ᠴᠠᠬᠢᠯᠭᠠᠨ ᠬᠦᠴᠦᠨ ᠤ ᠪᠡᠯᠡᠳᠬᠡᠮᠵᠢ ᠶᠢᠨ ᠡᠷᠭᠢᠨ ᠲᠣᠭᠤᠷᠢᠨ ᠪᠤᠶᠤ ᠴᠠᠬᠢᠯᠭᠠᠨ ᠬᠦᠴᠦᠨ ᠤ ᠪᠡᠯᠡᠳᠬᠡᠮᠵᠢ ᠶᠢᠨ ᠬᠠᠮᠠᠭᠠᠯᠠᠯᠲᠠ ᠶᠢᠨ ᠣᠷᠣᠨ ᠳᠤ ᠴᠠᠬᠢᠯᠭᠠᠨ ᠬᠦᠴᠦᠨ ᠤ ᠪᠡᠯᠡᠳᠬᠡᠮᠵᠢ ᠳᠤ ᠠᠶᠤᠯ ᠤᠴᠠᠷᠠᠭᠤᠯᠵᠤ ᠮᠡᠳᠡᠬᠦ ᠠᠶᠤᠯ ᠦᠭᠡᠢ ᠶᠢᠨ ᠠᠵᠢᠯ ᠢ ᠬᠢᠨᠠᠨ ᠵᠥᠪᠰᠢᠶᠡᠷᠡᠬᠦ (ᠰᠢᠶᠠᠨ ᠤ ᠱᠠᠲᠤᠨ ᠤ ᠡᠷᠬᠡ ᠮᠡᠳᠡᠯ)
ᠨᠡᠶᠢᠲᠡᠯᠡᠭᠰᠡᠨ ᠴᠠᠭ᠄
2024/11/25
    ᠠᠰᠠᠭᠤᠨ ᠯᠠᠪᠯᠠᠬᠤ ᠬᠡᠯᠪᠡᠷᠢ    18247453587    ᠬᠢᠨᠠᠯᠲᠠ ᠲᠠᠯᠪᠢᠵᠤ ᠵᠠᠭᠠᠯᠳᠤᠭᠤᠯᠬᠤ ᠠᠷᠭ᠎ᠠ ᠮᠠᠶ᠋ᠢᠭ    0474-12345    ᠬᠢᠨᠠᠨ ᠵᠥᠪᠰᠢᠶᠡᠷᠡᠭᠰᠡᠨ ᠦᠷ᠎ᠡ ᠳ᠋ᠦᠩ    ᠬᠢᠨᠠᠨ ᠵᠥᠪᠰᠢᠶᠡᠷᠡᠭᠰᠡᠨ ᠦᠷ᠎ᠡ ᠳ᠋ᠦᠩ ᠤᠨ ᠲᠦᠷᠦᠯ ᠵᠦᠢᠯ    ᠭᠤᠶᠤᠴᠢᠯᠠᠬᠤ ᠮᠠᠲ᠋ᠧᠷᠢᠶᠠᠯ    ᠡᠬᠡ ᠪᠢᠴᠢᠭ    ᠴᠠᠭᠠᠰᠤᠨ ᠪᠠ ᠡᠯᠧᠺᠲᠷᠣᠨ    ᠴᠠᠬᠢᠯᠭᠠᠨ ᠬᠦᠴᠦᠨ ᠤ ᠪᠡᠯᠡᠳᠬᠡᠮᠵᠢ ᠶᠢᠨ ᠥᠮᠴᠢᠯᠡᠬᠦ ᠡᠷᠬᠡ ᠶᠢᠨ ᠨᠢᠭᠡᠴᠡ ᠯᠦᠭᠡ ᠲᠣᠭᠲᠠᠭᠰᠠᠨ ᠠᠶᠤᠯ ᠦᠭᠡᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠵᠥᠪᠳᠡᠯᠴᠡᠭᠡᠷ ᠲᠤ ᠡᠷᠬᠡᠪᠰᠢ ᠬᠤᠶᠠᠷ ᠲᠠᠯ᠎ᠠ ᠶᠢᠨ ᠲᠠᠮᠠᠭ᠎ᠠ ᠶᠢ ᠳᠠᠷᠤᠬᠤ ᠬᠡᠷᠡᠭᠲᠡᠢ᠃    ᠱᠠᠩᠳᠤ ᠰᠢᠶᠠᠨ ᠤ ᠴᠢ ᠲᠠᠢ ᠪᠠᠯᠭᠠᠰᠤᠨ ᠤ ᠨᠢᠩ ᠾᠧ ᠵᠠᠮ ᠤᠨ ᠨᠠᠮ ᠵᠠᠰᠠᠭ ᠤᠨ ᠪᠠᠷᠠᠭᠤᠨ ᠠᠰᠠᠷ ︵ᠶᠡᠷᠦᠩᠬᠡᠶᠢᠯᠡᠭᠰᠡᠨ ᠠᠰᠠᠷ︶ ᠤᠨ 2 ᠳ᠋ᠤᠭᠠᠷ ᠠᠰᠠᠷ ᠤᠨ 205 ᠲᠠᠰᠤᠭ    ᠭᠦᠢᠴᠡᠳᠬᠡᠬᠦ ᠴᠠᠭ ᠨᠢ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨ᠎ᠡ 09᠄ 00-12᠄ 00᠂ ᠦᠳᠡ ᠶᠢᠨ ᠬᠤᠶᠢᠨ᠎ᠠ 14᠄ 30-1800    ᠵᠠᠰᠠᠭ ᠵᠠᠬᠢᠷᠭᠠᠨ ᠤ ᠵᠥᠪᠰᠢᠶᠡᠷᠡᠯ ᠥᠭᠬᠦ ᠨᠥᠬᠦᠴᠡᠯ    ᠭᠤᠶᠤᠴᠢᠯᠠᠬᠤ ᠭᠤᠣᠯ ᠴᠣᠭᠴᠠ ᠨᠢ ᠴᠠᠬᠢᠯᠭᠠᠨ ᠬᠦᠴᠦᠨ ᠤ ᠪᠡᠯᠡᠳᠬᠡᠮᠵᠢ ᠶᠢᠨ ᠡᠷᠭᠢᠨ ᠲᠣᠭᠤᠷᠢᠨ ᠪᠤᠶᠤ ᠴᠠᠬᠢᠯᠭᠠᠨ ᠬᠦᠴᠦᠨ ᠤ ᠪᠡᠯᠡᠳᠬᠡᠮᠵᠢ ᠶᠢᠨ ᠬᠠᠮᠠᠭᠠᠯᠠᠯᠲᠠ ᠶᠢᠨ ᠣᠷᠣᠨ ᠳᠤ ᠴᠠᠬᠢᠯᠭᠠᠨ ᠬᠦᠴᠦᠨ ᠤ ᠪᠡᠯᠡᠳᠬᠡᠮᠵᠢ ᠳᠤ ᠠᠶᠤᠯ ᠤᠴᠠᠷᠠᠭᠤᠯᠵᠤ ᠮᠡᠳᠡᠬᠦ ᠠᠶᠤᠯ ᠦᠭᠡᠢ ᠶᠢᠨ ᠠᠵᠢᠯ ᠬᠢᠬᠦ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ᠂ ᠪᠦᠯᠬᠦᠮ᠂ ᠬᠤᠪᠢ ᠬᠥᠮᠥᠨ ᠪᠠᠶᠢᠵᠤ᠂ ᠴᠠᠬᠢᠯᠭᠠᠨ ᠬᠦᠴᠦᠨ ᠤ ᠪᠡᠯᠡᠳᠬᠡᠮᠵᠢ ᠶᠢᠨ ᠥᠮᠴᠢᠯᠡᠬᠦ ᠡᠷᠬᠡ ᠶᠢᠨ ᠨᠢᠭᠡᠴᠡ ᠪᠤᠶᠤ ᠨᠠᠶᠢᠳᠠᠯᠭ᠎ᠠ ᠪᠠᠷ ᠠᠵᠢᠯᠯᠠᠭᠤᠯᠵᠤ ᠬᠠᠮᠠᠭᠠᠯᠠᠬᠤ ᠨᠢᠭᠡᠴᠡ ᠶᠢ ᠪᠠᠭᠲᠠᠭᠠᠬᠤ ᠦᠭᠡᠢ᠃    ᠭᠤᠶᠤᠴᠢᠯᠠᠬᠤ ᠪᠡᠶᠡᠴᠢ ᠴᠣᠭᠴᠠ ᠨᠢ ᠴᠠᠬᠢᠯᠭᠠᠨ ᠬᠦᠴᠦᠨ ᠤ ᠲᠥᠬᠦᠭᠡᠷᠦᠮᠵᠢ ᠶᠢᠨ ᠡᠷᠬᠢᠨ ᠲᠣᠭᠤᠷᠢᠨ ᠪᠤᠶᠤ ᠴᠠᠬᠢᠯᠭᠠᠨ ᠬᠦᠴᠦᠨ ᠤ ᠲᠥᠬᠦᠭᠡᠷᠦᠮᠵᠢ ᠶᠢᠨ ᠬᠠᠮᠠᠭᠠᠯᠠᠯᠲᠠ ᠶᠢᠨ ᠣᠷᠣᠨ ᠳᠤ ᠴᠠᠬᠢᠯᠭᠠᠨ ᠬᠦᠴᠦᠨ ᠤ ᠲᠥᠬᠦᠭᠡᠷᠦᠮᠵᠢ ᠳᠤ ᠠᠶᠤᠯ ᠤᠴᠠᠷᠠᠭᠤᠯᠵᠤ ᠮᠡᠳᠡᠬᠦ ᠠᠶᠤᠯ ᠲᠦᠭᠰᠢᠭᠦᠷᠢ  ᠳᠤ ᠠᠶᠤᠯ ᠤᠴᠠᠷᠠᠭᠤᠯᠵᠤ ᠮᠡᠳᠡᠬᠦ ᠠᠴᠠ ᠡᠮᠦᠨ᠎ᠡ᠂ ᠠᠵᠢᠯ ᠤᠨ ᠠᠶᠤᠯ ᠲᠦᠭᠰᠢᠭᠦᠷᠢ ᠶᠢ ᠭᠦᠢᠴᠡᠳ ᠢᠯᠭᠠᠨ ᠲᠠᠨᠢᠵᠤ᠂ ᠵᠣᠬᠢᠴᠠᠩᠭᠤᠢ ᠠᠮᠤᠷ ᠲᠦᠪᠰᠢᠨ ᠤ ᠠᠷᠭ᠎ᠠ ᠬᠡᠮᠵᠢᠶ᠎ᠡ ᠶᠢ ᠲᠣᠭᠲᠠᠭᠠᠪᠠ᠃    ᠭᠤᠶᠤᠴᠢᠯᠠᠬᠤ ᠪᠡᠶᠡᠴᠢ ᠴᠣᠭᠴᠠ ᠬᠢᠭᠡᠳ ᠴᠠᠬᠢᠯᠭᠠᠨ ᠬᠦᠴᠦᠨ ᠤ ᠲᠥᠬᠦᠭᠡᠷᠦᠮᠵᠢ ᠶᠢᠨ ᠥᠮᠴᠢᠯᠡᠬᠦ ᠡᠷᠬᠡ ᠶᠢᠨ ᠨᠢᠭᠡᠴᠢ ᠠᠶᠤᠯᠭᠦᠢ ᠶᠢᠨ ᠠᠷᠭ᠎ᠠ ᠬᠡᠮᠵᠢᠶ᠎ᠡ ᠵᠢᠴᠢ ᠠᠶᠤᠯᠭᠦᠢ ᠶᠢᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠲᠤᠬᠠᠢ ᠬᠡᠯᠡᠯᠴᠡᠭᠡᠷ ᠲᠣᠭᠲᠠᠪᠠ᠃    ᠪᠠᠶᠢᠷᠢᠯᠠᠭᠤᠯᠤᠭᠰᠠᠨ ᠦᠨᠳᠦᠰᠦ ᠪᠠᠷᠢᠮᠲᠠ    ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠠᠬᠢᠯᠭᠠᠨ ᠬᠦᠴᠦᠨ ᠤ ᠬᠠᠤᠯᠢ︾ ᠶᠢᠨ 52 ᠳ᠋ᠤᠭᠠᠷ ᠵᠤᠷᠪᠤᠰ    ᠴᠠᠬᠢᠯᠭᠠᠨ ᠬᠦᠴᠦᠨ ᠤ ᠲᠥᠬᠦᠭᠡᠷᠦᠮᠵᠢ ᠶᠢᠨ ᠣᠷᠴᠢᠨ ᠲᠣᠭᠤᠷᠢᠨ ᠳᠤ ᠳᠡᠯᠪᠡᠴᠢᠬᠦ ᠵᠢᠴᠢ ᠴᠠᠬᠢᠯᠭᠠᠨ ᠬᠦᠴᠦᠨ ᠤ ᠲᠥᠬᠦᠭᠡᠷᠦᠮᠵᠢ ᠳᠤ ᠠᠶᠤᠯ ᠤᠴᠠᠷᠠᠭᠤᠯᠵᠤ ᠮᠡᠳᠡᠬᠦ ᠠᠵᠢᠯ ᠬᠢᠬᠦ ᠳᠤ ᠭᠦᠷᠪᠡᠯ᠂ ᠲᠥᠷᠥ ᠶᠢᠨ ᠶᠠᠪᠤᠳᠠᠯ ᠤᠨ ᠬᠤᠷᠢᠶᠠᠨ ᠤ ᠴᠠᠬᠢᠯᠭᠠᠨ ᠬᠦᠴᠦᠨ ᠤ ᠲᠥᠬᠦᠭᠡᠷᠦᠮᠵᠢ ᠶᠢ ᠬᠠᠮᠠᠭᠠᠯᠠᠬᠤ ᠲᠤᠬᠠᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠵᠥᠪᠰᠢᠶᠡᠷᠡᠭᠦᠯᠬᠦ ᠬᠡᠷᠡᠭᠲᠡᠢ ᠪᠥᠭᠡᠳ᠋ᠴᠠᠬᠢᠯᠭᠠᠨ ᠬᠦᠴᠦᠨ ᠤ ᠲᠥᠬᠦᠭᠡᠷᠦᠮᠵᠢ ᠶᠢᠨ ᠠᠶᠤᠯ ᠦᠭᠡᠢ ᠶᠢ ᠪᠠᠲᠤᠯᠠᠬᠤ ᠠᠷᠭ᠎ᠠ ᠬᠡᠮᠵᠢᠶ᠎ᠡ ᠠᠪᠤᠭᠰᠠᠨ ᠤ ᠳᠠᠷᠠᠭ᠎ᠠ ᠰᠠᠢᠢ ᠠᠵᠢᠯᠯᠠᠵᠤ ᠪᠣᠯᠣᠨ᠎ᠠ    ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠠᠬᠢᠯᠭᠠᠨ ᠬᠦᠴᠦᠨ ᠤ ᠬᠠᠤᠯᠢ︾ ᠶᠢᠨ 54 ᠳ᠋ᠦ᠋ᠭᠡᠷ ᠵᠦᠢᠯ    ᠶᠠᠮᠠᠷᠪᠠ ᠨᠢᠭᠡᠴᠡ ᠪᠠ ᠬᠤᠪᠢ ᠬᠥᠮᠥᠨ ᠬᠠᠤᠯᠢ ᠶᠣᠰᠣᠭᠠᠷ ᠬᠡᠪᠴᠢᠶᠡᠯᠡᠵᠦ ᠲᠣᠭᠲᠠᠭᠠᠭᠰᠠᠨ ᠴᠠᠬᠢᠯᠭᠠᠨ ᠬᠦᠴᠦᠨ ᠤ ᠲᠥᠬᠦᠭᠡᠷᠦᠮᠵᠢ ᠶᠢ ᠬᠠᠮᠠᠭᠠᠯᠠᠬᠤ ᠲᠣᠭᠤᠷᠢᠭ ᠲᠤ ᠴᠠᠬᠢᠯᠭᠠᠨ ᠬᠦᠴᠦᠨ ᠤ ᠲᠥᠬᠦᠭᠡᠷᠦᠮᠵᠢ ᠳᠤ ᠠᠶᠤᠯ ᠤᠴᠠᠷᠠᠭᠤᠯᠵᠤ ᠮᠡᠳᠡᠬᠦ ᠠᠵᠢᠯ ᠢ ᠬᠢᠬᠦ ᠴᠢᠬᠤᠯᠠ ᠲᠠᠢ ᠪᠣᠯ ᠴᠠᠬᠢᠯᠭᠠᠨ ᠬᠦᠴᠦᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠬᠦ ᠬᠡᠷᠡᠭᠲᠡᠢ ᠪᠥᠭᠡᠳᠠᠶᠤᠯ ᠠᠴᠠ ᠬᠠᠮᠠᠭᠠᠯᠠᠬᠤ ᠠᠷᠭ᠎ᠠ ᠬᠡᠮᠵᠢᠶ᠎ᠡ ᠠᠪᠤᠭᠰᠠᠨ ᠤ ᠳᠠᠷᠠᠭ᠎ᠠ ᠰᠠᠢᠢ ᠠᠵᠢᠯ ᠢᠶᠠᠨ ᠬᠢᠵᠦ ᠪᠣᠯᠣᠨ᠎ᠠ    ︽ᠴᠠᠬᠢᠯᠭᠠᠨ ᠬᠦᠴᠦᠨ ᠤ ᠪᠡᠯᠡᠳᠬᠡᠮᠵᠢ ᠶᠢ ᠬᠠᠮᠠᠭᠠᠯᠠᠬᠤ ᠳᠦᠷᠢᠮ︾ ᠤᠨ 17 ᠳ᠋ᠤᠭᠠᠷ ᠵᠦᠢᠯ    ᠶᠠᠮᠠᠷᠪᠠ ᠨᠢᠭᠡᠴᠡ ᠪᠤᠶᠤ ᠬᠤᠪᠢ ᠬᠥᠮᠥᠨ ᠡᠷᠬᠡᠪᠰᠢ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠴᠠᠬᠢᠯᠭᠠᠨ ᠬᠦᠴᠦᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠬᠦ ᠶᠢᠨ ᠬᠠᠮᠲᠤ ᠠᠶᠤᠯ ᠦᠭᠡᠢ ᠶᠢᠨ ᠠᠷᠭ᠎ᠠ ᠬᠡᠮᠵᠢᠶ᠎ᠡ ᠠᠪᠤᠭᠰᠠᠨ ᠤ ᠳᠠᠷᠠᠭ᠎ᠠ ᠰᠠᠶ᠋ᠢ ᠳᠣᠣᠷᠠᠬᠢ ᠮᠡᠲᠦ ᠠᠵᠢᠯᠯᠠᠭ᠎ᠠ ᠬᠢᠬᠦ ᠪᠤᠶᠤ ᠠᠵᠢᠯᠯᠠᠭ᠎ᠠ ᠬᠢᠵᠦ ᠪᠣᠯᠣᠨ᠎ᠠ᠄ ᠨᠢᠭᠡ ᠠᠭᠠᠷ ᠤᠨ ᠴᠠᠬᠢᠯᠭᠠᠨ ᠬᠦᠴᠦᠨ ᠤ ᠱᠤᠭᠤᠮ ᠤᠨ ᠬᠠᠮᠠᠭᠠᠯᠠᠯᠲᠠ ᠶᠢᠨ ᠣᠷᠣᠨ ᠳᠤ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠵᠢᠴᠢ ᠪᠠᠭᠠᠨ᠎ᠠ ᠪᠣᠰᠬᠠᠬᠤ᠂ ᠥᠷᠥᠮᠳᠡᠨ ᠬᠠᠶᠢᠬᠤ᠂ ᠨᠡᠭᠡᠭᠡᠨ ᠮᠠᠯᠲᠠᠬᠤ ᠵᠡᠷᠭᠡ ᠠᠵᠢᠯ ᠬᠢᠵᠦ ᠪᠣᠯᠣᠨ᠎ᠠ (ᠬᠤᠶᠠᠷ) ᠬᠦᠨᠳᠦ ᠶᠢ ᠡᠷᠭᠦᠬᠦ ᠮᠠᠰᠢᠨ ᠤ ᠶᠠᠮᠠᠷᠪᠠ ᠬᠡᠰᠡᠭ ᠲᠤ ᠠᠭᠠᠷ ᠤᠨ ᠴᠠᠬᠢᠯᠭᠠᠨ ᠬᠦᠴᠦᠨ ᠤ ᠱᠤᠭᠤᠮ ᠤᠨ ᠬᠠᠮᠠᠭᠠᠯᠠᠯᠲᠠ ᠶᠢᠨ ᠣᠷᠣᠨ ᠳᠤ ᠣᠷᠣᠵᠤ ᠠᠵᠢᠯ ᠬᠢᠬᠦ ᠬᠡᠷᠡᠭᠲᠡᠢ (ᠭᠤᠷᠪᠠ) ᠳᠠᠮᠵᠢᠭᠤᠯᠬᠤ ᠱᠤᠭᠤᠮ ᠤᠨ ᠵᠠᠢ ᠪᠠᠨ ᠪᠣᠳᠠᠰ ᠤᠨ ᠬᠤᠭᠤᠷᠣᠨᠳᠤ ᠶᠢᠨ ᠠᠮᠤᠷ ᠲᠦᠪᠰᠢᠨ ᠤ ᠵᠠᠢ ᠠᠴᠠ ᠪᠠᠭ᠎ᠠ ᠪᠠᠶᠢᠯᠭᠠᠵᠤ᠂ ᠠᠭᠠᠷ ᠤᠨ ᠴᠠᠬᠢᠯᠭᠠᠨ ᠬᠦᠴᠦᠨ ᠤ ᠱᠤᠭᠤᠮ ᠤᠨ ᠬᠠᠮᠠᠭᠠᠯᠠᠯᠲᠠ ᠶᠢᠨ ᠣᠷᠣᠨ (ᠳᠥᠷᠪᠡ) ᠴᠠᠬᠢᠯᠭᠠᠨ ᠬᠦᠴᠦᠨ ᠤ ᠴᠠᠬᠢᠯᠭᠠᠨ ᠳᠡᠭᠡᠰᠦ ᠶᠢᠨ ᠱᠤᠭᠤᠮ ᠤᠨ ᠬᠠᠮᠠᠭᠠᠯᠠᠯᠲᠠ ᠶᠢᠨ ᠣᠷᠣᠨ ᠳᠤ ᠠᠵᠢᠯᠯᠠᠨ᠎ᠠ᠃    ᠬᠡᠷᠡᠭᠵᠢᠭᠦᠯᠬᠦ ᠦᠨᠳᠦᠰᠦᠯᠡᠯ    ︽ᠴᠠᠬᠢᠯᠭᠠᠨ ᠬᠦᠴᠦᠨ ᠤ ᠪᠡᠯᠡᠳᠬᠡᠮᠵᠢ ᠶᠢ ᠬᠠᠮᠠᠭᠠᠯᠠᠬᠤ ᠳᠦᠷᠢᠮ︾ ᠤᠨ 17 