| ᠵᠠᠩ ᠶᠧ ᠢᠦᠢ ᠱᠠᠩᠳᠤ ᠰᠢᠶᠠᠨ ᠤ ᠴᠢ ᠲᠠᠢ ᠪᠠᠯᠭᠠᠰᠤᠨ ᠤ ᠨᠠᠮ ᠤᠨ ᠬᠤᠷᠢᠶᠠᠨ ᠤ ᠱᠦᠵᠢ | 【 ᠰᠤᠷᠪᠤᠯᠵᠢᠯᠠᠭᠴᠢ 】 ᠵᠠᠩ ᠱᠦᠵᠢ᠂ ᠲᠠ ᠰᠠᠶᠢᠨ ᠤᠤ︕ ᠲᠠ ᠮᠠᠨ ᠤ ᠪᠠᠯᠭᠠᠰᠤᠨ ᠤ ᠦᠨᠳᠦᠰᠦᠨ | ᠪᠠᠢᠳᠠᠯ ᠢ ᠲᠠᠨᠢᠯᠴᠠᠭᠤᠯᠵᠤ ᠥᠭᠭᠦᠭᠡᠷᠡᠢ᠃ | 【 ᠬᠦᠨᠳᠦᠲᠦ ᠵᠣᠴᠢᠳ︶ ᠱᠠᠩᠳᠤ ᠰᠢᠶᠠᠨ ᠤ ᠴᠢ ᠲᠠᠢ ᠪᠠᠯᠭᠠᠰᠤ ᠪᠣᠯ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠳᠤᠮᠳᠠ ᠬᠡᠰᠡᠭ ᠲᠤ ᠪᠠᠶᠢᠷᠢᠯᠠᠵᠤ᠂ ᠳᠣᠪᠣᠷᠬᠠᠭ ᠭᠠᠵᠠᠷ ᠤᠨ ᠳᠦᠷᠰᠦ ᠪᠠᠶᠢᠳᠠᠯ ᠢᠶᠠᠷ ᠭᠤᠤᠯ | ᠪᠣᠯᠭᠠᠵᠤ᠂ ᠳᠤᠮᠳᠠ ᠳᠤᠯᠠᠭᠠᠨ ᠤ ᠪᠦᠰᠡ ᠶᠢᠨ ᠡᠬᠡ ᠭᠠᠵᠠᠷ ᠤᠨ ᠴᠢᠨᠠᠷᠲᠠᠶ ᠤᠯᠠᠷᠢᠯ ᠤᠨ ᠰᠠᠯᠬᠢᠨ ᠤ ᠠᠭᠤᠷ | ᠠᠮᠢᠰᠬᠤᠯ ᠳᠤ ᠬᠠᠷᠢᠶᠠᠯᠠᠭᠳᠠᠵᠤ᠂ ᠵᠢᠯ ᠤᠨ ᠳᠤᠮᠳᠠᠴᠢ ᠳᠤᠯᠠᠭᠠᠨ ᠤ ᠬᠡᠮᠵᠢᠶ᠎ᠡ 3.1 ᠭᠷᠠᠳᠦ᠋ᠰ᠂ ᠬᠢᠷᠠᠭᠤ ᠦᠭᠡᠢ | ᠬᠤᠭᠤᠴᠠᠭ᠎ᠠ 115 - 120 ᠡᠳᠦᠷ᠂ ᠵᠢᠯ ᠤᠨ ᠲᠤᠨᠳᠠᠰᠤᠨ ᠤ ᠬᠡᠮᠵᠢᠶ᠎ᠡ 300 mm ᠣᠷᠴᠢᠮ ᠪᠠᠶᠢᠳᠠᠭ᠃ | ᠴᠢ ᠲᠠᠢ ᠪᠠᠯᠭᠠᠰᠤᠨ ᠤ ᠬᠠᠷᠢᠶ᠎ᠠ 15 ᠲᠣᠰᠬᠤᠨ ᠤ ᠵᠥᠪᠯᠡᠯ ︵49 ᠠᠶᠢᠯ ᠲᠣᠰᠬᠤᠨ︶︶ 20 ᠨᠡᠶᠢᠭᠡᠮ | ᠲᠣᠭᠤᠷᠢᠭ ᠲᠤ ᠬᠠᠷᠢᠶᠠᠯᠠᠭᠳᠠᠬᠤ ᠭᠠᠵᠠᠷ ᠤᠨ ᠲᠠᠯᠠᠪᠠᠢ ᠨᠢ 329.6 ᠲᠡᠭᠰᠢ ᠳᠥᠷᠪᠡᠯᠵᠢᠨ ᠺᠢᠯᠣᠮᠧᠳ᠋ᠷ᠂ ᠲᠠᠷᠢᠶᠠᠨ | ᠭᠠᠵᠠᠷ ᠤᠨ ᠲᠠᠯᠠᠪᠠᠢ ᠨᠢ 11.7 ᠲᠦᠮᠡᠨ ᠮᠦ᠂ ᠪᠠᠶᠢᠭᠠᠯᠢ ᠶᠢᠨ ᠪᠡᠯᠴᠢᠭᠡᠷ ᠤᠨ ᠲᠠᠯᠠᠪᠠᠢ 21.5 ᠲᠦᠮᠡᠨ ᠮᠦ | ᠪᠠᠶᠢᠳᠠᠭ᠃ ᠪᠠᠶᠢᠩᠭᠤ ᠰᠠᠭᠤᠭ᠎ᠠ ᠡᠷᠦᠬᠡ ᠶᠢᠨ ᠲᠤᠭ᠎ᠠ ᠨᠢ 4.78 ᠮᠢᠩᠭ᠎ᠠ ᠪᠥᠭᠡᠳ 10.98 ᠮᠢᠩᠭ᠎ᠠ ᠪᠠᠶᠢᠵᠤ᠃ | ᠲᠠᠷᠢᠮᠠᠯ ᠤᠨ ᠦᠢᠯᠡᠰ ᠨᠢ ᠡᠷᠳᠡᠨᠢ ᠰᠢᠰᠢ᠂ ᠡᠯᠳᠡᠪ ᠠᠮᠤ᠂ ᠡᠯᠳᠡᠪ ᠪᠤᠷᠴᠠᠭ᠂ ᠰᠢᠬᠢᠷ ᠯᠤᠤᠪᠠᠩ᠂ ᠢᠳᠡᠰᠢᠨ | ᠨᠣᠭᠤᠭ᠎ᠠ᠂ ᠲᠥᠮᠥᠰᠥ ᠪᠠᠷ ᠭᠤᠣᠯ ᠪᠣᠯᠭᠠᠵᠤ᠂ ᠮᠠᠯ ᠠᠵᠤ ᠠᠬᠤᠢ ᠨᠢ ᠦᠬᠡᠷ᠂ ᠬᠤᠨᠢ ᠪᠠᠷ ᠭᠤᠣᠯ ᠪᠣᠯᠭᠠᠵᠤ | ᠪᠠᠶᠢᠪᠠ᠃ | 【 ᠰᠤᠷᠪᠤᠯᠵᠢᠯᠠᠭᠴᠢ 】 ᠲᠠ ᠰᠢᠶᠠᠩ ᠪᠠᠯᠭᠠᠰᠤᠨ ᠤ ᠵᠠᠰᠠᠬᠤ ᠠᠵᠢᠯ ᠤᠨ ᠳᠤᠮᠳᠠᠬᠢ ᠭᠤᠣᠯᠳᠠᠯᠭ᠎ᠠ ᠶᠢ | ᠶᠠᠷᠢᠭᠠᠳ ᠥᠭᠭᠦᠨ᠎ᠡ ᠦᠦ︖ | 【 ᠬᠦᠨᠳᠦᠲᠦ ᠵᠣᠴᠢᠳ᠄ ᠣᠳᠣᠬᠠᠨ ᠤ ᠭᠤᠣᠯᠳᠠᠯᠭ᠎ᠠ ᠨᠢ ᠰᠢᠨ᠎ᠡ ᠪᠠᠶᠢᠳᠠᠯ ᠰᠢᠨ᠎ᠡ ᠡᠭᠦᠷᠭᠡ ᠳᠤ ᠰᠠᠭᠤᠷᠢᠯᠠᠵᠤ | ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠠᠨᠳᠤᠯᠭᠠᠲᠤ ᠴᠢᠨᠠᠷᠲᠠᠢ ᠪᠠᠷ ᠠᠰᠠᠭᠤᠳᠠᠯ ᠢ | ᠰᠢᠢᠳᠪᠦᠷᠢᠯᠡᠵᠦ᠂ ᠰᠢᠶᠠᠩ ᠪᠠᠯᠭᠠᠰᠤᠨ ᠤ ᠵᠠᠰᠠᠯᠲᠠ ᠶᠢᠨ ᠠᠵᠢᠯ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠪᠦᠬᠦ | ᠲᠠᠯ᠎ᠠ ᠪᠠᠷ ᠠᠬᠢᠭᠤᠯᠬᠤ ᠶᠠᠪᠤᠳᠠᠯ ᠪᠣᠯᠤᠨ᠎ᠠ᠃ ᠵᠢᠱᠢᠶᠡᠯᠡᠪᠡᠯ᠄ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ | ᠲᠠᠯ᠎ᠠ ᠪᠠᠷ᠂ ᠦᠨᠳᠦᠰᠦᠨ ᠵᠦᠢᠯ ᠢ ᠪᠠᠲᠤᠯᠠᠬᠤ ᠪᠠᠲᠤᠯᠠᠭ᠎ᠠ ᠶᠢᠨ ᠠᠵᠢᠯ ᠢ ᠬᠡᠷᠬᠢᠨ ᠪᠣᠳᠠᠲᠠᠢ ᠰᠠᠶᠢᠲᠤᠷ ᠬᠢᠵᠦ᠂ | ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ ᠨᠡᠩ ᠰᠠᠶᠢᠲᠤᠷ ᠨᠠᠶᠢᠳᠠᠪᠤᠷᠢᠵᠢᠭᠤᠯᠵᠤ᠂ ᠤᠯᠠᠨ | ᠲᠦᠮᠡᠨ ᠤ ᠬᠦᠰᠡᠯ ᠱᠠᠭᠠᠷᠳᠠᠯᠭ᠎ᠠ ᠶᠢ ᠰᠠᠶᠢᠲᠤᠷ ᠰᠢᠢᠳᠪᠦᠷᠢᠯᠡᠵᠦ᠂ ᠤᠯᠠᠨ ᠲᠦᠮᠡᠨ ᠤ ᠬᠦᠷᠲᠡᠮᠵᠢ ᠶᠢᠨ | ᠲᠦᠷᠦᠭᠳᠡᠯ ᠢ ᠨᠡᠩ ᠭᠦᠢᠴᠡᠳ ᠪᠣᠯᠭᠠᠵᠤ᠂ ᠵᠣᠯ ᠵᠢᠷᠭᠠᠯᠲᠤ ᠲᠦᠷᠦᠭᠳᠡᠯ ᠢ ᠨᠡᠩ ᠦᠷᠭᠦᠯᠵᠢᠯᠡᠭᠦᠯᠵᠦ᠂ ᠠᠮᠤᠷ | ᠲᠦᠪᠰᠢᠨ ᠤ ᠲᠦᠷᠦᠭᠳᠡᠯ ᠢ ᠨᠡᠩ ᠪᠠᠲᠤᠯᠠᠭ᠎ᠠ ᠲᠠᠢ ᠪᠣᠯᠭᠠᠨ᠎ᠠ︔ ᠨᠡᠶᠢᠭᠡᠮ ᠤᠨ ᠵᠠᠰᠠᠯᠲᠠ ᠶᠢ ᠴᠢᠩᠭᠠᠳᠬᠠᠬᠤ᠂ | ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠲᠠᠯ᠎ᠠ ᠪᠠᠷ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠣᠭᠲᠠᠴᠠ ᠶᠢᠨ | ᠰᠢᠨ᠎ᠡ ᠶᠢ ᠡᠭᠦᠳᠴᠦ᠂ ᠲᠣᠣᠷᠵᠢᠯ ᠤᠨ ᠬᠠᠮᠢᠶᠠᠷᠤᠯᠲᠠ ᠶᠢᠨ ᠲᠣᠭᠲᠠᠴᠠ ᠶᠢ ᠴᠢᠩᠭᠠᠳᠬᠠᠵᠤ᠂ ᠵᠥᠷᠢᠴᠡᠯ | ᠵᠠᠭᠤᠷᠠᠯᠳᠤᠭᠠᠨ ᠢ ᠡᠬᠢ ᠡᠭᠦᠰᠦᠯ ᠠᠴᠠ ᠨᠢ ᠰᠡᠷᠭᠡᠶᠢᠯᠡᠨ ᠪᠠᠭᠠᠰᠬᠠᠵᠤ᠂ ᠵᠥᠷᠢᠴᠡᠯ ᠵᠠᠭᠤᠷᠠᠯᠳᠤᠭᠠᠨ ᠢ ᠦᠨᠳᠦᠰᠦᠨ | ᠱᠠᠲᠤᠨ ᠳᠤ ᠰᠢᠢᠳᠪᠦᠷᠢᠯᠡᠵᠦ᠂ ︽ᠪᠠᠭ᠎ᠠ ᠶᠠᠪᠤᠳᠠᠯ ᠢ ᠲᠣᠰᠬᠤᠨ ︵ᠨᠡᠶᠢᠭᠡᠮ ᠲᠣᠭᠤᠷᠢᠭ ᠠᠴᠠ ᠭᠠᠷᠭᠠᠬᠤ ᠦᠭᠡᠢ︾ | ᠶᠢ ᠪᠡᠶᠡᠯᠡᠭᠦᠯᠦᠨ᠎ᠡ᠃︶ ᠶᠡᠭᠡ ᠶᠠᠪᠤᠳᠠᠯ ᠢ ᠪᠠᠯᠭᠠᠰᠤᠨ ᠠᠴᠠ ᠭᠠᠷᠭᠠᠬᠤ ᠦᠭᠡᠢ᠂ ᠵᠥᠷᠢᠴᠡᠯ ᠢ ᠳᠡᠭᠡᠭᠰᠢ ᠲᠤᠰᠢᠶᠠᠬᠤ | ᠦᠭᠡᠢ︾᠃ | 【 ᠰᠤᠷᠪᠤᠯᠵᠢᠯᠠᠭᠴᠢ 】 ᠵᠠᠩ ᠱᠦᠵᠢ᠂ 2024 ᠣᠨ ᠳᠤ ᠰᠢᠶᠠᠩ ᠪᠠᠯᠭᠠᠰᠤᠨ ᠤ ᠵᠠᠰᠠᠯᠲᠠ ᠳᠤᠮᠳᠠ | ᠮᠠᠨ ᠤ ᠪᠠᠯᠭᠠᠰᠤᠨ ᠳᠤ ᠶᠠᠮᠠᠷ ᠶᠠᠮᠠᠷ ᠠᠵᠢᠯ ᠬᠢᠭᠰᠡᠨ ᠪᠣᠶ︖ | 【 ᠬᠦᠨᠳᠦᠲᠦ ᠵᠣᠴᠢᠳ︾ ︵ᠨᠢᠭᠡ︶ ᠬᠥᠳᠡᠭᠡ ᠲᠣᠰᠬᠤᠨ ᠤ ᠠᠵᠤ ᠦᠢᠯᠡᠰ ᠤᠨ ᠪᠥᠲᠥᠭᠡᠨ | ᠪᠠᠶᠢᠭᠤᠯᠤᠯᠲᠠ ᠶᠢ ᠰᠠᠶᠢᠲᠤᠷ ᠬᠡᠷᠡᠭᠯᠡᠵᠦ᠂ ᠲᠣᠰᠬᠤᠨ ᠢ ᠬᠦᠴᠦᠷᠬᠡᠭᠵᠢᠭᠦᠯᠦᠨ ᠠᠷᠠᠳ ᠢ ᠪᠠᠶᠠᠵᠢᠭᠤᠯᠬᠤ ᠳᠤ | ᠬᠦᠴᠦᠨ ᠨᠡᠮᠡᠷᠢᠯᠡᠨ᠎ᠡ︔ 2024 ᠣᠨ ᠳᠤ ᠳ᠋ᠦᠩ ᠹᠠᠩ ᠽᠢ ᠲᠣᠰᠬᠤᠨ ᠤ ᠠᠵᠢᠯ ᠣᠯᠭᠤᠯᠲᠠ ᠪᠠᠷ ᠲᠡᠳᠬᠦᠮᠵᠢ ᠶᠢ | ᠣᠷᠣᠯᠠᠭᠤᠯᠬᠤ᠂ ︽ᠶᠠᠳᠠᠭᠤ ᠶᠢ ᠰᠡᠷᠭᠡᠶᠢᠯᠡᠬᠦ ᠳᠠᠭᠠᠳᠬᠠᠯ︾ ᠤᠨ ᠲᠥᠷᠥᠯ ᠵᠦᠢᠯ᠂ ᠴᠢ ᠲᠠᠢ ᠪᠠᠯᠭᠠᠰᠤᠨ ᠤ | ᠣᠨᠳᠣᠤ ᠭᠠᠵᠠᠷ ᠨᠡᠭᠦᠳᠡᠯ ᠠᠷᠠᠳ ᠤᠨ ᠲᠣᠭᠤᠷᠢᠭ ᠢ ᠥᠭᠡᠷᠡᠴᠢᠯᠡᠨ ᠰᠡᠯᠪᠢᠨ ᠵᠠᠰᠠᠬᠤ ᠢᠨᠵᠧᠨᠧᠷᠢᠩ᠂ ᠱᠠᠩᠳᠤ | ᠰᠢᠶᠠᠨ ᠤ ᠴᠢ ᠲᠠᠢ ᠪᠠᠯᠭᠠᠰᠤᠨ ᠤ ᠤᠰᠤ ᠬᠠᠩᠭᠠᠬᠤ ᠬᠤᠭᠤᠯᠠᠶ ᠶᠢᠨ ᠲᠣᠤᠷ ᠤᠨ ᠢᠨᠵᠧᠨᠧᠷᠢᠩ ᠢ ᠬᠡᠷᠡᠭᠵᠢᠭᠦᠯᠦᠨ᠎ᠡ᠃ | ᠲᠣᠰᠬᠤᠨ ᠤ ᠠᠷᠠᠳ ᠤᠨ ᠵᠥᠪᠯᠡᠯ ᠤᠨ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠶᠢ ᠶᠡᠬᠡᠪᠡᠷ ᠲᠦᠯᠬᠢᠨ | ᠠᠬᠢᠭᠤᠯᠵᠤ᠂ ᠠᠷᠠᠳ ᠤᠨ ᠲᠥᠯᠥᠭᠡ᠂ ᠠᠷᠠᠳ ᠲᠤ ᠳᠥᠭᠦᠮ᠂ ᠠᠷᠠᠳ ᠲᠤ ᠠᠰᠢᠭ ᠬᠦᠷᠲᠡᠭᠡᠬᠦ ᠦᠨᠳᠦᠰᠦᠨ | ᠱᠠᠲᠤᠨ ᠤ ᠳᠠᠶᠢᠴᠢᠨ ᠪᠠᠬᠢᠯᠡᠯᠲᠡ ᠶᠢ ᠪᠠᠲᠤᠳᠬᠠᠵᠤ᠂ ᠲᠣᠰᠬᠤᠨ ᠤ ᠱᠠᠲᠤᠨ ᠤ ᠵᠢᠭᠰᠠᠭᠠᠯ ᠤᠨ ᠭᠠᠵᠠᠷ ᠢ ︽ᠲᠡᠰ | ᠳᠡᠪᠰᠢᠭᠦᠯᠦᠨ ᠶᠠᠰᠤ ᠴᠢᠨᠠᠷ ᠢ ᠳᠡᠭᠡᠭᠰᠢᠯᠡᠭᠦᠯᠬᠦ︾ ᠶᠢ ᠦᠨᠡᠨᠬᠦ ᠪᠡᠶᠡᠯᠡᠭᠦᠯᠵᠦ᠂ ᠠᠷᠠᠳ ᠲᠦᠮᠡᠨ ᠳᠤ ᠦᠢᠯᠡᠴᠢᠯᠡᠬᠦ ︽ | ᠪᠣᠳᠠᠲᠠᠶ ᠶᠢ ᠡᠷᠬᠢᠮᠯᠡᠭᠰᠡᠨ ᠥᠨᠳᠥᠷ ᠪᠦᠲᠦᠮᠵᠢᠲᠡᠶ︾ ᠪᠠᠶᠢᠬᠤ ᠬᠡᠷᠡᠭᠲᠡᠶ᠃ ᠠᠯᠠᠰᠢᠨ ᠦᠬᠡᠷ ᠤᠨ ᠰᠦᠷᠦᠭᠵᠢᠯ ᠢ | ᠥᠷᠭᠡᠳᠬᠡᠨ ᠳᠠᠬᠢᠨ ᠢᠶᠠᠷ ᠨᠡᠮᠡᠭᠳᠡᠭᠦᠯᠬᠦ᠂ ᠠᠯᠠᠰᠢᠨ ᠬᠤᠨᠢᠨ ᠤ ᠡᠭᠦᠯᠳᠡᠷ ᠢ ᠰᠠᠶᠢᠵᠢᠷᠠᠭᠤᠯᠤᠨ ᠶᠠᠰᠤ ᠴᠢᠨᠠᠷ ᠢ | ᠳᠡᠭᠡᠭᠰᠢᠯᠡᠭᠦᠯᠬᠦ᠂ ᠲᠥᠮᠥᠰᠥ ᠶᠢᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠪᠠᠶᠢᠭᠤᠯᠤᠯᠲᠠ ᠶᠢ ᠦᠷᠭᠦᠯᠵᠢᠯᠡᠨ | ᠠᠬᠢᠭᠤᠯᠵᠤ᠂ ︽ᠳᠥᠷᠪᠡᠨ ᠵᠦᠢᠯ ᠤᠨ ᠱᠠᠩᠨᠠᠵᠤ ᠨᠥᠬᠦᠪᠦᠷᠢᠯᠡᠬᠦ︾ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠤᠨ᠎ᠠ᠃ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ | ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠠᠵᠢᠯ ᠣᠯᠭᠤᠯᠲᠠ ᠶᠢ ᠪᠠᠲᠤᠯᠠᠬᠤ ᠬᠠᠷᠠᠭᠠᠯᠵᠠᠯ ᠤᠨ ᠲᠥᠷᠥ ᠶᠢᠨ | ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠬᠥᠯᠥᠰᠥᠨ ᠠᠵᠢᠯ ᠬᠢᠭᠡᠳ ᠠᠵᠢᠯ ᠣᠯᠭᠤᠯᠲᠠ ᠶᠢᠨ ᠱᠠᠩᠨᠠᠯ | ᠨᠥᠬᠦᠪᠥᠷᠢ ᠶᠢᠨ ᠬᠥᠮᠦᠰ ᠲᠤ ᠨᠡᠶᠢᠲᠡ 438964 ᠲᠥᠭᠦᠷᠢᠭ ᠤᠨ ᠨᠥᠬᠦᠪᠥᠷᠢ ᠥᠭᠴᠦ᠂ ᠬᠥᠳᠡᠭᠡ ᠲᠣᠰᠬᠤᠨ ᠤ | ᠠᠵᠤ ᠠᠬᠤᠶ ᠨᠡᠶᠢᠭᠡᠮ ᠤᠨ ᠦᠷᠭᠦᠯᠵᠢᠯᠡᠨ ᠲᠦᠷᠭᠡᠨ ᠡᠷᠡᠭᠦᠯ ᠢᠶᠠᠷ ᠬᠥᠭᠵᠢᠬᠦ ᠶᠢ ᠪᠥᠬᠦ ᠲᠠᠯ᠎ᠠ ᠪᠠᠷ ᠠᠬᠢᠭᠤᠯᠪᠠ᠃ ︵ | ᠬᠤᠶᠠᠷ︶ ᠬᠥᠳᠡᠭᠡ ᠲᠣᠰᠬᠤᠨ ᠤ ᠵᠠᠰᠠᠯᠲᠠ ᠶᠢ ᠭᠦᠨᠵᠡᠭᠡᠶᠢᠷᠡᠭᠦᠯᠵᠦ᠂ ᠦᠵᠡᠰᠬᠦᠯᠡᠩᠲᠦ ᠰᠠᠶᠢᠬᠠᠨ ᠬᠥᠳᠡᠭᠡ | ᠲᠣᠰᠬᠤᠨ ᠢ ᠡᠭᠦᠳᠦᠨ ᠪᠠᠶᠢᠭᠤᠯᠤᠨ᠎ᠠ︔ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠲᠠᠷᠢᠮᠠᠯ ᠤᠨ | ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢ ᠥᠷᠨᠢᠭᠦᠯᠵᠦ᠂ 2024 ᠣᠨ ᠳᠤ ᠤᠰᠤ ᠶᠡᠭᠡ | ᠬᠤᠷᠣᠭᠳᠠᠭᠤᠯᠬᠤ ᠲᠠᠷᠢᠮᠠᠯ ᠤᠨ ᠲᠠᠯᠠᠪᠠᠢ 42840 ᠮᠦ ᠪᠠᠶᠢᠵᠤ᠂ 2023 ᠣᠨ ᠤ ᠬᠢ ᠠᠴᠠ 18160 ᠮᠦ | ᠬᠠᠰᠤᠭᠳᠠᠨ᠎ᠠ ︵ᠡᠭᠦᠨ ᠳᠤ ᠤᠰᠤ ᠭᠠᠩ ᠬᠠᠭᠤᠷᠠᠶ ᠡᠭᠡᠯᠵᠢᠯᠡᠨ ᠲᠠᠷᠢᠬᠤ 5400 ᠮᠦ︶᠃ ᠲᠠᠷᠠᠬᠠᠶ ᠪᠤᠯᠠᠵᠤ | ᠳᠤᠷ᠎ᠠ ᠪᠠᠷ ᠢᠶᠠᠨ ᠪᠤᠯᠠᠰᠢᠯᠠᠬᠤ ᠶᠢ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ︽ᠭᠤᠷᠪᠠᠨ ᠳᠠᠭᠠᠤ | ᠳᠣᠯᠣᠳᠤᠭᠠᠷ ᠲᠣᠭᠤᠷᠢᠭ︾ ᠢ 259 ᠬᠠᠲᠠᠭᠤᠷᠠᠭᠤᠯᠤᠭᠰᠠᠨ ᠣᠩᠭᠤᠨ ᠢ ᠴᠡᠭᠴᠡᠯᠡᠨ ᠵᠠᠰᠠᠪᠠ᠃ ᠲᠠᠷᠢᠶᠠᠨ | ᠭᠠᠵᠠᠷ ᠢ ᠡᠪᠳᠡᠬᠦ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ 2024 ᠣᠨ ᠳᠤ ᠲᠣᠭᠲᠠᠭᠠᠯ ᠠᠴᠠ ᠵᠥᠷᠢᠴᠡᠨ | ᠪᠠᠶᠢᠭᠤᠯᠤᠭᠰᠠᠨ ᠲᠠᠯᠠᠪᠠᠢ ᠪᠠᠷᠤᠭ 350 ᠲᠡᠭᠰᠢ ᠳᠥᠷᠪᠡᠯᠵᠢᠨ ᠮᠧᠳ᠋ᠷ ᠢ ᠨᠤᠷᠠᠭᠠᠵᠤ᠂ ᠲᠠᠷᠢᠶᠠᠨ ᠭᠠᠵᠠᠷ ᠤᠨ ︽ | ᠤᠯᠠᠭᠠᠨ ᠱᠤᠭᠤᠮ︾ ᠢ ᠴᠢᠩᠭ᠎ᠠ ᠰᠠᠬᠢᠨ᠎ᠠ᠃ ᠬᠤᠭ ᠨᠣᠪᠰᠢ ᠶᠢᠨ ᠬᠠᠶᠢᠷᠴᠠᠭ 426᠂ ᠣᠷᠴᠢᠨ ᠲᠣᠭᠤᠷᠢᠨ ᠤ | ᠠᠷᠢᠭᠤᠨ ᠴᠡᠪᠡᠷ ᠤᠨ ᠲᠡᠷᠭᠡ ᠬᠦᠰᠭᠡ ᠶᠢ 24 ᠰᠢᠨ᠎ᠡ ᠪᠠᠷ ᠲᠣᠬᠢᠷᠠᠭᠤᠯᠵᠤ᠂ ᠲᠣᠰᠬᠤᠨ ᠤ ᠳᠦᠷᠰᠦ ᠪᠠᠶᠢᠳᠠᠯ ᠢ | ᠴᠡᠭᠴᠡᠯᠡᠨ ᠵᠠᠰᠠᠬᠤ ᠶᠢ ᠯᠠᠪᠳᠠᠭᠤᠨ ᠪᠠᠲᠤᠲᠠᠢ ᠠᠬᠢᠭᠤᠯᠪᠠ᠃ ᠪᠠᠷᠢᠯᠭ᠎ᠠ ᠶᠢᠨ ᠬᠤᠭ ᠨᠣᠪᠰᠢ ᠶᠢᠨ ᠬᠠᠮᠢᠶᠠᠷᠤᠯᠲᠠ ᠶᠢᠨ | ᠭᠦᠨᠴᠡ ᠶᠢ ᠭᠦᠨᠵᠡᠭᠡᠶᠢᠷᠡᠭᠦᠯᠵᠦ᠂ ᠣᠪᠣᠭᠠᠯᠠᠵᠤ ᠲᠠᠯᠪᠢᠭᠰᠠᠨ ᠪᠠᠶᠢᠳᠠᠯ ᠣᠷᠣᠰᠢᠵᠤ ᠪᠠᠶᠢᠭ᠎ᠠ ᠬᠤᠲᠠ ᠬᠥᠳᠡᠭᠡ ᠶᠢᠨ | ᠠᠭᠤᠯᠵᠠᠷ ᠭᠠᠵᠠᠷ ᠢ ᠦᠷᠭᠦᠯᠵᠢᠯᠡᠨ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠠᠴᠢᠶᠠᠯᠠᠬᠤ ᠮᠠᠰᠢᠨ᠂ | ᠤᠭᠰᠠᠷᠠᠮᠠᠯ ᠮᠠᠰᠢᠨ ᠢ ᠬᠥᠳᠡᠯᠭᠡᠨ ᠪᠠᠷᠢᠯᠭ᠎ᠠ ᠶᠢᠨ ᠬᠤᠭ ᠨᠣᠪᠰᠢ ᠶᠢ 20000 ᠭᠠᠷᠤᠶ ᠲᠣᠨ ᠳᠠᠯᠳᠠᠭᠤᠷ ᠴᠡᠪᠡᠷᠯᠡᠨ | ᠲᠡᠭᠡᠭᠡᠪᠦᠷᠢᠯᠡᠨ᠎ᠡ᠃ ︵ᠭᠤᠷᠪᠠ︶ ᠬᠤᠲᠠ ᠬᠥᠳᠡᠭᠡ ᠶᠢᠨ ᠪᠣᠯᠪᠠᠰᠤᠨ ᠤ ᠪᠠᠶᠢᠭᠤᠯᠤᠯᠲᠠ ᠶᠢ ᠠᠳᠬᠤᠵᠤ᠂ | ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ︽ᠨᠢᠭᠡ ᠭᠡᠷ᠎ᠡ ᠳᠥᠷᠪᠡᠨ ᠬᠤᠷᠠᠯ︾ ᠤᠨ | ᠪᠠᠶᠢᠭᠤᠯᠤᠯᠲᠠ ᠶᠢ ᠬᠡᠷᠡᠭᠵᠢᠭᠦᠯᠵᠦ᠂ ︽ᠲᠣᠰᠬᠤᠨ ᠤ ᠳᠦᠷᠢᠮ ᠠᠷᠠᠳ ᠤᠨ ᠭᠡᠷ᠎ᠡ︾ ᠶᠢ ᠤᠯᠠᠮ ᠨᠢᠭᠡ ᠠᠯᠬᠤᠮ | ᠪᠠᠶᠢᠭᠤᠯᠤᠨ ᠲᠡᠭᠦᠯᠳᠡᠷᠵᠢᠭᠦᠯᠪᠡ᠃ ᠨᠠᠷᠢᠨ ᠳᠠᠩᠰᠠ ᠶᠢᠨ ᠳᠦᠷᠢᠮ᠂ ᠬᠤᠪᠢ ᠬᠤᠷᠠᠮᠳᠤᠭᠤᠯᠬᠤ ᠳᠦᠷᠢᠮ ᠵᠡᠷᠭᠡ | ᠦᠢᠯᠡᠴᠢᠯᠡᠭᠡᠨ ᠤ ᠣᠯᠠᠨ ᠨᠡᠶᠢᠲᠡ ᠶᠢᠨ ᠬᠠᠮᠢᠶᠠᠷᠤᠯᠲᠠ ᠶᠢ ᠢᠳᠡᠪᠬᠢᠲᠡᠢ ᠠᠬᠢᠭᠤᠯᠤᠨ᠎ᠠ᠃ ᠰᠢᠨ᠎ᠡ ᠴᠠᠭ ᠦᠶ᠎ᠡ ᠶᠢᠨ | ᠪᠣᠯᠪᠠᠰᠤᠨ ᠤ ᠦᠶ᠋ᠯᠡᠳᠦᠯᠭᠡ ᠶᠢᠨ ᠥᠷᠲᠡᠭᠡ ᠭᠠᠵᠠᠷ᠂ ︽ᠲᠣᠰᠬᠤᠨ ᠪᠣᠯᠭᠠᠨ ᠤ ᠳᠠᠭᠤᠨ︾ ᠤ ᠪᠦᠷᠢᠶ᠎ᠡ᠂ ᠸᠢᠴᠠᠲ᠂ | ᠬᠡᠷᠡᠮ ᠳᠡᠭᠡᠷᠡᠬᠢ ᠬᠥᠨᠳᠡᠯᠡᠨ ᠪᠢᠴᠢᠭᠡᠰᠦ ᠵᠡᠷᠭᠡ ᠠᠴᠢᠶᠠᠯᠠᠪᠤᠷᠢ ᠶᠢ ᠶᠡᠷᠦᠩᠬᠡᠶᠢᠯᠡᠨ ᠠᠰᠢᠭᠯᠠᠵᠤ ᠬᠡᠪ ᠵᠠᠩᠰᠢᠯ ᠢ | ᠥᠭᠡᠷᠡᠴᠢᠯᠡᠪᠡ᠃ ᠳᠣᠯᠣᠭᠠᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ᠂ ᠲᠠᠪᠤᠨ ᠰᠠᠷ᠎ᠠ ᠶᠢᠨ ᠰᠢᠨ᠎ᠡ ᠶᠢᠨ | ᠲᠠᠪᠤᠨ ᠤ ᠪᠠᠶᠠᠷ᠂ ᠤᠯᠤᠰ ᠤᠨ ᠪᠠᠶᠠᠷ ᠵᠡᠷᠭᠡ ᠪᠠᠶᠠᠷ ᠤᠨ ᠡᠳᠦᠷ ᠰᠢᠨ᠎ᠡ ᠴᠠᠭ ᠦᠶ᠎ᠡ ᠶᠢᠨ ᠪᠣᠯᠪᠠᠰᠤᠨ ᠤ | ᠦᠶ᠋ᠯᠡᠳᠦᠯᠭᠡ ᠶᠢᠨ ᠥᠷᠲᠡᠭᠡ ᠳᠤ ︽ᠪᠢᠳᠡᠨ ᠤ ᠪᠠᠶᠠᠷ ᠤᠨ ᠡᠳᠦᠷ︾᠂ ᠰᠢᠯᠦᠭ ᠤᠶᠠᠩᠭᠠᠯᠠᠨ ᠤᠩᠰᠢᠬᠤ᠂ ᠪᠥᠵᠢᠭ | ᠂ ᠬᠤᠶᠠᠷ ᠬᠥᠮᠦᠨ ᠤ ᠲᠠᠶᠢᠰᠠᠨ ᠤ ᠲᠣᠭᠯᠠᠯᠲᠠ ᠵᠡᠷᠭᠡ ᠠᠵᠢᠯᠯᠠᠭ᠎ᠠ ᠶᠢ ᠡᠷᠭᠢᠯᠡᠵᠦ᠂ ᠭᠤᠤᠯ ᠬᠥᠭ ᠠᠶᠠᠰ ᠢ | ᠤᠯᠠᠮᠵᠢᠯᠠᠨ ᠳᠠᠭᠤᠯᠠᠵᠤ᠂ ᠴᠠᠭ ᠦᠶ᠎ᠡ ᠶᠢᠨ ᠰᠢᠨ᠎ᠡ ᠰᠤᠷᠲᠠᠯ ᠢ ᠪᠠᠳᠠᠷᠠᠭᠤᠯᠪᠠ᠃ ᠦᠨᠡᠨᠴᠢ ᠢᠲᠡᠭᠡᠮᠵᠢᠲᠡᠢ ᠡᠷᠦᠬᠡ᠂ | ᠪᠣᠯᠪᠠᠰᠤᠨ ᠡᠷᠦᠬᠡ᠂ ᠪᠠᠶᠠᠵᠢᠯ ᠤᠨ ᠳᠠᠭᠠᠭᠤᠯᠤᠭᠴᠢ ᠵᠡᠷᠭᠡ ᠲᠡᠷᠢᠭᠦᠨ ᠤ ᠨᠡᠶᠢᠲᠡᠯᠢᠭ ᠵᠢᠱᠢᠶ᠎ᠡ ᠶᠢ ᠰᠢᠯᠭᠠᠷᠠᠭᠤᠯᠬᠤ | ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠢᠳᠡᠪᠬᠢᠲᠡᠢ ᠪᠠᠷ ᠥᠭᠡᠳᠡᠯᠡᠨ ᠲᠠᠪᠰᠢᠬᠤ᠂ ᠡᠶ᠎ᠡ ᠵᠣᠬᠢᠴᠠᠩᠭᠤᠢ | ᠪᠣᠯᠪᠠᠰᠤᠨ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠵᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ | ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ᠃ ︵ᠳᠥᠷᠪᠡ︶︶ ᠠᠷᠠᠳ ᠤᠨ ᠠᠮᠢᠳᠤᠷᠠᠯ ᠤᠨ | ᠪᠠᠲᠤᠯᠠᠭ᠎ᠠ ᠶᠢ ᠪᠣᠳᠠᠲᠠᠶᠢᠵᠢᠭᠤᠯᠵᠤ᠂ ᠣᠯᠠᠨ ᠲᠦᠮᠡᠨ ᠤ ᠵᠣᠯ ᠵᠢᠷᠭᠠᠯ ᠤᠨ ᠲᠥᠷᠥᠭᠳᠡᠯ ᠢ ᠳᠡᠭᠡᠭᠰᠢᠯᠡᠭᠦᠯᠦᠨ᠎ᠡ︔ ᠰᠢ | ᠹᠠᠩ ᠽᠢ ᠵᠣᠯ ᠵᠢᠷᠭᠠᠯ ᠤᠨ ᠬᠦᠷᠢᠶᠡᠯᠡᠩ ᠢ ᠰᠡᠯᠪᠢᠨ ᠵᠠᠰᠠᠵᠤ᠂ ᠠᠮᠤᠷ ᠲᠦᠪᠰᠢᠨ ᠤ ᠳᠠᠯᠳᠠ ᠭᠡᠮ ᠢ ᠴᠠᠭ | ᠲᠤᠬᠠᠶ ᠳᠤᠨᠢ ᠠᠷᠢᠯᠭᠠᠵᠤ᠂ ᠨᠠᠰᠤᠲᠠᠶᠢᠴᠤᠳ ᠤᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠵᠤ | ᠂ ᠲᠡᠭᠦᠨ ᠳᠤ ᠨᠠᠩ ᠴᠡᠪᠡᠷ ᠲᠡᠭᠰᠢ ᠰᠡᠳᠬᠢᠯ ᠢ ᠳᠤᠯᠠᠭᠠᠴᠠᠭᠤᠯᠬᠤ ᠣᠷᠣᠨ ᠰᠠᠭᠤᠴᠠ ᠶᠢᠨ ᠣᠷᠴᠢᠨ ᠲᠣᠭᠤᠷᠢᠨ ᠢ | ᠬᠠᠩᠭᠠᠨ᠎ᠠ᠃ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠢᠨᠵᠧᠨᠧᠷᠢᠩ ᠢ ᠦᠨᠡᠨᠬᠦ ᠠᠬᠢᠭᠤᠯᠵᠤ᠂ | ᠣᠯᠠᠨ ᠲᠦᠮᠡᠨ ᠤ ᠴᠡᠪᠡᠷ ᠳᠤᠯᠠᠭᠠᠯᠠᠭ᠎ᠠ ᠶᠢ ᠪᠠᠲᠤᠯᠠᠨ᠂ 1263 ᠡᠷᠦᠬᠡ ᠨᠡᠭᠦᠷᠡᠰᠦ ᠶᠢ ᠴᠠᠬᠢᠯᠭᠠᠨ ᠪᠣᠯᠭᠠᠨ | ᠥᠭᠡᠷᠡᠴᠢᠯᠡᠬᠦ ᠡᠭᠦᠷᠭᠡ ᠶᠢ ᠪᠦᠯᠦᠭ ᠤᠳᠠᠭ᠎ᠠ ᠬᠤᠪᠢᠶᠠᠨ ᠴᠢᠨᠠᠷ ᠰᠠᠶᠢᠲᠠᠶ ᠴᠠᠭ ᠲᠤᠬᠠᠶ ᠳᠤᠨᠢ ᠪᠡᠶᠡᠯᠡᠭᠦᠯᠪᠡ᠃ ︽ | ᠰᠡᠳᠬᠢᠯ ᠢ ᠳᠤᠯᠠᠭᠠᠴᠠᠭᠤᠯᠬᠤ ᠨᠡᠭᠦᠷᠡᠰᠦ︾ ᠶᠢ ᠰᠢᠯᠵᠢᠭᠦᠯᠦᠨ ᠲᠡᠭᠡᠭᠡᠪᠦᠷᠢᠯᠡᠬᠦ ᠠᠵᠢᠯ ᠢ ᠡᠮᠬᠢ ᠵᠢᠷᠤᠮ ᠲᠠᠢ | ᠥᠷᠨᠢᠭᠦᠯᠵᠦ᠂ ᠡᠮᠦᠨᠡᠬᠢ ᠬᠤᠭᠤᠴᠠᠭᠠᠨ ᠤ ᠲᠤᠭ᠎ᠠ ᠪᠦᠷᠢᠳᠬᠡᠯ ᠤᠨ ᠪᠠᠶᠢᠴᠠᠭᠠᠨ ᠬᠡᠮᠵᠢᠯᠲᠡ ᠪᠠᠷ ᠳᠡᠮᠵᠢᠨ᠂ ᠮᠠᠨ ᠤ | ᠪᠠᠯᠭᠠᠰᠤᠨ ᠤ 2024 ᠣᠨ ᠤ ︽ᠰᠡᠳᠬᠢᠯ ᠢ ᠳᠤᠯᠠᠭᠠᠴᠠᠭᠤᠯᠬᠤ ᠨᠡᠭᠦᠷᠡᠰᠦ︾ ᠶᠢ 6000 ᠭᠠᠷᠤᠶ ᠲᠣᠨ | ᠰᠢᠯᠵᠢᠭᠦᠯᠦᠨ ᠵᠥᠭᠡᠭᠡᠪᠦᠷᠢᠯᠡᠬᠦ ᠪᠠᠷ ᠲᠥᠯᠥᠪᠯᠡᠵᠦ᠂ ᠣᠯᠠᠨ ᠲᠦᠮᠡᠨ ᠤ ᠡᠪᠦᠯ ᠤᠨ ᠤᠯᠠᠷᠢᠯ ᠤᠨ ᠳᠤᠯᠠᠭᠠᠯᠠᠭ᠎ᠠ ᠶᠢᠨ | ᠬᠡᠷᠡᠭᠴᠡᠭᠡ ᠶᠢ ᠪᠥᠬᠦ ᠬᠦᠴᠦᠨ ᠢᠶᠠᠷ ᠢᠶᠠᠨ ᠪᠠᠲᠤᠯᠠᠪᠠ᠃ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ | ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠪᠥᠬᠦ ᠪᠠᠯᠭᠠᠰᠤ ᠪᠠᠷ ᠢᠶᠠᠨ ᠣᠯᠠᠨ ᠲᠦᠮᠡᠨ ᠳᠤ ᠨᠡᠶᠢᠲᠡ | 380 ᠭᠠᠷᠤᠶ ᠪᠣᠳᠠᠲᠤ ᠶᠠᠪᠤᠳᠠᠯ ᠬᠢᠵᠦ ᠥᠭᠴᠡᠶ᠃ | 【 ᠰᠤᠷᠪᠤᠯᠵᠢᠯᠠᠭᠴᠢ 】 ᠵᠠᠩ ᠱᠦᠵᠢ ᠡᠨᠡ ᠵᠢᠯ ᠴᠢ ᠲᠠᠢ ᠪᠠᠯᠭᠠᠰᠤᠨ ᠤ ᠲᠤᠨᠳᠠᠰᠤᠨ ᠤ ᠬᠡᠮᠵᠢᠶ᠎ᠡ | ᠢᠯᠡᠳᠲᠡ ᠨᠡᠮᠡᠭᠳᠡᠵᠦ᠂ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ | ᠲᠠᠯ᠎ᠠ ᠪᠠᠷ ᠪᠢᠳᠡ ᠶᠠᠮᠠᠷ ᠶᠠᠮᠠᠷ ᠠᠵᠢᠯ ᠬᠢᠭᠰᠡᠨ ᠪᠣᠶ︖ | 【 ᠬᠦᠨᠳᠦᠲᠦ ᠵᠣᠴᠢᠨ 】 ᠴᠢ ᠲᠠᠢ ᠪᠠᠯᠭᠠᠰᠤ ᠰᠢᠷᠦᠭᠦᠨ ᠪᠣᠷᠣᠭᠠᠨ ᠤ ᠴᠠᠭ ᠠᠭᠤᠷ ᠤᠨ ᠰᠡᠷᠡᠮᠵᠢᠯᠡᠭᠦᠯᠦᠯ ᠢ | ᠣᠯᠤᠭᠰᠠᠨ ᠤ ᠳᠠᠷᠠᠭ᠎ᠠ᠂ ᠠᠵᠢᠯ ᠤᠨ ᠬᠤᠪᠢᠶᠠᠷᠢᠯᠠᠯ ᠢᠶᠠᠨ ᠳᠠᠷᠦ᠋ᠢᠬᠠᠨ ᠨᠠᠷᠢᠯᠢᠬᠵᠢᠭᠤᠯᠵᠤ᠂ ᠦᠶᠡᠷ ᠢ ᠰᠡᠷᠭᠡᠶᠢᠯᠡᠬᠦ | ᠠᠵᠢᠯ ᠢ ᠦᠳᠲᠡᠷ ᠲᠦᠷᠭᠡᠨ ᠥᠷᠨᠢᠭᠦᠯᠪᠡ᠃ ᠬᠦᠳᠡᠯᠦᠩᠭᠦᠢ ᠪᠠᠷ ᠲᠣᠭᠤᠷᠢᠨ ᠪᠠᠶᠢᠴᠠᠭᠠᠬᠤ ᠪᠠ ᠴᠡᠭ ᠲᠣᠭᠲᠠᠭᠠᠨ | ᠵᠢᠵᠢᠭᠦᠷᠯᠡᠨ ᠰᠠᠬᠢᠬᠤ ᠵᠠᠭᠪᠤᠷ ᠢ ᠠᠪᠴᠤ᠂ ᠬᠡᠰᠡᠭ ᠳᠠᠭᠠᠭᠠᠴᠢᠯᠠᠭᠰᠠᠨ ᠤᠳᠤᠷᠢᠳᠤᠯᠭ᠎ᠠ ᠪᠠ ᠲᠣᠰᠬᠤᠨ᠂ ᠨᠡᠶᠢᠭᠡᠮ | ᠲᠣᠭᠤᠷᠢᠭ ᠤᠨ ᠨᠠᠮ ᠤᠨ ᠭᠡᠰᠢᠭᠦᠨ ᠺᠠᠳ᠋ᠷ ᠲᠦᠷᠦᠭᠦᠯᠡᠨ ᠡᠪᠡᠳᠴᠢᠨ ᠡᠮᠭᠡᠭ ᠤᠨ ᠳᠤᠮᠳᠠ ᠪᠣᠷᠣᠭᠠᠨ ᠳᠤᠮᠳᠠᠭᠤᠷ᠂ | ᠪᠣᠷᠣᠭᠠᠨ ᠢ ᠬᠠᠶᠢᠬᠤᠷᠤᠯ ᠦᠭᠡᠢ ᠪᠠᠷ ᠬᠤᠳᠠ ᠶᠢᠨ ᠲᠣᠭᠤᠷᠢᠭ ᠲᠤ ᠭᠦᠨᠵᠡᠭᠡᠶᠢᠷᠡᠨ ᠭᠤᠣᠯ ᠤᠳᠠᠭ᠎ᠠ ᠶᠢᠨ ᠵᠡᠭᠡᠯᠢ | ᠭᠤᠳᠤᠮᠵᠢ᠂ ᠭᠤᠳᠤᠮᠵᠢ ᠶᠢᠨ ᠵᠠᠮ ᠢ ᠲᠠᠬᠢᠨ ᠪᠠᠶᠢᠴᠠᠭᠠᠵᠤ᠂ ᠲᠠᠬᠢᠨ ᠪᠠᠶᠢᠷᠢᠯᠠᠭᠤᠯᠪᠠ᠃ ᠵᠧᠨ ᠰᠢᠩ ᠬᠤᠳᠠᠯᠳᠤᠭ᠎ᠠ | ᠂ ᠬᠤᠳᠠᠯᠳᠤᠭᠠᠨ ᠤ ᠳᠠᠯᠠᠢ ᠵᠡᠷᠭᠡ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠠᠮᠤᠷ ᠲᠦᠪᠰᠢᠨ ᠤ ᠭᠡᠮ ᠰᠣᠭᠤᠭ | ᠣᠷᠣᠰᠢᠵᠤ ᠪᠠᠶᠢᠭ᠎ᠠ ᠭᠡᠷ ᠪᠠᠶᠢᠰᠢᠩ ᠢ ᠵᠢᠭᠰᠠᠭᠠᠨ ᠪᠠᠶᠢᠴᠠᠭᠠᠵᠤ᠂ ᠡᠷᠦᠬᠡ ᠳᠠᠷᠠᠭᠠᠯᠠᠨ ᠰᠤᠷᠪᠤᠯᠵᠢᠯᠠᠵᠤ᠂ ᠠᠮᠤᠷ | ᠲᠦᠪᠰᠢᠨ ᠤ ᠭᠡᠮ ᠰᠣᠭᠤᠭ ᠨᠡᠯᠢᠶᠡᠳ ᠬᠦᠨᠳᠦ ᠨᠣᠴᠢᠲᠠᠢ ᠭᠡᠷ ᠪᠠᠶᠢᠰᠢᠩ ᠳᠤ ᠰᠠᠭᠤᠬᠤ ᠬᠥᠮᠥᠨ ᠦᠭᠡᠢ ᠪᠠᠶᠢᠬᠤ ᠶᠢ | ᠪᠠᠲᠤᠯᠠᠪᠠ᠃ 1. ᠬᠥᠮᠦᠨ ᠬᠠᠷ᠎ᠠ ᠲᠥᠪᠯᠡᠷᠡᠭᠰᠡᠨ ᠨᠡᠶᠢᠭᠡᠮ ᠲᠣᠭᠤᠷᠢᠭ ᠲᠤ ᠭᠡᠷ ᠪᠠᠶᠢᠰᠢᠩ ᠤᠨ ᠬᠡᠷᠡᠮ ᠳᠤ ᠠᠩ | ᠴᠠᠪᠠ ᠭᠠᠷᠤᠭᠰᠠᠨ᠂ ᠤᠰᠤ ᠭᠤᠭᠤᠵᠢᠭᠰᠠᠨ ᠡᠰᠡᠬᠦ ᠵᠡᠷᠭᠡ ᠠᠮᠤᠷ ᠲᠦᠪᠰᠢᠨ ᠤ ᠳᠠᠯᠳᠠ ᠭᠡᠮ ᠣᠷᠣᠰᠢᠵᠤ ᠪᠠᠶᠢᠭ᠎ᠠ | ᠭᠡᠷ ᠪᠠᠶᠢᠰᠢᠩ ᠢ ᠭᠤᠤᠯᠳᠠᠯᠭ᠎ᠠ ᠲᠠᠢ ᠪᠠᠶᠢᠴᠠᠭᠠᠨ ᠦᠵᠡᠵᠦ ᠰᠠᠭᠤᠭᠠᠯᠢ ᠠᠷᠠᠳ ᠲᠤ ᠴᠠᠭ ᠲᠤᠬᠠᠶ ᠳᠤᠨᠢ ᠰᠡᠯᠪᠢᠨ | ᠵᠠᠰᠠᠬᠤ ᠶᠢᠨ ᠬᠠᠮᠲᠤ ᠠᠮᠤᠷ ᠲᠦᠪᠰᠢᠨ ᠤ ᠰᠡᠷᠡᠮᠵᠢᠯᠡᠭᠦᠯᠬᠦ ᠲᠡᠮᠳᠡᠭ ᠪᠠᠶᠢᠷᠢᠯᠠᠭᠤᠯᠬᠤ ᠬᠡᠷᠡᠭᠲᠡᠶ︔ 2. ᠬᠡᠪ ᠤᠨ | ᠪᠤᠰᠤ ᠲᠦᠭᠰᠢᠭᠦᠷᠢᠲᠦ ᠭᠡᠷ ᠪᠠᠶᠢᠰᠢᠩ ᠲᠠᠢ ᠨᠤᠷᠠᠬᠤ ᠠᠶᠤᠯᠲᠠᠶ ᠭᠡᠷ ᠪᠠᠶᠢᠰᠢᠩ ᠢ ᠨᠡᠶᠢᠭᠡᠮ ᠲᠣᠭᠤᠷᠢᠭ ᠤᠨ | ᠠᠵᠢᠯᠲᠠᠳ ᠲᠤ ᠨᠠᠷᠢᠨ ᠲᠡᠮᠳᠡᠭᠯᠡᠯ ᠬᠢᠵᠦ᠂ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ ᠡᠬᠡ ᠳᠠᠩᠰᠠ | ᠪᠠᠶᠢᠭᠤᠯᠬᠤ ᠶᠢᠨ ᠬᠠᠮᠲᠤ ᠣᠯᠠᠨ ᠲᠦᠮᠡᠨ ᠳᠤ ᠭᠠᠮᠰᠢᠭ ᠠᠴᠠ ᠵᠠᠶᠢᠯᠠᠬᠤ ᠶᠢ ᠰᠠᠨᠠᠭᠤᠯᠤᠨ᠎ᠠ︔ 3. ᠬᠠᠷᠢᠶᠠᠲᠤ | ᠣᠷᠣᠨ ᠳᠤ ᠨᠠᠰᠤᠲᠠᠶᠢᠴᠤᠳ ᠤᠨ ᠨᠤᠷᠠᠬᠤ ᠠᠶᠤᠯᠲᠠᠶ ᠭᠡᠷ ᠪᠠᠶᠢᠰᠢᠩ ᠢ ᠣᠯᠵᠤ ᠮᠡᠳᠡᠪᠡᠯ᠂ ᠲᠡᠭᠦᠨ ᠤ ᠦᠷ᠎ᠡ | ᠬᠡᠤᠬᠡᠳ ᠨᠢ ᠰᠠᠨᠠᠭᠠᠴᠢᠯᠠᠭ᠎ᠠ ᠠᠴᠠ ᠪᠠᠨ ᠲᠡᠭᠦᠨ ᠢ ᠠᠮᠤᠷ ᠲᠦᠪᠰᠢᠨ ᠣᠷᠣᠨ ᠰᠠᠭᠤᠴᠠ ᠳᠤ ᠵᠠᠯᠭᠠᠨ ᠣᠷᠣᠭᠤᠯᠵᠤ᠂ | ᠨᠠᠰᠤᠲᠠᠶᠢᠴᠤᠳ ᠤᠨ ᠠᠮᠤᠷ ᠲᠦᠪᠰᠢᠨ᠂ ᠠᠮᠢᠳᠤᠷᠠᠯ ᠳᠤ ᠲᠠᠭᠠᠯᠠᠮᠵᠢᠲᠠᠶ ᠪᠠᠶᠢᠬᠤ ᠶᠢ ᠦᠨᠡᠨᠬᠦ ᠪᠠᠲᠤᠯᠠᠨ᠎ᠠ︔ 4. | ᠦᠨᠡᠨ ᠬᠦ ᠰᠢᠯᠵᠢᠭᠦᠯᠬᠦ ᠴᠢᠬᠤᠯᠠᠲᠠᠶ ᠪᠠᠶᠢᠪᠠᠯ ᠪᠠᠰᠠ ᠨᠥᠬᠦᠴᠡᠯ ᠦᠭᠡᠢ ᠪᠠᠶᠢᠪᠠᠯ᠂ ᠮᠠᠨ ᠤ ᠪᠠᠯᠭᠠᠰᠤ ᠰᠢᠶᠠᠨ ᠤ | ᠣᠷᠣᠨ ᠰᠠᠭᠤᠴᠠ ᠶᠢᠨ ᠪᠠᠲᠤᠯᠠᠭ᠎ᠠ ᠶᠢᠨ ᠲᠥᠪ ᠲᠠᠢ ᠢᠳᠡᠪᠬᠢᠲᠡᠶ ᠬᠠᠷᠢᠯᠴᠠᠵᠤ᠂ ᠲᠡᠳᠡᠨ ᠳᠤ ᠨᠡᠶᠢᠲᠡ ᠶᠢᠨ | ᠲᠦᠷᠢᠶᠡᠰᠦᠨ ᠭᠡᠷ ᠬᠠᠩᠭᠠᠵᠤ᠂ ︽ᠠᠮᠤᠷ ᠠᠮᠤᠭᠤᠯᠠᠩ︾ ᠤᠨ ᠬᠤᠷᠢᠭ᠎ᠠ ᠱᠤᠭᠤᠮ ᠢ ᠪᠠᠲᠤ ᠰᠠᠬᠢᠨ᠎ᠠ᠃ | ᠮᠠᠨ ᠤ ᠪᠠᠯᠭᠠᠰᠤ ᠬᠠᠷᠢᠶᠠᠲᠤ ᠣᠷᠣᠨ ᠤ ᠲᠣᠰᠬᠤᠨ ᠤ ᠠᠷᠠᠳ ᠤᠨ ᠵᠥᠪᠯᠡᠯ ᠤᠨ ᠲᠠᠷᠢᠶᠠᠨ ᠭᠠᠵᠠᠷ ᠤᠨ | ᠭᠠᠮᠰᠢᠭᠳᠠᠭᠰᠠᠨ ᠪᠠᠶᠢᠳᠠᠯ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠲᠠᠷᠢᠮᠠᠯ ᠤᠨ ᠦᠢᠯᠡᠳᠪᠦᠷᠢᠯᠡᠯ ᠤᠨ | ᠭᠠᠮᠰᠢᠭᠳᠠᠭᠰᠠᠨ ᠪᠠᠶᠢᠳᠠᠯ ᠢ ᠨᠠᠷᠢᠨ ᠨᠢᠮᠪᠠᠶ ᠬᠢᠨᠠᠨ ᠬᠠᠷᠭᠤᠭᠤᠯᠵᠤ᠂ ᠰᠠᠭᠤᠷᠢ ᠲᠤᠭ᠎ᠠ ᠶᠢ ᠲᠣᠳᠣᠷᠬᠠᠶ ᠤᠶᠢᠯᠠᠭᠠᠨ᠂ | ᠨᠠᠷᠢᠯᠢᠭ ᠣᠨᠣᠴᠠᠲᠠᠶ ᠪᠠᠷ ᠠᠷᠭ᠎ᠠ ᠪᠣᠳᠣᠯᠭ᠎ᠠ ᠬᠡᠷᠡᠭᠵᠢᠭᠦᠯᠪᠡ᠃ ᠡᠭᠦᠨ ᠤ ᠬᠠᠮᠲᠤ ᠡᠯ᠎ᠡ ᠲᠣᠰᠬᠤᠨ ᠤ ᠬᠤᠶᠠᠷ | ᠵᠥᠪᠯᠡᠯ ᠵᠢᠴᠢ ᠲᠣᠰᠬᠤᠨ ᠳᠤ ᠰᠠᠭᠤᠭ᠎ᠠ ᠺᠠᠳ᠋ᠷ ᠢ ᠢᠳᠡᠪᠬᠢᠲᠡᠶ ᠪᠠᠷ ᠵᠣᠬᠢᠶᠠᠨ ᠪᠠᠶᠢᠭᠤᠯᠵᠤ᠂ ᠣᠯᠠᠨ ᠲᠦᠮᠡᠨ ᠢ | ᠳᠠᠶᠢᠴᠢᠯᠠᠨ᠂ ᠲᠣᠮᠣ ᠬᠡᠯᠪᠡᠷᠢ ᠶᠢᠨ ᠬᠠᠳᠤᠬᠤ ᠮᠠᠰᠢᠨ ᠪᠣᠯᠤᠨ ᠲᠡᠷᠭᠡ ᠲᠠᠢ ᠬᠠᠷᠢᠯᠴᠠᠵᠤ ᠡᠯ᠎ᠡ ᠲᠣᠰᠬᠤᠨ ᠳᠤ | ᠬᠦᠷᠴᠦ᠂ ᠲᠠᠷᠢᠶᠠᠨ ᠭᠠᠵᠠᠷ ᠤᠨ ᠤᠰᠤᠲᠤᠯ ᠢ ᠵᠠᠯᠠᠬᠤ᠂ ᠲᠠᠷᠢᠶᠠᠨ ᠭᠠᠵᠠᠷ ᠢ ᠵᠠᠪᠳᠤᠨ ᠬᠤᠷᠢᠶᠠᠬᠤ ᠵᠡᠷᠭᠡ | ᠭᠤᠤᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠲᠣᠰᠬᠤᠨ ᠤ ᠠᠷᠠᠳ ᠲᠤ ᠲᠤᠩᠭᠠᠯᠠᠭ ᠰᠠᠶᠢᠬᠠᠨ | ᠠᠭᠤᠷ ᠠᠮᠢᠰᠬᠤᠯ ᠢ ᠴᠢᠩᠭ᠎ᠠ ᠠᠩᠬᠠᠷᠴᠤ᠂ ᠲᠠᠷᠢᠮᠠᠯ ᠢ ᠵᠠᠪᠳᠤᠨ ᠬᠤᠷᠢᠶᠠᠬᠤ ᠶᠢᠨ ᠬᠠᠮᠲᠤ ᠥᠨᠳᠥᠷ ᠪᠦᠲᠦᠮᠵᠢᠲᠡᠶ | ᠡᠮᠬᠢ ᠵᠢᠷᠤᠮ ᠲᠠᠢ ᠬᠠᠳᠤᠵᠤ ᠬᠤᠷᠢᠶᠠᠬᠤ ᠠᠴᠠ ᠬᠥᠮᠥᠷᠭᠡ ᠳᠤ ᠣᠷᠣᠭᠤᠯᠬᠤ ᠬᠦᠷᠲᠡᠯᠡᠬᠢ ᠡᠯ᠎ᠡ ᠭᠤᠭᠴᠤᠭ᠎ᠠ ᠶᠢᠨ | ᠠᠵᠢᠯ ᠢ ᠰᠠᠶᠢᠲᠤᠷ ᠬᠢᠵᠦ᠂ ᠪᠥᠬᠦ ᠬᠦᠴᠦᠨ ᠢᠶᠠᠷ ᠢᠶᠠᠨ ᠵᠠᠪᠳᠤᠨ ᠬᠤᠷᠢᠶᠠᠵᠤ᠂ ᠦᠶᠡᠷ ᠢ ᠰᠡᠷᠭᠡᠶᠢᠯᠡᠵᠦ ᠵᠠᠪᠳᠤᠨ | ᠬᠤᠷᠢᠶᠠᠬᠤ ᠠᠵᠢᠯ ᠢ ᠴᠢᠨᠠᠷ ᠰᠠᠶᠢᠲᠠᠶ ᠪᠡᠶᠡᠯᠡᠭᠦᠯᠵᠦ᠂ ᠨᠠᠮᠤᠷ ᠤᠨ ᠠᠮᠤ ᠪᠤᠳᠠᠭ᠎ᠠ ᠶᠢ ᠬᠥᠮᠥᠷᠭᠡ ᠳᠤ ᠣᠷᠣᠭᠤᠯᠬᠤ ᠶᠢ | ᠦᠨᠡᠨᠬᠦ ᠪᠠᠲᠤᠯᠠᠬᠤ ᠬᠡᠷᠡᠭᠲᠡᠶ ᠭᠡᠵᠦ ᠮᠡᠳᠡᠭᠳᠡᠪᠡ᠃ |