠠᠭᠠᠯᠠᠬᠤ ᠶᠠᠮᠤᠨ᠂ ᠭᠠᠳᠠᠭᠠᠳᠤ ᠶᠠᠪᠤᠳᠠᠯ ᠤᠨ ᠶᠠᠮᠤᠨ ᠤ ᠮᠡᠳᠡᠭᠳᠡᠯ︾ ( ᠤᠯᠤᠰ ᠤᠨ ᠬᠠᠷᠢᠶᠠᠲᠤ ᠨᠠᠷ ᠲᠠᠷᠬᠠᠭᠠᠭᠰᠠᠨ [ 2013] 18 ᠳ᠋ᠤᠭᠠᠷ ᠲᠣᠭᠠᠲᠤ)    ᠲᠠᠪᠤᠳᠤᠭᠠᠷ ᠵᠦᠢᠯ ᠳᠤᠮᠳᠠᠳᠤ ᠶᠢᠨ ᠬᠠᠷᠢᠶᠠᠲᠤ ᠲᠤᠰ ᠬᠥᠮᠥᠨ ᠨᠢ ᠤᠯᠤᠰ ᠲᠠᠭᠠᠨ ᠪᠤᠴᠠᠵᠤ ᠰᠠᠭᠤᠷᠢᠰᠢᠭᠤᠯᠬᠤ ᠪᠠᠷ ᠭᠤᠶᠤᠴᠢᠯᠠᠯ ᠢᠶᠠᠨ ᠳᠤᠷᠠᠳᠬᠤ ᠳᠠᠭᠠᠨ᠂ ᠤᠯᠤᠰ ᠲᠠᠭᠠᠨ ᠪᠤᠴᠠᠵᠤ ᠰᠠᠭᠤᠷᠢᠰᠢᠭᠤᠯᠬᠤ ᠭᠤᠶᠤᠴᠢᠯᠠᠯ ᠤᠨ ᠬᠦᠰᠦᠨᠦᠭᠲᠦ᠂ ᠬᠢᠯᠢ ᠪᠠᠷ ᠣᠷᠣᠵᠤ ᠭᠠᠷᠤᠭᠰᠠᠨ ᠲᠡᠮᠳᠡᠭᠯᠡᠯ᠂ ᠬᠦᠴᠦᠨ ᠲᠠᠢ ᠫᠠᠰᠫᠣᠷᠲ ᠪᠤᠶᠤ ᠵᠢᠭᠤᠯᠴᠢᠯᠠᠯ ᠤᠨ ᠭᠡᠷᠡᠴᠢ ᠵᠢᠴᠢ ᠪᠠᠭᠤᠯᠭᠠᠪᠤᠷᠢ᠂ ᠲᠣᠭᠲᠠᠭᠠᠯ ᠳᠤ ᠨᠡᠶᠢᠴᠡᠭᠰᠡᠨ ᠭᠡᠷᠡᠯ ᠵᠢᠷᠤᠭ᠂ ᠭᠠᠳᠠᠭᠠᠳᠤ ᠳᠤ ᠰᠠᠭᠤᠭ᠎ᠠ ᠡᠯᠴᠢᠨ ᠰᠠᠶᠢᠳ ᠤᠨ ᠶᠠᠮᠤᠨ ᠺᠤᠨᠰᠦ᠋ᠯ ᠤᠨ ᠭᠠᠵᠠᠷ ᠤᠨ ᠭᠡᠷᠡᠴᠢᠯᠡᠭᠰᠡᠨ ᠪᠤᠶᠤ ᠠᠯᠪᠠᠨ ᠭᠡᠷᠡᠴᠢᠯᠡᠭᠡ ᠬᠢᠭᠰᠡᠨ ᠳᠤᠮᠳᠠᠳᠤ ᠶᠢᠨ ᠬᠠᠷᠢᠶᠠᠲᠤ ᠨᠠᠷ ᠤᠨ ᠭᠠᠳᠠᠭᠠᠳᠤ ᠳᠤ ᠣᠷᠣᠰᠢᠨ ᠰᠠᠭᠤᠭ᠎ᠠ ᠭᠡᠷᠡᠴᠢ ᠪᠤᠶᠤ ᠣᠷᠣᠰᠢᠨ ᠰᠠᠭᠤᠭ᠎ᠠ ᠪᠣᠳᠠᠲᠤ ᠬᠡᠷᠡᠭ  ᠢ ᠨᠢ ᠭᠡᠷᠡᠴᠢᠯᠡᠵᠦ ᠪᠣᠯᠬᠤ ᠪᠤᠰᠤᠳ ᠮᠠᠲ᠋ᠧᠷᠢᠶᠠᠯ ᠪᠣᠯᠣᠨ ᠬᠦᠯᠢᠶᠡᠨ ᠠᠪᠴᠤ ᠰᠢᠢᠳᠪᠦᠷᠢᠯᠡᠬᠦ ᠨᠥᠬᠦᠴᠡᠯ ᠯᠦᠭᠡ ᠬᠤᠯᠪᠣᠭᠳᠠᠬᠤ ᠪᠤᠰᠤᠳ ᠭᠡᠷᠡᠴᠢᠯᠡᠬᠦ ᠮᠠᠲ᠋ᠧᠷᠢᠶᠠᠯ ᠤᠳ  ᠢ ᠲᠤᠰᠢᠶᠠᠬᠤ ᠬᠡᠷᠡᠭᠲᠡᠢ᠃ ᠬᠢᠲᠠᠳ ᠤᠨ ᠴᠠᠭᠠᠴᠢ ᠨᠠᠷ ᠤᠯᠤᠰ ᠲᠤ ᠪᠠᠨ ᠪᠤᠴᠠᠨ ᠰᠠᠭᠤᠷᠢᠰᠢᠯ ᠳᠤ ᠴᠠᠭᠠᠴᠢ ᠶᠢᠨ ᠲᠤᠰ ᠬᠥᠮᠥᠨ ᠨᠢ ᠡᠷᠭᠦᠳᠡᠯ ᠭᠠᠷᠭᠠᠬᠤ ᠬᠡᠷᠡᠭᠲᠡᠢ᠃ ᠳᠤᠮᠳᠠᠳᠤ ᠶᠢᠨ ᠬᠠᠷᠢᠶᠠᠲᠤ ᠲᠤᠰ ᠬᠥᠮᠥᠨ ᠨᠢ ᠦᠨᠡᠨ ᠪᠣᠳᠠᠲᠠᠢ ᠪᠤᠰᠤᠳᠴᠢ ᠰᠢᠯᠲᠠᠭᠠᠨ ᠠᠴᠠ ᠪᠣᠯᠣᠭᠠᠳ ᠥᠪᠡᠷ ᠢᠶᠠᠨ ᠭᠦᠢᠴᠡᠳᠬᠡᠬᠦ ᠶᠢᠨ ᠠᠷᠭ᠎ᠠ ᠦᠭᠡᠢ ᠪᠣᠯ ᠲᠥᠷᠥᠯ ᠰᠠᠳᠤᠨ ᠳᠤᠨᠢ ᠨᠠᠶᠢᠳᠠᠵᠤ ᠭᠤᠶᠤᠴᠢᠯᠠᠭᠤᠯᠵᠤ ᠪᠣᠯᠣᠨ᠎ᠠ᠃ ᠲᠥᠷᠥᠯ ᠰᠠᠳᠤᠨ ᠨᠢ ᠤᠯᠤᠰ ᠲᠤ ᠪᠠᠨ ᠪᠤᠴᠠᠵᠤ ᠰᠠᠭᠤᠷᠢᠰᠢᠬᠤ ᠪᠠᠷ ᠭᠤᠶᠤᠴᠢᠯᠠᠪᠠᠯ᠂ ᠲᠤᠰ ᠵᠦᠢᠯ ᠤᠨ ᠨᠢᠭᠡᠳᠦᠭᠡᠷ ᠵᠤᠷᠪᠤᠰ ᠲᠤ ᠲᠣᠭᠲᠠᠭᠠᠭᠰᠠᠨ ᠮᠠᠲ᠋ᠧᠷᠢᠶᠠᠯ ᠢ ᠲᠤᠰᠢᠶᠠᠬᠤ ᠴᠢᠬᠤᠯᠠᠲᠠᠢ ᠶᠢ ᠭᠠᠷᠭᠠᠪᠠᠯ᠂ ᠪᠠᠰᠠ ᠨᠠᠶᠢᠳᠠᠯᠭ᠎ᠠ ᠬᠦᠯᠢᠶᠡᠭᠴᠢ ᠶᠢᠨ ᠪᠡᠶ᠎ᠡ ᠶᠢᠨ ᠭᠡᠷᠡᠴᠢ᠂ ᠠᠯᠪᠠᠨ ᠭᠡᠷᠡᠴᠢᠯᠡᠭᠡ ᠪᠠᠷ ᠳᠠᠮᠵᠢᠭᠰᠠᠨ ᠲᠦᠷᠦᠯ ᠰᠠᠳᠤᠨ ᠤ ᠬᠠᠷᠢᠴᠠᠭ᠎ᠠ ᠶᠢᠨ ᠭᠡᠷᠡᠴᠢ ᠪᠠ ᠨᠠᠶᠢᠳᠠᠯᠭ᠎ᠠ ᠶᠢᠨ ᠪᠢᠴᠢᠭ ᠢ ᠲᠤᠰᠢᠶᠠᠬᠤ ᠬᠡᠷᠡᠭᠲᠡᠢ᠃    ︽ᠳᠤᠮᠳᠠᠳᠤ ᠶᠢᠨ ᠬᠠᠷᠢᠶᠠᠲᠤ ᠶᠢᠨ ᠶᠠᠪᠤᠳᠠᠯ ᠤᠨ ᠠᠯᠪᠠᠨ ᠭᠡᠷ ᠳᠣᠲᠣᠭᠠᠳᠤ ᠶᠢ ᠬᠠᠮᠠᠭᠠᠯᠠᠬᠤ ᠶᠠᠮᠤᠨ ᠤ ᠳᠤᠮᠳᠠᠳᠤ ᠶᠢᠨ ᠬᠠᠷᠢᠶᠠᠲᠤ ᠶᠢᠨ ᠤᠯᠤᠰ ᠲᠠᠭᠠᠨ ᠪᠤᠴᠠᠵᠤ ᠰᠠᠭᠤᠷᠢᠰᠢᠬᠤ ᠶᠢ ᠰᠢᠢᠳᠪᠦᠷᠢᠯᠡᠬᠦ ᠠᠵᠢᠯ ᠢ ᠳᠥᠭᠦᠮᠴᠢᠯᠡᠬᠦ ᠪᠠ ᠵᠢᠷᠤᠮᠵᠢᠭᠤᠯᠬᠤ ᠲᠤᠬᠠᠢ ᠮᠡᠳᠡᠭᠳᠡᠯ︾ ︵ᠳᠤᠮᠳᠠᠳᠤ ᠶᠢᠨ ᠬᠠᠷᠢᠶᠠᠲᠤ ᠶᠢᠨ ᠲᠠᠷᠬᠠᠭᠠᠭᠰᠠᠨ﹇2019﹈ 2 ᠳ᠋ᠤᠭᠠᠷ ᠲᠣᠭᠠᠲᠤ︶    ᠨᠢᠭᠡᠳᠦᠭᠡᠷ ᠵᠤᠷᠪᠤᠰ ᠁ ᠭᠤᠶᠤᠴᠢᠯᠠᠭᠴᠢ ᠨᠢ ᠤᠤᠯ ᠤᠨ ᠡᠷᠦᠬᠡ ᠠᠮᠠ ᠶᠢᠨ ᠳᠠᠩᠰᠠ ᠪᠠᠨ ᠬᠦᠴᠦᠨ ᠦᠭᠡᠢ ᠪᠣᠯᠭᠠᠭᠰᠠᠨ ᠭᠠᠵᠠᠷ ᠲᠠᠭᠠᠨ ᠤᠯᠤᠰ ᠲᠠᠭᠠᠨ ᠪᠤᠴᠠᠵᠤ ᠰᠠᠭᠤᠷᠢᠰᠢᠬᠤ ᠪᠠᠷ ᠭᠤᠶᠤᠴᠢᠯᠠᠭᠰᠠᠨ ᠪᠣᠯ ᠤᠤᠯ ᠤᠨ ᠡᠷᠦᠬᠡ ᠠᠮᠠ ᠶᠢᠨ ᠳᠠᠩᠰᠠ ᠪᠠᠨ ᠬᠦᠴᠦᠨ ᠦᠭᠡᠢ ᠪᠣᠯᠭᠠᠭᠰᠠᠨ ᠭᠡᠷᠡᠴᠢ ᠮᠠᠲ᠋ᠧᠷᠢᠶᠠᠯ ᠢᠶᠠᠨ ᠬᠠᠩᠭᠠᠬᠤ ᠴᠢᠬᠤᠯᠠ ᠦᠭᠡᠢ᠃ ᠳᠤᠮᠳᠠᠳᠤ ᠶᠢᠨ ᠬᠠᠷᠢᠶᠠᠲᠤ ᠨᠠᠷ ᠤᠯᠤᠰ ᠲᠠᠭᠠᠨ ᠪᠤᠴᠠᠵᠤ ᠰᠠᠭᠤᠷᠢᠰᠢᠭᠰᠠᠨ ᠲᠡᠮᠳᠡᠭᠯᠡᠯ ᠢᠶᠠᠨ ᠲᠤᠰᠢᠶᠠᠭᠰᠠᠨ ᠭᠡᠷᠡᠴᠢ ᠮᠠᠲ᠋ᠧᠷᠢᠶᠠᠯ ᠢᠶᠠᠨ ᠬᠦᠴᠦᠨ ᠦᠭᠡᠢ ᠪᠣᠯᠭᠠᠵᠤ᠂ ᠮᠤᠵᠢ ᠶᠢᠨ ᠱᠠᠲᠤ ᠪᠤᠶᠤ ᠬᠤᠲᠠ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠠᠷᠢᠶᠠᠲᠤ ᠶᠢᠨ ᠶᠠᠪᠤᠳᠠᠯ ᠤᠨ ᠰᠠᠯᠠᠭ᠎ᠠ ᠮᠥᠴᠢᠷ ᠠᠴᠠ ᠳᠤᠮᠳᠠᠳᠤ ᠶᠢᠨ ᠬᠠᠷᠢᠶᠠᠲᠤ ᠤᠯᠤᠰ ᠲᠠᠭᠠᠨ ᠪᠤᠴᠠᠵᠤ ᠰᠠᠭᠤᠷᠢᠰᠢᠬᠤ ᠶᠢ ᠬᠢᠨᠠᠨ ᠵᠥᠪᠰᠢᠶᠡᠷᠡᠬᠦ ᠠᠴᠠ ᠡᠮᠦᠨ᠎ᠡ᠂ ᠠᠳᠠᠯᠢ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ᠬᠢᠯᠢ ᠪᠠᠷ ᠭᠠᠷᠴᠤ ᠣᠷᠣᠬᠤ ᠬᠠᠮᠢᠶᠠᠷᠤᠯᠲᠠ ᠶᠢᠨ ᠰᠠᠯᠠᠭ᠎ᠠ ᠮᠥᠴᠢᠷ  ᠢ ᠬᠠᠮᠵᠢᠨ ᠳᠤᠮᠳᠠᠳᠤ ᠶᠢᠨ ᠬᠠᠷᠢᠶᠠᠲᠤ ᠬᠢᠯᠢ ᠪᠠᠷ ᠣᠷᠣᠵᠤ ᠭᠠᠷᠤᠭᠰᠠᠨ ᠲᠡᠮᠳᠡᠭᠯᠡᠯ ᠤᠨ ᠮᠡᠳᠡᠭᠡ ᠵᠠᠩᠭᠢ ᠪᠠ ᠬᠢᠯᠢ ᠪᠠᠷ ᠭᠠᠷᠴᠤ ᠣᠷᠣᠬᠤ ᠭᠡᠷᠡᠴᠢ ᠦᠨᠡᠮᠯᠡᠯ ᠳᠤ ᠮᠡᠳᠡᠭᠡ ᠵᠠᠩᠭᠢ ᠭᠠᠷ ᠤᠨ ᠦᠰᠦᠭ ᠵᠢᠷᠤᠵᠤ ᠶᠠᠪᠤᠭᠤᠯᠤᠭᠰᠠᠨ ᠵᠡᠷᠭᠡ ᠪᠠᠶᠢᠳᠠᠯ  ᠢ ᠬᠢᠨᠠᠨ ᠬᠠᠷᠭᠤᠭᠤᠯᠵᠤ ᠪᠣᠯᠣᠨ᠎ᠠ᠃ ᠡᠭᠦᠨ ᠠᠴᠠ ᠭᠠᠳᠠᠨ᠎ᠠ᠂ ᠳᠤᠮᠳᠠᠳᠤ ᠶᠢᠨ ᠬᠠᠷᠢᠶᠠᠲᠤ ᠨᠠᠷ ᠤᠯᠤᠰ ᠲᠠᠭᠠᠨ ᠪᠤᠴᠠᠵᠤ ᠰᠠᠭᠤᠷᠢᠰᠢᠬᠤ ᠶᠢ ᠭᠦᠢᠴᠡᠳᠬᠡᠬᠦ ᠳᠤ ᠬᠤᠯᠪᠣᠭᠳᠠᠬᠤ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠢ ᠶᠢᠨ ᠬᠢᠵᠦ ᠥᠭᠭᠦᠭᠰᠡᠨ ᠭᠡᠷᠡᠴᠢᠯᠡᠬᠦ ᠵᠦᠢᠯᠡᠰ ᠲᠤ᠂ ᠰᠠᠯᠠᠭ᠎ᠠ ᠮᠥᠴᠢᠷ ᠤᠨ ᠬᠤᠭᠤᠷᠣᠨᠳᠣᠬᠢ ᠮᠡᠳᠡᠭᠡ ᠵᠠᠩᠭᠢ ᠶᠢ ᠬᠠᠮᠲᠤ ᠪᠠᠷ ᠬᠦᠷᠲᠡᠬᠦ ᠲᠠᠪᠴᠠᠩ ᠢᠶᠠᠷ ᠳᠠᠮᠵᠢᠭᠤᠯᠤᠨ ᠣᠯᠵᠤ ᠳᠡᠶᠢᠯᠬᠦ ᠪᠠᠶᠢᠪᠠᠯ᠂ ᠵᠠᠷᠴᠢᠮ ᠳᠡᠭᠡᠷ᠎ᠡ ᠪᠠᠨ ᠪᠦᠬᠦᠨ ᠢ ᠬᠦᠴᠦᠨ ᠦᠭᠡᠢ ᠪᠣᠯᠭᠠᠬᠤ ᠬᠡᠷᠡᠭᠲᠡᠢ᠃    ᠵᠠᠰᠠᠭ ᠵᠠᠬᠢᠷᠭᠠᠨ ᠤ ᠵᠥᠪᠰᠢᠶᠡᠷᠡᠯ ᠤᠨ ᠵᠢᠷᠤᠮ ᠤᠨ ᠦᠨᠳᠦᠰᠦᠯᠡᠯ    ︽ ᠢ ᠳᠠᠷᠤᠮᠠᠯᠯᠠᠨ ᠶᠠᠪᠤᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠬᠠᠷᠢᠶᠠᠲᠤ ᠨᠠᠷ ᠤᠨ ᠠᠵᠢᠯ ᠤᠨ ᠠᠯᠪᠠᠨ ᠭᠡᠷ᠂ ᠳᠣᠲᠣᠭᠠᠳᠤ ᠶᠢ ᠬᠠᠮᠠᠭᠠᠯᠠᠬᠤ ᠶᠠᠮᠤᠨ᠂ ᠭᠠᠳᠠᠭᠠᠳᠤ ᠶᠠᠪᠤᠳᠠᠯ ᠤᠨ ᠶᠠᠮᠤᠨ ᠤ ᠮᠡᠳᠡᠭᠳᠡᠯ︾ ( ᠤᠯᠤᠰ ᠤᠨ ᠬᠠᠷᠢᠶᠠᠲᠤ ᠨᠠᠷ ᠲᠠᠷᠬᠠᠭᠠᠭᠰᠠᠨ [ 2013] 18 ᠳ᠋ᠤᠭᠠᠷ ᠲᠣᠭᠠᠲᠤ)    ᠵᠢᠷᠭᠤᠳᠤᠭᠠᠷ ᠵᠦᠢᠯ᠄ ᠬᠤᠲᠠ ᠶᠢᠨ ᠱᠠᠲᠤ ᠪᠤᠶᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠠᠷᠢᠶᠠᠲᠤ ᠶᠢᠨ ᠠᠵᠢᠯ ᠤᠨ ᠰᠠᠯᠠᠭ᠎ᠠ ᠮᠥᠴᠢᠷ ᠨᠢ ᠳᠤᠮᠳᠠᠳᠤ ᠶᠢᠨ ᠬᠠᠷᠢᠶᠠᠲᠤ ᠶᠢᠨ ᠤᠯᠤᠰ ᠲᠠᠭᠠᠨ ᠪᠤᠴᠠᠵᠤ ᠰᠠᠭᠤᠷᠢᠰᠢᠭᠤᠯᠬᠤ ᠭᠤᠶᠤᠴᠢᠯᠠᠯ  ᠢ ᠬᠦᠯᠢᠶᠡᠨ ᠠᠪᠤᠭᠰᠠᠨ ᠤ ᠳᠠᠷᠠᠭ᠎ᠠ᠂ ᠭᠤᠶᠤᠴᠢᠯᠠᠭᠴᠢ ᠶᠢᠨ ᠲᠤᠰᠢᠶᠠᠭᠰᠠᠨ ᠭᠤᠶᠤᠴᠢᠯᠠᠯ ᠤᠨ ᠮᠠᠲ᠋ᠧᠷᠢᠶᠠᠯ  ᠢ ᠪᠠᠶᠢᠴᠠᠭᠠᠨ ᠬᠠᠷᠭᠤᠭᠤᠯᠬᠤ ᠶᠢᠨ ᠬᠠᠮᠲᠤ ᠭᠤᠶᠤᠴᠢᠯᠠᠯ  ᠢ ᠬᠦᠯᠢᠶᠡᠨ ᠠᠪᠴᠤ ᠰᠢᠢᠳᠪᠦᠷᠢᠯᠡᠬᠦ ᠲᠠᠪᠤᠨ ᠠᠵᠢᠯᠯᠠᠬᠤ ᠡᠳᠦᠷ ᠤᠨ ᠳᠣᠲᠣᠷ᠎ᠠ ᠠᠳᠠᠯᠢ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ᠰᠠᠨᠠᠯ  ᠢ ᠪᠢᠴᠢᠭ ᠢᠶᠠᠷ ᠬᠤᠷᠢᠶᠠᠬᠤ ᠬᠡᠷᠡᠭᠲᠡᠢ᠃ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ  ᠨᠢ ᠠᠳᠠᠯᠢ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠠᠷᠢᠶᠠᠲᠤ ᠶᠢᠨ ᠠᠵᠢᠯ ᠤᠨ ᠰᠠᠯᠠᠭ᠎ᠠ ᠮᠥᠴᠢᠷ ᠤᠨ ᠠᠰᠠᠭᠤᠨ ᠯᠠᠪᠯᠠᠬᠤ ᠵᠠᠬᠢᠳᠠᠯ ᠢ ᠣᠯᠣᠭᠰᠠᠨ ᠤ ᠳᠠᠷᠠᠭ᠎ᠠ᠂ ᠠᠷᠪᠠᠨ ᠠᠵᠢᠯᠯᠠᠬᠤ ᠡᠳᠦᠷ ᠤᠨ ᠳᠣᠲᠣᠷ᠎ᠠ ᠰᠠᠨᠠᠯ ᠢᠶᠠᠨ ᠳᠤᠷᠠᠳᠬᠤ ᠶᠢᠨ ᠬᠠᠮᠲᠤ ᠠᠳᠠᠯᠢ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠠᠷᠢᠶᠠᠲᠤ ᠶᠢᠨ ᠠᠵᠢᠯ ᠤᠨ ᠰᠠᠯᠠᠭ᠎ᠠ ᠮᠥᠴᠢᠷ ᠲᠤ ᠪᠢᠴᠢᠭ ᠤᠨ ᠬᠡᠯᠪᠡᠷᠢ ᠪᠠᠷ ᠬᠠᠷᠢᠭᠤᠯᠲᠠ ᠥᠭᠬᠦ ᠬᠡᠷᠡᠭᠲᠡᠢ᠃ ᠭᠤᠶᠤᠴᠢᠯᠠᠯ  ᠢ ᠬᠦᠯᠢᠶᠡᠨ ᠠᠪᠴᠤ ᠰᠢᠢᠳᠪᠦᠷᠢᠯᠡᠬᠦ ᠬᠤᠲᠠ ᠶᠢᠨ ᠱᠠᠲᠤᠨ ᠤ ᠪᠤᠶᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠠᠷᠢᠶᠠᠲᠤ ᠶᠢᠨ ᠶᠠᠪᠤᠳᠠᠯ ᠤᠨ ᠰᠠᠯᠠᠭ᠎ᠠ ᠮᠥᠴᠢᠷ ᠤᠳ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ᠰᠠᠨᠠᠯ  ᠢ ᠣᠯᠣᠭᠰᠠᠨ ᠤ ᠳᠠᠷᠠᠭ᠎ᠠ ᠠᠷᠪᠠᠨ ᠠᠵᠢᠯᠯᠠᠬᠤ ᠡᠳᠦᠷ ᠤᠨ ᠳᠣᠲᠣᠷ᠎ᠠ ᠬᠢᠨᠠᠭᠰᠠᠨ ᠰᠠᠨᠠᠯ ᠢᠶᠠᠨ ᠳᠤᠷᠠᠳᠬᠤ ᠶᠢᠨ ᠬᠠᠮᠲᠤ ᠳᠡᠭᠡᠷ᠎ᠡ ᠨᠢᠭᠡ ᠱᠠᠲᠤᠨ ᠤ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠬᠠᠷᠢᠶᠠᠲᠤ ᠶᠢᠨ ᠶᠠᠪᠤᠳᠠᠯ ᠤᠨ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠢ᠃    ᠳᠣᠯᠣᠳᠤᠭᠠᠷ ᠵᠦᠢᠯ᠄ ᠬᠤᠲᠠ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠠᠷᠢᠶᠠᠲᠤ ᠶᠢᠨ ᠠᠵᠢᠯ ᠤᠨ ᠰᠠᠯᠠᠭ᠎ᠠ ᠮᠥᠴᠢᠷ ᠨᠢ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠠᠷᠢᠶᠠᠲᠤ ᠶᠢᠨ ᠠᠵᠢᠯ ᠤᠨ ᠰᠠᠯᠠᠭ᠎ᠠ ᠮᠥᠴᠢᠷ ᠤᠨ ᠮᠡᠳᠡᠭᠦᠯᠦᠨ ᠬᠦᠷᠭᠡᠭᠰᠡᠨ ᠭᠤᠶᠤᠴᠢᠯᠠᠯ ᠤᠨ ᠮᠠᠲ᠋ᠧᠷᠢᠶᠠᠯ  ᠢ ᠬᠦᠯᠢᠶᠡᠨ ᠠᠪᠤᠭᠰᠠᠨ ᠤ ᠳᠠᠷᠠᠭ᠎ᠠ᠂ ᠭᠤᠶᠤᠴᠢᠯᠠᠯ ᠤᠨ ᠮᠠᠲ᠋ᠧᠷᠢᠶᠠᠯ  ᠢ ᠳᠠᠬᠢᠨ ᠬᠢᠨᠠᠵᠤ᠂ ᠲᠠᠪᠤᠨ ᠠᠵᠢᠯᠯᠠᠬᠤ ᠡᠳᠦᠷ ᠤᠨ ᠳᠣᠲᠣᠷ᠎ᠠ ᠳᠠᠬᠢᠨ ᠬᠢᠨᠠᠭᠰᠠᠨ ᠰᠠᠨᠠᠯ ᠢᠶᠠᠨ ᠳᠤᠷᠠᠳᠴᠤ ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠠᠷᠢᠶᠠᠲᠤ ᠶᠢᠨ ᠠᠵᠢᠯ ᠤᠨ ᠰᠠᠯᠠᠭ᠎ᠠ ᠮᠥᠴᠢᠷ ᠲᠤ ᠮᠡᠳᠡᠭᠦᠯᠦᠨ ᠬᠢᠨᠠᠨ ᠵᠥᠪᠰᠢᠶᠡᠷᠡᠭᠦᠯᠬᠦ ᠬᠡᠷᠡᠭᠲᠡᠢ᠃ᠨᠠᠢᠮᠠᠳᠤᠭᠠᠷ ᠵᠦᠢᠯ᠄ ᠮᠤᠵᠢ ᠶᠢᠨ ᠱᠠᠲᠤ ᠪᠤᠶᠤ ᠬᠤᠲᠠ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠠᠷᠢᠶᠠᠲᠤ ᠶᠢᠨ ᠠᠵᠢᠯ ᠤᠨ ᠰᠠᠯᠠᠭ᠎ᠠ ᠮᠥᠴᠢᠷ ᠠᠴᠠ ᠮᠡᠳᠡᠭᠦᠯᠦᠨ ᠬᠦᠷᠭᠡᠭᠰᠡᠨ ᠭᠤᠶᠤᠴᠢᠯᠠᠯ ᠤᠨ ᠮᠠᠲ᠋ᠧᠷᠢᠶᠠᠯ  ᠢ ᠭᠠᠷᠲᠠᠭᠰᠠᠨ ᠤ ᠳᠡᠷᠠᠭ᠎ᠠ᠂ ᠠᠳᠠᠯᠢ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢ ᠬᠠᠮᠵᠢᠨ ᠳᠤᠮᠳᠠᠳᠤ ᠶᠢᠨ ᠬᠠᠷᠢᠶᠠᠲᠤ ᠶᠢᠨ ᠬᠢᠯᠢ ᠪᠠᠷ ᠣᠷᠣᠵᠤ ᠭᠠᠷᠬᠤ ᠶᠢᠨ ᠲᠡᠮᠳᠡᠭᠯᠡᠯ ᠤᠨ ᠮᠡᠳᠡᠭᠡ ᠵᠠᠩᠭᠢ ᠪᠠ ᠬᠢᠯᠢ ᠪᠠᠷ ᠣᠷᠣᠵᠤ ᠭᠠᠷᠬᠤ ᠭᠡᠷᠡᠴᠢ ᠦᠨᠡᠮᠯᠡᠯ ᠳᠤ ᠭᠠᠷ ᠤᠨ ᠦᠰᠦᠭ ᠵᠢᠷᠤᠵᠤ ᠶᠠᠪᠤᠭᠤᠯᠤᠭᠰᠠᠨ ᠮᠡᠳᠡᠭᠡ ᠵᠠᠩᠭᠢ ᠵᠢᠴᠢ ᠪᠤᠰᠤᠳ ᠪᠠᠶᠢᠳᠠᠯ  ᠢ ᠬᠢᠨᠠᠨ ᠪᠠᠶᠢᠴᠠᠭᠠᠯᠭᠠᠵᠤ ᠪᠣᠯᠣᠨ᠎ᠠ᠃ ᠮᠤᠵᠢ ᠶᠢᠨ ᠱᠠᠲᠤᠨ ᠤ ᠪᠤᠶᠤ ᠬᠤᠲᠠ ᠶᠢᠨ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠨᠤᠭᠤᠳ ᠠᠳᠠᠯᠢ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠠᠷᠢᠶᠠᠲᠤ ᠶᠢᠨ ᠠᠵᠢᠯ ᠤᠨ ᠰᠠᠯᠠᠭ᠎ᠠ ᠮᠥᠴᠢᠷ ᠤᠨ ᠬᠢᠨᠠᠨ ᠪᠠᠶᠢᠴᠠᠭᠠᠬᠤ ᠵᠠᠬᠢᠳᠠᠯ ᠢ ᠣᠯᠣᠭᠰᠠᠨ ᠤ ᠳᠠᠷᠠᠭ᠎ᠠ᠂ ᠳᠣᠯᠣᠭᠠᠨ ᠠᠵᠢᠯᠯᠠᠬᠤ ᠡᠳᠦᠷ ᠤᠨ ᠳᠣᠲᠣᠷ᠎ᠠ ᠬᠢᠨᠠᠨ ᠪᠠᠶᠢᠴᠠᠭᠠᠬᠤ ᠠᠵᠢᠯ ᠢᠶᠠᠨ ᠳᠠᠭᠤᠰᠬᠠᠬᠤ ᠶᠢᠨ ᠬᠠᠮᠲᠤ ᠠᠳᠠᠯᠢ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠠᠷᠢᠶᠠᠲᠤ ᠶᠢᠨ ᠠᠵᠢᠯ ᠤᠨ ᠰᠠᠯᠠᠭ᠎ᠠ ᠮᠥᠴᠢᠷ ᠲᠤ ᠪᠢᠴᠢᠭ ᠢᠶᠠᠷ ᠬᠠᠷᠢᠭᠤᠯᠲᠠ ᠥᠭᠬᠦ ᠬᠡᠷᠡᠭᠲᠡᠢ᠃    ᠶᠢᠰᠦᠳᠦᠭᠡᠷ ᠵᠦᠢᠯ᠄ ᠮᠤᠵᠢ ᠶᠢᠨ ᠱᠠᠲᠤ ᠪᠤᠶᠤ ᠬᠤᠲᠠ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠠᠷᠢᠶᠠᠲᠤ ᠨᠠᠷ ᠤᠨ ᠶᠠᠪᠤᠳᠠᠯ ᠤᠨ ᠰᠠᠯᠠᠭ᠎ᠠ ᠥᠴᠢᠷ ᠦᠨ ᠡᠲᠡᠭᠦᠯᠦᠨ ᠬᠦᠷᠭᠡᠭᠰᠡᠨ ᠭᠤᠶᠤᠴᠢᠯᠠᠯ ᠤᠨ ᠠᠲ᠋ᠧᠷᠢᠶᠠᠯ ᠢ ᠬᠦᠯᠢᠶᠡᠨ ᠠᠪᠤᠭᠰᠠᠨ ᠤ ᠳᠠᠷᠠᠭ᠎ᠠ᠂ ᠠᠷᠪᠠᠨ ᠲᠠᠪᠤᠨ ᠠᠵᠢᠯᠯᠠᠬᠤ ᠡᠳᠦᠷ ᠦᠨ ᠳᠣᠲᠣᠷ᠎ᠠ ᠭᠤᠶᠤᠴᠢᠯᠠᠯ ᠤᠨ ᠠᠲ᠋ᠧᠷᠢᠶᠠᠯ ᠢ ᠬᠢᠨᠠᠨ ᠵᠥᠪᠱᠢᠶᠡᠷᠡᠬᠦ ᠪᠠᠨ ᠳᠠᠭᠤᠰᠭᠠᠬᠤ ᠬᠡᠷᠡᠭᠲᠡᠢ᠃ ᠳᠤᠮᠳᠠᠳᠤ ᠶᠢᠨ ᠬᠠᠷᠢᠶᠠᠲᠤ ᠤᠯᠤᠰ ᠲᠠᠭᠠᠨ ᠪᠤᠴᠠᠵᠤ ᠰᠠᠭᠤᠬᠤ ᠶᠢ ᠵᠥᠪᠰᠢᠶᠡᠷᠡᠭᠰᠡᠨ ᠪᠣᠯ᠂︽ᠳᠤᠮᠳᠠᠳᠤ ᠶᠢᠨ ᠬᠠᠷᠢᠶᠠᠲᠤ ᠤᠯᠤᠰ ᠲᠠᠭᠠᠨ ᠪᠤᠴᠠᠵᠤ ᠰᠠᠭᠤᠬᠤ ᠦᠨᠡᠮᠯᠡᠯ︾ ᠳᠤ ᠭᠠᠷ ᠤᠨ ᠦᠰᠦᠭ ᠵᠢᠷᠤᠵᠤ ᠶᠠᠪᠤᠭᠤᠯᠬᠤ ᠬᠡᠷᠡᠭᠲᠡᠢ; ᠵᠥᠪᠰᠢᠶᠡᠷᠡᠭᠰᠡᠨ ᠦᠭᠡᠢ ᠪᠣᠯ ᠤᠯᠤᠰ ᠤᠨ ᠠᠮᠤᠷ ᠲᠦᠪᠰᠢᠨ ᠵᠡᠷᠭᠡ ᠣᠨᠴᠣᠭᠤᠢ ᠪᠠᠶᠢᠳᠠᠯ ᠠᠴᠠ ᠪᠤᠰᠤᠳ ᠨᠢ ᠪᠢᠴᠢᠭ ᠢᠶᠠᠷ ᠤᠴᠢᠷ ᠰᠢᠯᠲᠠᠭᠠᠨ ᠢᠶᠠᠨ ᠲᠣᠳᠣᠷᠬᠠᠶᠢᠯᠠᠬᠤ ᠬᠡᠷᠡᠭᠲᠡᠢ᠃ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠬᠠᠪᠰᠤᠷᠤᠨ ᠬᠢᠨᠠᠨ ᠪᠠᠶᠢᠴᠠᠭᠠᠭᠰᠠᠨ ᠴᠠᠭ ᠬᠤᠭᠤᠴᠠᠭ᠎ᠠ ᠶᠢ ᠠᠷᠪᠠᠨ ᠲᠠᠪᠤᠨ ᠠᠵᠢᠯᠯᠠᠬᠤ ᠡᠳᠦᠷ ᠤᠨ ᠳᠣᠲᠣᠷ᠎ᠠ ᠪᠣᠳᠣᠵᠤ ᠣᠷᠣᠭᠤᠯᠬᠤ ᠦᠭᠡᠢ᠃    ᠬᠠᠤᠯᠢ ᠪᠠᠷ ᠲᠣᠭᠲᠠᠭᠠᠭᠰᠠᠨ ᠬᠢᠨᠠᠨ ᠵᠥᠪᠱᠢᠶᠡᠷᠡᠬᠦ ᠴᠠᠭ ᠤᠨ ᠬᠢᠵᠠᠭᠠᠷ ᠢ ᠲᠣᠭᠲᠠᠭᠠᠬᠤ ᠦᠨᠳᠦᠰᠦ ᠪᠠᠷᠢᠮᠲᠠ    ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾    ᠳᠥᠴᠢᠨ ᠬᠤᠶᠠᠳᠤᠭᠠᠷ ᠵᠦᠢᠯ ᠁ ᠵᠠᠰᠠᠭ ᠵᠠᠬᠢᠷᠭᠠᠨ ᠤ ᠪᠠᠶᠢᠭᠤᠯᠤᠯᠭ᠎ᠠ ᠵᠠᠰᠠᠭ ᠵᠠᠬᠢᠷᠭᠠᠨ ᠤ ᠵᠥᠪᠰᠢᠶᠡᠷᠡᠯ ᠠᠪᠬᠤ ᠭᠤᠶᠤᠴᠢᠯᠠᠯ ᠢ ᠬᠦᠯᠢᠶᠡᠨ ᠠᠪᠤᠭᠰᠠᠨ ᠡᠳᠦᠷ ᠠᠴᠠ ᠡᠬᠢᠯᠡᠨ ᠬᠤᠷᠢᠨ ᠡᠳᠦᠷ ᠤᠨ ᠳᠣᠲᠣᠷ᠎ᠠ ᠵᠠᠰᠠᠭ ᠵᠠᠬᠢᠷᠭᠠᠨ ᠤ ᠵᠥᠪᠰᠢᠶᠡᠷᠡᠯ ᠤᠨ ᠲᠣᠭᠲᠠᠭᠠᠯ ᠭᠠᠷᠭᠠᠬᠤ ᠬᠡᠷᠡᠭᠲᠡᠢ᠃ ᠳᠥᠴᠢᠨ ᠭᠤᠷᠪᠠᠳᠤᠭᠠᠷ ᠵᠦᠢᠯ᠄ ᠬᠠᠤᠯᠢ ᠶᠣᠰᠣᠭᠠᠷ ᠤᠷᠢᠳᠠᠪᠠᠷ ᠳᠣᠣᠷᠠᠳᠤ ᠱᠠᠲᠤᠨ ᠤ ᠵᠠᠰᠠᠭ ᠵᠠᠬᠢᠷᠭᠠᠨ ᠤ ᠪᠠᠶᠢᠭᠤᠯᠤᠯᠭ᠎ᠠ ᠪᠠᠷ ᠬᠢᠨᠠᠨ ᠪᠠᠶᠢᠴᠠᠭᠠᠯᠭᠠᠭᠰᠠᠨ ᠤ ᠳᠠᠷᠠᠭ᠎ᠠ ᠳᠡᠭᠡᠳᠦ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠳᠤ ᠮᠡᠳᠡᠭᠦᠯᠦᠨ ᠲᠣᠭᠲᠠᠭᠠᠯᠭᠠᠬᠤ ᠵᠠᠰᠠᠭ ᠵᠠᠬᠢᠷᠭᠠᠨ ᠤ ᠵᠥᠪᠰᠢᠶᠡᠷᠡᠯ  ᠢ ᠳᠣᠣᠷᠠᠳᠤ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠨᠢ ᠵᠠᠰᠠᠭ ᠵᠠᠬᠢᠷᠭᠠᠨ ᠤ ᠵᠥᠪᠰᠢᠶᠡᠷᠡᠯ ᠤᠨ ᠭᠤᠶᠤᠴᠢᠯᠠᠯ  ᠢ ᠨᠢ ᠬᠦᠯᠢᠶᠡᠨ ᠠᠪᠤᠭᠰᠠᠨ ᠡᠳᠦᠷ ᠠᠴᠠ ᠡᠬᠢᠯᠡᠨ ᠬᠤᠷᠢᠨ ᠡᠳᠦᠷ ᠤᠨ ᠳᠣᠲᠣᠷ᠎ᠠ ᠬᠢᠨᠠᠨ ᠪᠠᠶᠢᠴᠠᠭᠠᠵᠤ ᠳᠠᠭᠤᠰᠬᠠᠬᠤ ᠬᠡᠷᠡᠭᠲᠡᠢ᠃    ᠬᠢᠨᠠᠨ ᠵᠥᠪᠰᠢᠶᠡᠷᠡᠭᠰᠡᠨ ᠦᠷ᠎ᠡ ᠳ᠋ᠦᠩ ᠤᠨ ᠬᠦᠴᠦᠨ ᠲᠠᠢ ᠬᠤᠭᠤᠴᠠᠭ᠎ᠠ ᠶᠢᠨ ᠦᠨᠳᠦᠰᠦᠯᠡᠯ    ︽ ᠢ ᠳᠠᠷᠤᠮᠠᠯᠯᠠᠨ ᠶᠠᠪᠤᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠬᠠᠷᠢᠶᠠᠲᠤ ᠨᠠᠷ ᠤᠨ ᠠᠵᠢᠯ ᠤᠨ ᠠᠯᠪᠠᠨ ᠭᠡᠷ᠂ ᠳᠣᠲᠣᠭᠠᠳᠤ ᠶᠢ ᠬᠠᠮᠠᠭᠠᠯᠠᠬᠤ ᠶᠠᠮᠤᠨ᠂ ᠭᠠᠳᠠᠭᠠᠳᠤ ᠶᠠᠪᠤᠳᠠᠯ ᠤᠨ ᠶᠠᠮᠤᠨ ᠤ ᠮᠡᠳᠡᠭᠳᠡᠯ︾ ( ᠤᠯᠤᠰ ᠤᠨ ᠬᠠᠷᠢᠶᠠᠲᠤ ᠨᠠᠷ ᠲᠠᠷᠬᠠᠭᠠᠭᠰᠠᠨ [ 2013] 18 ᠳ᠋ᠤᠭᠠᠷ ᠲᠣᠭᠠᠲᠤ)    ᠠᠷᠪᠠᠨ ᠨᠢᠭᠡᠳᠦᠭᠡᠷ ᠵᠦᠢᠯ︽ᠳᠤᠮᠳᠠᠳᠤ ᠶᠢᠨ ᠬᠠᠷᠢᠶᠠᠲᠤ ᠨᠠᠷ ᠤᠯᠤᠰ ᠲᠠᠭᠠᠨ ᠪᠤᠴᠠᠵᠤ ᠣᠷᠣᠱᠢᠨ ᠰᠠᠭᠤᠬᠤ ᠦᠨᠡᠮᠯᠡᠯ︾ ᠤᠨ ᠬᠦᠴᠦᠨ ᠪᠦᠬᠦᠢ ᠬᠤᠭᠤᠴᠠᠭ᠎ᠠ ᠨᠢ ᠭᠠᠷ ᠤᠨ ᠦᠰᠦᠭ ᠵᠢᠷᠤᠵᠤ ᠶᠠᠪᠤᠭᠤᠯᠤᠭᠰᠠᠨ ᠡᠳᠦᠷ ᠠᠴᠠ ᠡᠬᠢᠯᠡᠨ ᠵᠢᠷᠭᠤᠭᠠᠨ ᠰᠠᠷ᠎ᠠ ᠪᠣᠯᠣᠨ᠎ᠠ᠃    ᠬᠢᠨᠠᠨ ᠵᠥᠪᠰᠢᠶᠡᠷᠡᠭᠰᠡᠨ ᠦᠷ᠎ᠡ ᠳ᠋ᠦᠩ ᠤᠨ ᠬᠦᠴᠦᠨ ᠲᠠᠢ ᠣᠷᠣᠨ ᠪᠦᠰᠡ ᠶᠢᠨ ᠬᠡᠪᠴᠢᠶ᠎ᠡ ᠶᠢ ᠲᠣᠭᠲᠠᠭᠠᠭᠰᠠᠨ ᠦᠨᠳᠦᠰᠦᠯᠡᠯ    ︽ ᠢ ᠳᠠᠷᠤᠮᠠᠯᠯᠠᠨ ᠶᠠᠪᠤᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠬᠠᠷᠢᠶᠠᠲᠤ ᠨᠠᠷ ᠤᠨ ᠠᠵᠢᠯ ᠤᠨ ᠠᠯᠪᠠᠨ ᠭᠡᠷ᠂ ᠳᠣᠲᠣᠭᠠᠳᠤ ᠶᠢ ᠬᠠᠮᠠᠭᠠᠯᠠᠬᠤ ᠶᠠᠮᠤᠨ᠂ ᠭᠠᠳᠠᠭᠠᠳᠤ ᠶᠠᠪᠤᠳᠠᠯ ᠤᠨ ᠶᠠᠮᠤᠨ ᠤ ᠮᠡᠳᠡᠭᠳᠡᠯ︾ ( ᠤᠯᠤᠰ ᠤᠨ ᠬᠠᠷᠢᠶᠠᠲᠤ ᠨᠠᠷ ᠲᠠᠷᠬᠠᠭᠠᠭᠰᠠᠨ [ 2013] 18 ᠳ᠋ᠤᠭᠠᠷ ᠲᠣᠭᠠᠲᠤ)    ᠠᠷᠪᠠᠨ ᠳᠥᠷᠪᠡᠳᠦᠭᠡᠷ ᠵᠦᠢᠯ᠄ ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠠᠷᠢᠶᠠᠲᠤ ᠶᠢᠨ ᠠᠵᠢᠯ ᠤᠨ ᠰᠠᠯᠠᠭ᠎ᠠ ᠮᠥᠴᠢᠷ ᠨᠢ ᠠᠳᠠᠯᠢ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠲᠠᠢ ᠬᠠᠮᠲᠤᠷᠠᠵᠤ ᠂ ᠲᠤᠰ ᠲᠣᠭᠲᠠᠭᠠᠯ ᠢ ᠦᠨᠳᠦᠰᠦᠯᠡᠨ᠂ ᠲᠤᠰ ᠭᠠᠵᠠᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠪᠣᠳᠠᠲᠠᠢ ᠬᠡᠷᠡᠭᠵᠢᠭᠦᠯᠬᠦ ᠠᠷᠭ᠎ᠠ ᠲᠣᠭᠲᠠᠭᠠᠬᠤ ᠶᠢᠨ ᠬᠠᠮᠲᠤ ᠲᠥᠷᠥ ᠶᠢᠨ ᠶᠠᠪᠤᠳᠠᠯ ᠤᠨ ᠬᠤᠷᠢᠶᠠᠨ ᠤ ᠬᠠᠷᠢᠶᠠᠲᠤ ᠨᠠᠷ ᠤᠨ ᠶᠠᠪᠤᠳᠠᠯ ᠤᠨ ᠠᠯᠪᠠᠨ ᠭᠡᠷ ᠲᠤ ᠮᠡᠳᠡᠭᠦᠯᠵᠦ ᠳᠠᠩᠰᠠᠯᠠᠭᠤᠯᠬᠤ ᠬᠡᠷᠡᠭᠲᠡᠢ᠃
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2