ᠳ᠋ᠤᠭᠠᠷ ᠵᠦᠢᠯᠶᠠᠮᠠᠷᠪᠠ ᠨᠢᠭᠡᠴᠡ ᠪᠤᠶᠤ ᠬᠤᠪᠢ ᠬᠥᠮᠥᠨ ᠡᠷᠬᠡᠪᠰᠢ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠴᠠᠬᠢᠯᠭᠠᠨ ᠬᠦᠴᠦᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠬᠦ ᠶᠢᠨ ᠬᠠᠮᠲᠤ ᠠᠶᠤᠯ ᠦᠭᠡᠢ ᠶᠢᠨ ᠠᠷᠭ᠎ᠠ ᠬᠡᠮᠵᠢᠶ᠎ᠡ ᠠᠪᠤᠭᠰᠠᠨ ᠤ ᠳᠠᠷᠠᠭ᠎ᠠ ᠰᠠᠶ᠋ᠢ ᠳᠣᠣᠷᠠᠬᠢ ᠮᠡᠲᠦ ᠠᠵᠢᠯᠯᠠᠭ᠎ᠠ ᠬᠢᠬᠦ ᠪᠤᠶᠤ ᠠᠵᠢᠯᠯᠠᠭ᠎ᠠ ᠬᠢᠵᠦ ᠪᠣᠯᠣᠨ᠎ᠠ᠄ ᠨᠢᠭᠡ ᠠᠭᠠᠷ ᠤᠨ ᠴᠠᠬᠢᠯᠭᠠᠨ ᠬᠦᠴᠦᠨ ᠤ ᠱᠤᠭᠤᠮ ᠤᠨ ᠬᠠᠮᠠᠭᠠᠯᠠᠯᠲᠠ ᠶᠢᠨ ᠣᠷᠣᠨ ᠳᠤ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠵᠢᠴᠢ ᠪᠠᠭᠠᠨ᠎ᠠ ᠪᠣᠰᠬᠠᠬᠤ᠂ ᠥᠷᠥᠮᠳᠡᠨ ᠬᠠᠶᠢᠬᠤ᠂ ᠨᠡᠭᠡᠭᠡᠨ ᠮᠠᠯᠲᠠᠬᠤ ᠵᠡᠷᠭᠡ ᠠᠵᠢᠯ ᠬᠢᠵᠦ ᠪᠣᠯᠣᠨ᠎ᠠ (ᠬᠤᠶᠠᠷ) ᠬᠦᠨᠳᠦ ᠶᠢ ᠡᠷᠭᠦᠬᠦ ᠮᠠᠰᠢᠨ ᠤ ᠶᠠᠮᠠᠷᠪᠠ ᠬᠡᠰᠡᠭ ᠲᠤ ᠠᠭᠠᠷ ᠤᠨ ᠴᠠᠬᠢᠯᠭᠠᠨ ᠬᠦᠴᠦᠨ ᠤ ᠱᠤᠭᠤᠮ ᠤᠨ ᠬᠠᠮᠠᠭᠠᠯᠠᠯᠲᠠ ᠶᠢᠨ ᠣᠷᠣᠨ ᠳᠤ ᠣᠷᠣᠵᠤ ᠠᠵᠢᠯ ᠬᠢᠬᠦ ᠬᠡᠷᠡᠭᠲᠡᠢ (ᠭᠤᠷᠪᠠ) ᠳᠠᠮᠵᠢᠭᠤᠯᠬᠤ ᠱᠤᠭᠤᠮ ᠤᠨ ᠵᠠᠢ ᠪᠠᠨ ᠪᠣᠳᠠᠰ ᠤᠨ ᠬᠤᠭᠤᠷᠣᠨᠳᠤ ᠶᠢᠨ ᠠᠮᠤᠷ ᠲᠦᠪᠰᠢᠨ ᠤ ᠵᠠᠢ ᠠᠴᠠ ᠪᠠᠭ᠎ᠠ ᠪᠠᠶᠢᠯᠭᠠᠵᠤ᠂ ᠠᠭᠠᠷ ᠤᠨ ᠴᠠᠬᠢᠯᠭᠠᠨ ᠬᠦᠴᠦᠨ ᠤ ᠱᠤᠭᠤᠮ ᠤᠨ ᠬᠠᠮᠠᠭᠠᠯᠠᠯᠲᠠ ᠶᠢᠨ ᠣᠷᠣᠨ (ᠳᠥᠷᠪᠡ) ᠴᠠᠬᠢᠯᠭᠠᠨ ᠬᠦᠴᠦᠨ ᠤ ᠴᠠᠬᠢᠯᠭᠠᠨ ᠳᠡᠭᠡᠰᠦ ᠶᠢᠨ ᠱᠤᠭᠤᠮ ᠤᠨ ᠬᠠᠮᠠᠭᠠᠯᠠᠯᠲᠠ ᠶᠢᠨ ᠣᠷᠣᠨ ᠳᠤ ᠠᠵᠢᠯᠯᠠᠨ᠎ᠠ᠃    ᠬᠢᠨᠠᠯᠲᠠ ᠬᠠᠮᠢᠶᠠᠷᠤᠯᠲᠠ ᠶᠢᠨ ᠦᠨᠳᠦᠰᠦᠯᠡᠯ    ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠠᠬᠢᠯᠭᠠᠨ ᠬᠦᠴᠦᠨ ᠤ ᠬᠠᠤᠯᠢ︾ ᠶᠢᠨ 56 ᠳ᠋ᠤᠭᠠᠷ ᠵᠦᠢᠯ    ᠴᠠᠬᠢᠯᠭᠠᠨ ᠬᠦᠴᠦᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠴᠠᠬᠢᠯᠭᠠᠨ ᠬᠦᠴᠦᠨ ᠤ ᠠᠵᠤ ᠠᠬᠤᠶᠢᠯᠠᠯ ᠪᠣᠯᠣᠨ ᠬᠡᠷᠡᠭᠯᠡᠭᠴᠢᠳ ᠤᠨ ᠴᠠᠬᠢᠯᠭᠠᠨ ᠬᠦᠴᠦᠨ ᠤ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠬᠠᠤᠯᠢ ᠶᠣᠰᠣᠭᠠᠷ ᠬᠢᠨᠠᠵᠤ ᠪᠠᠶᠢᠴᠠᠭᠠᠨ᠎ᠠ    ᠵᠠᠰᠠᠭ ᠵᠠᠬᠢᠷᠭᠠᠨ ᠤ ᠵᠥᠪᠰᠢᠶᠡᠷᠡᠯ ᠤᠨ ᠨᠥᠬᠦᠴᠡᠯ ᠲᠣᠭᠲᠠᠭᠠᠭᠰᠠᠨ ᠦᠨᠳᠦᠰᠦᠯᠡᠯ    ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠠᠬᠢᠯᠭᠠᠨ ᠬᠦᠴᠦᠨ ᠤ ᠬᠠᠤᠯᠢ︾ ᠶᠢᠨ 52 ᠳ᠋ᠤᠭᠠᠷ ᠵᠤᠷᠪᠤᠰ    ᠴᠠᠬᠢᠯᠭᠠᠨ ᠬᠦᠴᠦᠨ ᠤ ᠲᠥᠬᠦᠭᠡᠷᠦᠮᠵᠢ ᠶᠢᠨ ᠣᠷᠴᠢᠨ ᠲᠣᠭᠤᠷᠢᠨ ᠳᠤ ᠳᠡᠯᠪᠡᠴᠢᠬᠦ ᠵᠢᠴᠢ ᠴᠠᠬᠢᠯᠭᠠᠨ ᠬᠦᠴᠦᠨ ᠤ ᠲᠥᠬᠦᠭᠡᠷᠦᠮᠵᠢ ᠳᠤ ᠠᠶᠤᠯ ᠤᠴᠠᠷᠠᠭᠤᠯᠵᠤ ᠮᠡᠳᠡᠬᠦ ᠠᠵᠢᠯ ᠬᠢᠬᠦ ᠳᠤ ᠭᠦᠷᠪᠡᠯ᠂ ᠲᠥᠷᠥ ᠶᠢᠨ ᠶᠠᠪᠤᠳᠠᠯ ᠤᠨ ᠬᠤᠷᠢᠶᠠᠨ ᠤ ᠴᠠᠬᠢᠯᠭᠠᠨ ᠬᠦᠴᠦᠨ ᠤ ᠲᠥᠬᠦᠭᠡᠷᠦᠮᠵᠢ ᠶᠢ ᠬᠠᠮᠠᠭᠠᠯᠠᠬᠤ ᠲᠤᠬᠠᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠵᠥᠪᠰᠢᠶᠡᠷᠡᠭᠦᠯᠬᠦ ᠬᠡᠷᠡᠭᠲᠡᠢ ᠪᠥᠭᠡᠳ᠋ᠴᠠᠬᠢᠯᠭᠠᠨ ᠬᠦᠴᠦᠨ ᠤ ᠲᠥᠬᠦᠭᠡᠷᠦᠮᠵᠢ ᠶᠢᠨ ᠠᠶᠤᠯ ᠦᠭᠡᠢ ᠶᠢ ᠪᠠᠲᠤᠯᠠᠬᠤ ᠠᠷᠭ᠎ᠠ ᠬᠡᠮᠵᠢᠶ᠎ᠡ ᠠᠪᠤᠭᠰᠠᠨ ᠤ ᠳᠠᠷᠠᠭ᠎ᠠ ᠰᠠᠢᠢ ᠠᠵᠢᠯᠯᠠᠵᠤ ᠪᠣᠯᠣᠨ᠎ᠠ    ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ ᠶᠢᠨ 2 ᠳ᠋ᠤᠭᠠᠷ ᠵᠦᠢᠯ    ᠲᠤᠰ ᠬᠠᠤᠯᠢ ᠳᠤ ᠬᠡᠯᠡᠵᠦ ᠪᠠᠶᠢᠭ᠎ᠠ ᠵᠠᠰᠠᠭ ᠵᠠᠬᠢᠷᠭᠠᠨ ᠤ ᠵᠥᠪᠰᠢᠶᠡᠷᠡᠯ ᠭᠡᠳᠡᠭ ᠪᠣᠯ ᠵᠠᠰᠠᠭ ᠵᠠᠬᠢᠷᠭᠠᠨ ᠤ ᠪᠠᠶᠢᠭᠤᠯᠤᠯᠭ᠎ᠠ ᠠᠷᠠᠳ ᠢᠷᠭᠡᠨ᠂ ᠬᠠᠤᠯᠢ ᠶᠢᠨ ᠬᠥᠮᠥᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠭᠤᠶᠤᠴᠢᠯᠠᠯ ᠢ ᠦᠨᠳᠦᠰᠦᠯᠡᠨ ᠬᠠᠤᠯᠢ ᠶᠣᠰᠣᠭᠠᠷ ᠬᠢᠨᠠᠨ ᠪᠠᠶᠢᠴᠠᠭᠠᠭᠠᠳ᠂ ᠲᠡᠭᠦᠨ ᠤ ᠲᠤᠰᠬᠠᠢ ᠠᠵᠢᠯᠯᠠᠭ᠎ᠠ ᠬᠢᠬᠦ ᠶᠢ ᠵᠥᠪᠰᠢᠶᠡᠷᠡᠭᠰᠡᠨ ᠠᠵᠢᠯᠯᠠᠭ᠎ᠠ ᠶᠢ ᠬᠡᠯᠡᠵᠦ ᠪᠠᠶᠢᠨ᠎ᠠ    ︽ᠴᠠᠬᠢᠯᠭᠠᠨ ᠬᠦᠴᠦᠨ ᠤ ᠪᠡᠯᠡᠳᠬᠡᠮᠵᠢ ᠶᠢ ᠬᠠᠮᠠᠭᠠᠯᠠᠬᠤ ᠳᠦᠷᠢᠮ︾ ᠤᠨ 22 ᠳ᠋ᠤᠭᠠᠷ ᠵᠦᠢᠯ    ᠣᠯᠠᠨ ᠨᠡᠶᠢᠲᠡ ᠶᠢᠨ ᠪᠠᠷᠢᠯᠭ᠎ᠠ᠂ ᠬᠤᠲᠠ ᠶᠢᠨ ᠨᠣᠭᠤᠭᠠᠷᠠᠭᠤᠯᠤᠯᠲᠠ ᠪᠣᠯᠣᠨ ᠪᠤᠰᠤᠳ ᠪᠠᠷᠢᠯᠭ᠎ᠠ ᠨᠢ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ ᠪᠤᠶᠤ ᠥᠷᠭᠡᠳᠬᠡᠨ ᠪᠠᠶᠢᠭᠤᠯᠬᠤ ᠳᠤᠮᠳᠠ ᠴᠠᠬᠢᠯᠭᠠᠨ ᠬᠦᠴᠦᠨ ᠤ ᠪᠡᠯᠡᠳᠬᠡᠮᠵᠢ ᠶᠢ ᠬᠠᠷᠰᠢᠯᠠᠬᠤ ᠦᠶ᠎ᠡ ᠳᠤ᠂ ᠡᠰᠡᠬᠦᠯ᠎ᠡ ᠴᠠᠬᠢᠯᠭᠠᠨ ᠬᠦᠴᠦᠨ ᠤ ᠪᠡᠯᠡᠳᠬᠡᠮᠵᠢ ᠶᠢ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ ᠪᠤᠶᠤ ᠥᠷᠭᠡᠳᠬᠡᠨ ᠪᠠᠶᠢᠭᠤᠯᠬᠤ ᠳᠤᠮᠳᠠ ᠠᠯᠪᠠᠨ ᠬᠡᠷᠡᠭᠯᠡᠭᠡᠨ ᠤ ᠪᠠᠷᠢᠯᠭ᠎ᠠ᠂ ᠬᠤᠲᠠ ᠶᠢᠨ ᠨᠣᠭᠤᠭᠠᠷᠠᠭᠤᠯᠤᠯᠲᠠ ᠪᠣᠯᠣᠨ ᠪᠤᠰᠤᠳ ᠪᠠᠷᠢᠯᠭ᠎ᠠ ᠶᠢ ᠬᠠᠷᠰᠢᠯᠠᠬᠤ ᠦᠶ᠎ᠡ ᠳᠤ ᠂ ᠬᠤᠶᠠᠷ ᠲᠠᠯ᠎ᠠ ᠶᠢᠨ ᠬᠤᠯᠪᠣᠭᠳᠠᠯ ᠪᠦᠬᠦᠢ ᠨᠢᠭᠡᠴᠡ ᠡᠷᠬᠡᠪᠰᠢ ᠲᠤᠰ ᠳᠦᠷᠢᠮ ᠪᠣᠯᠣᠨ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠵᠥᠪᠳᠡᠯᠴᠡᠵᠦ᠂ ᠨᠡᠭᠦᠯᠭᠡᠨ ᠰᠢᠯᠵᠢᠭᠦᠯᠬᠦ᠂ ᠴᠢᠬᠤᠯᠠ ᠪᠦᠬᠦᠢ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠠᠪᠬᠤ ᠪᠠ ᠨᠥᠬᠦᠪᠦᠷᠢᠯᠡᠬᠦ ᠵᠡᠷᠭᠡ ᠠᠰᠠᠭᠤᠳᠠᠯ ᠤᠨ ᠲᠤᠬᠠᠢ ᠬᠡᠯᠡᠯᠴᠡᠭᠡᠷ ᠲᠣᠭᠲᠠᠭᠰᠠᠨ ᠤ ᠳᠠᠷᠠᠭ᠎ᠠ ᠰᠠᠶ᠋ᠢ ᠪᠠᠷᠢᠯᠭ᠎ᠠ ᠪᠠᠷᠢᠵᠤ ᠪᠣᠯᠣᠨ᠎ᠠ᠃    ᠵᠠᠰᠠᠭ ᠵᠠᠬᠢᠷᠭᠠᠨ ᠤ ᠵᠥᠪᠰᠢᠶᠡᠷᠡᠯ ᠤᠨ ᠵᠢᠷᠤᠮ ᠤᠨ ᠦᠨᠳᠦᠰᠦᠯᠡᠯ    ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ ᠶᠢᠨ 29 ᠳ᠋ᠦ᠋ᠭᠡᠷ ᠵᠦᠢᠯ    ᠠᠷᠠᠳ ᠢᠷᠭᠡᠨ᠂ ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠠᠴᠠ ᠣᠨᠴᠣᠭᠤᠢ ᠲᠣᠭᠲᠠᠭᠠᠭᠰᠠᠨ ᠠᠵᠢᠯᠯᠠᠭ᠎ᠠ ᠶᠢ ᠬᠢᠬᠦ ᠳᠤ ᠬᠠᠤᠯᠢ ᠶᠣᠰᠣᠭᠠᠷ ᠵᠠᠰᠠᠭ ᠵᠠᠬᠢᠷᠭᠠᠨ ᠤ ᠵᠥᠪᠰᠢᠶᠡᠷᠡᠯ ᠠᠪᠬᠤ ᠴᠢᠬᠤᠯᠠ ᠲᠠᠢ ᠪᠣᠯ ᠵᠠᠰᠠᠭ ᠵᠠᠬᠢᠷᠭᠠᠨ ᠤ ᠪᠠᠶᠢᠭᠤᠯᠤᠯᠭ᠎ᠠ ᠳᠤ ᠭᠤᠶᠤᠴᠢᠯᠠᠯ ᠭᠠᠷᠭᠠᠬᠤ ᠬᠡᠷᠡᠭᠲᠡᠢ᠃    ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ ᠶᠢᠨ 39 ᠵᠦᠢᠯ    ᠵᠠᠰᠠᠭ ᠵᠠᠬᠢᠷᠭᠠᠨ ᠤ ᠪᠠᠶᠢᠭᠤᠯᠤᠯᠭ᠎ᠠ ᠵᠠᠰᠠᠭ ᠵᠠᠬᠢᠷᠭᠠᠨ ᠤ ᠵᠥᠪᠰᠢᠶᠡᠷᠡᠯ ᠣᠯᠭᠤᠬᠤ ᠲᠣᠭᠲᠠᠭᠠᠯ ᠭᠠᠷᠭᠠᠬᠤ ᠳᠠᠭᠠᠨ ᠵᠠᠰᠠᠭ ᠵᠠᠬᠢᠷᠭᠠᠨ ᠤ ᠵᠥᠪᠰᠢᠶᠡᠷᠡᠯ ᠤᠨ ᠦᠨᠡᠮᠯᠡᠯ ᠣᠯᠭᠤᠬᠤ ᠴᠢᠬᠤᠯᠠ ᠲᠠᠢ ᠪᠣᠯ ᠭᠤᠶᠤᠴᠢᠯᠠᠭᠴᠢ ᠳᠤ ᠲᠤᠰ ᠵᠠᠰᠠᠭ ᠵᠠᠬᠢᠷᠭᠠᠨ ᠤ ᠪᠠᠶᠢᠭᠤᠯᠤᠯᠭ᠎ᠠ ᠶᠢᠨ ᠲᠠᠮᠠᠭ᠎ᠠ ᠶᠢᠨ ᠳᠣᠣᠷᠠᠬᠢ ᠮᠡᠲᠦ ᠵᠠᠰᠠᠭ ᠵᠠᠬᠢᠷᠭᠠᠨ ᠤ ᠵᠥᠪᠰᠢᠶᠡᠷᠡᠯ ᠤᠨ ᠦᠨᠡᠮᠯᠡᠯ ᠣᠯᠭᠤᠬᠤ ᠬᠡᠷᠡᠭᠲᠡᠢ᠄ (ᠭᠤᠷᠪᠠ) ᠵᠠᠰᠠᠭ ᠵᠠᠬᠢᠷᠭᠠᠨ ᠤ ᠪᠠᠶᠢᠭᠤᠯᠤᠯᠭ᠎ᠠ ᠶᠢᠨ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠪᠤᠶᠤ ᠭᠡᠷᠡᠴᠢᠯᠡᠬᠦ ᠪᠢᠴᠢᠭ ᠮᠠᠲ᠋ᠧᠷᠢᠶᠠᠯ ᠣᠯᠭᠤᠬᠤ ᠬᠡᠷᠡᠭᠲᠡᠢ᠃    ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ ᠶᠢᠨ 38 ᠳ᠋ᠤᠭᠠᠷ ᠵᠦᠢᠯ    ᠭᠤᠶᠤᠴᠢᠯᠠᠭᠴᠢ ᠶᠢᠨ ᠭᠤᠶᠤᠴᠢᠯᠠᠯ ᠨᠢ ᠬᠠᠤᠯᠢ ᠪᠠᠷ ᠲᠣᠭᠲᠠᠭᠠᠭᠰᠠᠨ ᠨᠥᠬᠦᠴᠡᠯ᠂ ᠪᠠᠷᠢᠮᠵᠢᠶ᠎ᠠ ᠳᠤ ᠨᠡᠶᠢᠴᠡᠵᠦ ᠪᠠᠶᠢᠪᠠᠯ᠂ ᠵᠠᠰᠠᠭ ᠵᠠᠬᠢᠷᠭᠠᠨ ᠤ ᠪᠠᠶᠢᠭᠤᠯᠭ᠎ᠠ ᠨᠢ ᠬᠠᠤᠯᠢ ᠶᠣᠰᠣᠭᠠᠷ ᠵᠠᠰᠠᠭ ᠵᠠᠬᠢᠷᠭᠠᠨ ᠤ ᠵᠥᠪᠰᠢᠶᠡᠷᠡᠯ ᠣᠯᠭᠤᠬᠤ ᠪᠢᠴᠢᠭᠯᠡᠭᠰᠡᠨ ᠲᠣᠭᠲᠠᠭᠠᠯ ᠭᠠᠷᠭᠠᠬᠤ ᠬᠡᠷᠡᠭᠲᠡᠢ᠃    ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ ᠶᠢᠨ 37 ᠳ᠋ᠤᠭᠠᠷ ᠵᠦᠢᠯ    ᠵᠠᠰᠠᠭ ᠵᠠᠬᠢᠷᠭᠠᠨ ᠤ ᠪᠠᠶᠢᠭᠤᠯᠤᠯᠭ᠎ᠠ ᠨᠢ ᠵᠠᠰᠠᠭ ᠵᠠᠬᠢᠷᠭᠠᠨ ᠤ ᠵᠥᠪᠰᠢᠶᠡᠷᠡᠯ ᠤᠨ ᠭᠤᠶᠤᠴᠢᠯᠠᠯ ᠢ ᠬᠢᠨᠠᠨ ᠪᠠᠶᠢᠴᠠᠭᠠᠭᠰᠠᠨ ᠤ ᠳᠠᠷᠠᠭ᠎ᠠ᠂ ᠲᠤᠬᠠᠢ ᠶᠢᠨ ᠭᠠᠵᠠᠷ ᠲᠤ ᠵᠠᠰᠠᠭ ᠵᠠᠬᠢᠷᠭᠠᠨ ᠤ ᠵᠥᠪᠰᠢᠶᠡᠷᠡᠯ ᠤᠨ ᠲᠣᠭᠲᠠᠭᠠᠯ ᠭᠠᠷᠭᠠᠬᠤ ᠠᠴᠠ ᠭᠠᠳᠠᠨ᠎ᠠ᠂ ᠬᠠᠤᠯᠢ ᠪᠠᠷ ᠲᠣᠭᠲᠠᠭᠠᠭᠰᠠᠨ ᠬᠤᠭᠤᠴᠠᠭᠠᠨ ᠳᠣᠲᠣᠷ᠎ᠠ ᠲᠣᠭᠲᠠᠭᠠᠭᠰᠠᠨ ᠳᠡᠰ ᠳᠠᠷᠠᠭᠠᠯᠠᠯ ᠤᠨ ᠶᠣᠰᠣᠭᠠᠷ ᠵᠠᠰᠠᠭ ᠵᠠᠬᠢᠷᠭᠠᠨ ᠤ ᠵᠥᠪᠰᠢᠶᠡᠷᠡᠯ ᠤᠨ ᠲᠣᠭᠲᠠᠭᠠᠯ ᠭᠠᠷᠭᠠᠬᠤ ᠬᠡᠷᠡᠭᠲᠡᠢ᠃    ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ ᠶᠢᠨ 34 ᠵᠦᠢᠯ    ᠵᠠᠰᠠᠭ ᠵᠠᠬᠢᠷᠭᠠᠨ ᠤ ᠪᠠᠶᠢᠭᠤᠯᠤᠯᠭ᠎ᠠ ᠨᠢ ᠭᠤᠶᠤᠴᠢᠯᠠᠭᠴᠢ ᠶᠢᠨ ᠳᠡᠪᠰᠢᠭᠦᠯᠦᠨ ᠲᠤᠰᠢᠶᠠᠭᠰᠠᠨ ᠭᠤᠶᠤᠴᠢᠯᠠᠯ ᠤᠨ ᠮᠠᠲ᠋ᠧᠷᠢᠶᠠᠯ ᠢ ᠬᠢᠨᠠᠨ ᠪᠠᠶᠢᠴᠠᠭᠠᠬᠤ ᠬᠡᠷᠡᠭᠲᠡᠢ᠃    ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ ᠶᠢᠨ 32 ᠳ᠋ᠤᠭᠠᠷ ᠵᠦᠢᠯ    ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠭᠤᠶᠤᠴᠢᠯᠠᠭᠴᠢ ᠶᠢᠨ ᠳᠤᠷᠠᠳᠤᠭᠰᠠᠨ ᠵᠠᠰᠠᠭ ᠵᠠᠬᠢᠷᠭᠠᠨ ᠤ ᠵᠥᠪᠰᠢᠶᠡᠷᠡᠯ ᠠᠪᠬᠤ ᠭᠤᠶᠤᠴᠢᠯᠠᠯ ᠢ ᠳᠣᠣᠷᠠᠬᠢ ᠪᠠᠶᠢᠳᠠᠯ ᠢ ᠦᠨᠳᠦᠰᠦᠯᠡᠨ ᠲᠤᠰ ᠲᠤᠰ ᠰᠢᠢᠳᠪᠦᠷᠢᠯᠡᠨ᠎ᠡ᠄︵ᠬᠤᠶᠠᠷ︶ ᠭᠤᠶᠤᠴᠢᠯᠠᠭᠰᠠᠨ ᠵᠦᠢᠯᠡᠰ ᠨᠢ ᠬᠠᠤᠯᠢ ᠶᠣᠰᠣᠭᠠᠷ ᠲᠤᠰ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠡᠷᠬᠡ ᠲᠤᠰᠢᠶᠠᠯ ᠤᠨ ᠬᠡᠪᠴᠢᠶᠡᠨ ᠳᠤ ᠬᠠᠷᠢᠶᠠᠯᠠᠭᠳᠠᠬᠤ ᠦᠭᠡᠢ ᠪᠣᠯ᠂ ᠴᠠᠭ ᠲᠤᠬᠠᠢ ᠳᠤ ᠨᠢ ᠬᠦᠯᠢᠶᠡᠨ ᠠᠪᠴᠤ ᠰᠢᠢᠳᠪᠦᠷᠢᠯᠡᠬᠦ ᠦᠭᠡᠢ ᠲᠣᠭᠲᠠᠭᠠᠯ ᠭᠠᠷᠭᠠᠬᠤ ᠶᠢ ᠭᠤᠶᠤᠴᠢᠯᠠᠭᠴᠢ ᠳᠤ ᠮᠡᠳᠡᠭᠳᠡᠬᠦ ᠬᠡᠷᠡᠭᠲᠡᠢ︔︵ᠭᠤᠷᠪᠠ︶ ᠭᠤᠶᠤᠴᠢᠯᠠᠯ ᠤᠨ ᠮᠠᠲ᠋ᠧᠷᠢᠶᠠᠯ ᠨᠢ ᠪᠦᠷᠢᠨ ᠭᠦᠢᠴᠡᠳ ᠪᠤᠰᠤ ᠪᠤᠶᠤ ᠬᠠᠤᠯᠢ ᠪᠠᠷ ᠲᠣᠭᠲᠠᠭᠠᠭᠰᠠᠨ ᠬᠡᠯᠪᠡᠷᠢ ᠳᠤ ᠨᠡᠶᠢᠴᠡᠭᠰᠡᠨ ᠪᠠᠶᠢᠪᠠᠯ᠂ ᠭᠤᠶᠤᠴᠢᠯᠠᠭᠴᠢ ᠳᠤ ᠲᠡᠷᠡ ᠳᠣᠣᠷ᠎ᠠ ᠨᠢ ᠵᠠᠯᠠᠷᠠᠭᠤᠯᠬᠤ ᠶᠢ ᠵᠥᠪᠰᠢᠶᠡᠷᠡᠬᠦ ᠬᠡᠷᠡᠭᠲᠡᠢ︔︵ᠳᠥᠷᠪᠡ︶ ᠭᠤᠶᠤᠴᠢᠯᠠᠯ ᠤᠨ ᠮᠠᠲ᠋ᠧᠷᠢᠶᠠᠯ ᠨᠢ ᠪᠦᠷᠢᠨ ᠭᠦᠢᠴᠡᠳ ᠪᠤᠰᠤ ᠪᠤᠶᠤ ᠬᠠᠤᠯᠢ ᠪᠠᠷ ᠲᠣᠭᠲᠠᠭᠠᠭᠰᠠᠨ ᠬᠡᠯᠪᠡᠷᠢ ᠳᠤ ᠨᠡᠶᠢᠴᠡᠭᠰᠡᠨ ᠪᠠᠶᠢᠪᠠᠯ᠂ ᠭᠤᠶᠤᠴᠢᠯᠠᠯ ᠤᠨ ᠮᠠᠲ᠋ᠧᠷᠢᠶᠠᠯ ᠨᠢ ᠪᠦᠷᠢᠨ ᠭᠦᠢᠴᠡᠳ ᠪᠠᠶᠢᠵᠤ᠂ ᠬᠠᠤᠯᠢ ᠪᠠᠷ ᠲᠣᠭᠲᠠᠭᠠᠭᠰᠠᠨ ᠬᠡᠯᠪᠡᠷᠢ ᠳᠤ ᠨᠡᠶᠢᠴᠡᠭᠦᠯᠬᠦ ᠬᠡᠷᠡᠭᠲᠡᠢ᠂ ᠡᠰᠡᠬᠦᠯ᠎ᠡ ᠭᠤᠶᠤᠴᠢᠯᠠᠭᠴᠢ ᠠᠴᠠ ᠲᠤᠰ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠡᠷᠬᠡ ᠲᠤᠰᠢᠶᠠᠯ ᠤᠨ ᠬᠡᠪᠴᠢᠶᠡᠨ ᠳᠤ ᠬᠠᠷᠢᠶᠠᠯᠠᠭᠳᠠᠵᠤ᠂ ᠭᠤᠶᠤᠴᠢᠯᠠᠬᠤ ᠮᠠᠲ᠋ᠧᠷᠢᠶᠠᠯ ᠨᠢ ᠪᠦᠷᠢᠨ ᠭᠦᠢᠴᠡᠳ᠂ ᠬᠠᠤᠯᠢ ᠪᠠᠷ ᠲᠣᠭᠲᠠᠭᠠᠭᠰᠠᠨ ᠬᠡᠯᠪᠡᠷᠢ ᠳᠤ ᠨᠡᠶᠢᠴᠡᠪᠡᠯ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠭᠤᠶᠤᠴᠢᠯ ᠢ ᠨᠢ ᠬᠦᠯᠢᠶᠡᠨ ᠠᠪᠴᠤ ᠰᠢᠢᠳᠪᠦᠷᠢᠯᠡᠬᠦ ᠬᠡᠷᠡᠭᠲᠡᠢ᠃ᠬᠠᠤᠯᠢ ᠪᠠᠷ ᠲᠣᠭᠲᠠᠭᠠᠭᠰᠠᠨ ᠬᠢᠨᠠᠨ ᠵᠥᠪᠱᠢᠶᠡᠷᠡᠬᠦ ᠴᠠᠭ ᠤᠨ ᠬᠢᠵᠠᠭᠠᠷ ᠢ ᠲᠣᠭᠲᠠᠭᠠᠬᠤ ᠦᠨᠳᠦᠰᠦ ᠪᠠᠷᠢᠮᠲᠠ    ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ 42 ᠵᠦᠢᠯ    ᠲᠡᠷᠡ ᠳᠠᠷᠤᠢ ᠳᠤᠨᠢ ᠵᠠᠰᠠᠭ ᠵᠠᠬᠢᠷᠭᠠᠨ ᠤ ᠵᠥᠪᠰᠢᠶᠡᠷᠡᠯ ᠤᠨ ᠲᠣᠭᠲᠠᠭᠠᠯ ᠭᠠᠷᠭᠠᠵᠤ ᠪᠣᠯᠬᠤ ᠶᠢ ᠭᠠᠷᠭᠠᠪᠠᠯ᠂ ᠵᠠᠰᠠᠭ ᠵᠠᠬᠢᠷᠭᠠᠨ ᠤ ᠪᠠᠶᠢᠭᠤᠯᠤᠯᠭ᠎ᠠ ᠵᠠᠰᠠᠭ ᠵᠠᠬᠢᠷᠭᠠᠨ ᠤ ᠵᠥᠪᠰᠢᠶᠡᠷᠡᠯ ᠠᠪᠬᠤ ᠭᠤᠶᠤᠴᠢᠯᠠᠯ ᠢ ᠬᠦᠯᠢᠶᠡᠨ ᠠᠪᠤᠭᠰᠠᠨ ᠡᠳᠦᠷ ᠠᠴᠠ ᠡᠬᠢᠯᠡᠨ ᠬᠤᠷᠢᠨ ᠡᠳᠦᠷ ᠤᠨ ᠳᠣᠲᠣᠷ᠎ᠠ ᠵᠠᠰᠠᠭ ᠵᠠᠬᠢᠷᠭᠠᠨ ᠤ ᠵᠥᠪᠰᠢᠶᠡᠷᠡᠯ ᠤᠨ ᠲᠣᠭᠲᠠᠭᠠᠯ ᠭᠠᠷᠭᠠᠬᠤ ᠬᠡᠷᠡᠭᠲᠡᠢ᠃ ᠬᠤᠷᠢᠨ ᠡᠳᠦᠷ ᠤᠨ ᠳᠣᠲᠣᠷ᠎ᠠ ᠲᠣᠭᠲᠠᠭᠠᠯ ᠭᠠᠷᠭᠠᠵᠤ ᠳᠡᠶᠢᠯᠬᠦ ᠦᠭᠡᠢ ᠪᠣᠯ ᠲᠤᠰ ᠵᠠᠰᠠᠭ ᠵᠠᠬᠢᠷᠭᠠᠨ ᠤ ᠪᠠᠶᠢᠭᠤᠯᠤᠯᠭ᠎ᠠ ᠶᠢᠨ ᠬᠠᠷᠢᠭᠤᠴᠠᠯᠭᠠᠲᠠᠨ ᠢᠶᠠᠷ ᠵᠥᠪᠰᠢᠶᠡᠷᠡᠭᠦᠯᠦᠭᠡᠳ ᠠᠷᠪᠠᠨ ᠡᠳᠦᠷ ᠤᠷᠲᠤᠳᠬᠠᠵᠤ ᠪᠣᠯᠬᠤ ᠪᠥᠭᠡᠳ ᠬᠤᠭᠤᠴᠠᠭ᠎ᠠ ᠶᠢ ᠨᠢ ᠤᠷᠲᠤᠳᠬᠠᠭᠰᠠᠨ ᠰᠢᠯᠲᠠᠭᠠᠨ ᠢᠶᠠᠨ ᠭᠤᠶᠤᠴᠢᠯᠠᠭᠴᠢ ᠳᠤ ᠮᠡᠳᠡᠭᠳᠡᠬᠦ ᠬᠡᠷᠡᠭᠲᠡᠢ᠃
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2