11 ᠰᠠᠷ᠎ᠠ ᠶᠢᠨ 23 ᠤ ᠡᠳᠦᠷ ᠠᠴᠠ 24 ᠤ ᠡᠳᠦᠷ ᠪᠣᠯᠲᠠᠯ᠎ᠠ᠂ ᠱᠤᠸᠠᠩ ᠳ᠋ᠧᠩ ᠪᠦᠯᠦᠭᠯᠡᠯ ᠤᠨ ᠬᠤᠪᠢ | ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ᠂ ᠶᠡᠷᠦᠩᠬᠡᠶ ᠵᠠᠬᠢᠷᠤᠭᠴᠢ ᠶᠠᠩ ᠷᠦᠢ | ᠨᠠᠷ ᠮᠠᠨ ᠤ ᠰᠢᠶᠠᠨ ᠳᠤ ᠬᠦᠷᠴᠦ ᠰᠢᠨᠵᠢᠯᠡᠨ ᠪᠠᠶᠢᠴᠠᠭᠠᠪᠠ᠃ ᠰᠢᠶᠠᠨ ᠤ ᠨᠠᠮ ᠤᠨ ᠬᠤᠷᠢᠶᠠᠨ ᠤ ᠱᠦᠵᠢ᠂ | ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠶᠠᠩ ᠸᠧᠨ ᠾᠦᠢ᠂ ᠰᠢᠶᠠᠨ ᠤ ᠤᠳᠤᠷᠢᠳᠤᠯᠭ᠎ᠠ ᠵᠠᠩ ᠰᠢᠨ ᠭᠦᠸᠧ | ᠵᠢᠴᠢ ᠬᠤᠯᠪᠣᠭᠳᠠᠯ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠣᠷᠣᠯᠴᠠᠪᠠ᠃ | ᠱᠤᠸᠠᠩ ᠳ᠋ᠧᠩ ᠪᠦᠯᠦᠭᠯᠡᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ | ᠳᠠᠷᠤᠭ᠎ᠠ᠂ ᠶᠡᠷᠦᠩᠬᠡᠢ ᠵᠠᠬᠢᠷᠤᠭᠴᠢ ᠶᠠᠩ ᠷᠦᠢ ᠨᠠᠷ ᠥᠪᠥᠷ ᠮᠣᠩᠭᠤᠯ ᠤᠨ ᠰᠢᠶᠠᠩ ᠹᠦ᠋ ᠰᠢᠨ᠎ᠡ ᠡᠨᠧᠷᠭᠢ ᠶᠢᠨ | ᠬᠢᠵᠠᠭᠠᠷᠲᠤ ᠺᠣᠮᠫᠠᠨᠢ᠂ ᠱᠠᠩᠳᠤ ᠶᠢᠨ 150 ᠲᠦᠮᠡᠨ ᠺᠢᠯᠣᠸᠠᠲ ᠤᠨ ᠭᠡᠷᠡᠯ ᠴᠡᠨᠡᠭ ᠤᠨ ᠡᠪᠡᠰᠦᠨ ᠤ ᠦᠢᠯᠡᠰ ᠤᠨ | ᠲᠦᠷᠦᠯ ᠵᠦᠢᠯ ᠤᠨ ᠲᠤᠬᠠᠢ ᠶᠢᠨ ᠲᠠᠯᠠᠪᠠᠢ᠂ ᠴᠠᠬᠠᠷ ᠳᠡᠭᠡᠳᠦ ᠰᠢᠨ᠎ᠡ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠶᠢᠨ | ᠲᠣᠭᠤᠷᠢᠭ ᠤᠨ ᠬᠤᠸᠠ ᠸᠧᠢ ᠡᠭᠦᠯᠡᠨ ᠳ᠋ᠠᠶᠢᠲ᠋ᠠ ᠶᠢᠨ ᠲᠥᠪ ᠵᠢᠴᠢ ᠶᠢᠦ ᠺᠧ ᠳ᠋ᠠᠶᠢᠲ᠋ᠠ ᠶᠢᠨ ᠲᠥᠪ ᠲᠤ | ᠭᠦᠨᠵᠡᠭᠡᠶᠢᠷᠡᠵᠦ᠂ ᠡᠯ᠎ᠡ ᠠᠵᠤ ᠠᠬᠤᠶᠢᠯᠠᠯ ᠤᠨ ᠲᠤᠬᠠᠶᠢᠯᠠᠭᠰᠠᠨ ᠠᠵᠢᠯ ᠤᠨ ᠡᠵᠡᠩᠨᠡᠯᠲᠡ᠂ ᠠᠵᠢᠯ ᠲᠦᠷᠦᠯ ᠤᠨ | ᠣᠳᠣᠬᠢ ᠪᠠᠶᠢᠳᠠᠯ ᠵᠢᠴᠢ ᠬᠥᠭᠵᠢᠯᠲᠡ ᠶᠢᠨ ᠲᠥᠯᠥᠪᠵᠢᠭᠦᠯᠭᠡ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠬᠤᠶᠠᠷ | ᠲᠠᠯ᠎ᠠ ᠪᠠᠷ ᠢᠶᠠᠨ ᠰᠢᠨ᠎ᠡ ᠡᠨᠧᠷᠭᠢ᠂ ᠡᠨᠧᠷᠭᠢ ᠬᠠᠳᠠᠭᠠᠯᠠᠬᠤ ᠲᠦᠷᠦᠯ ᠵᠦᠢᠯ ᠢ ᠨᠠᠶᠢᠳᠠᠪᠤᠷᠢᠵᠢᠭᠤᠯᠬᠤ ᠵᠡᠷᠭᠡ | ᠬᠤᠯᠪᠣᠭᠳᠠᠯ ᠪᠦᠬᠦᠢ ᠬᠠᠮᠲᠤᠷᠠᠯᠴᠠᠭᠠᠨ ᠤ ᠤᠴᠢᠷ ᠶᠠᠪᠤᠳᠠᠯ ᠤᠨ ᠲᠤᠬᠠᠢ ᠵᠥᠪᠳᠡᠯᠴᠡᠨ ᠶᠠᠷᠢᠯᠴᠠᠪᠠ᠃ | ᠶᠠᠩ ᠸᠧᠨ ᠾᠦᠢ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠮᠦᠨ᠎ᠡ ᠠᠴᠠ ᠶᠠᠩ ᠷᠦᠢ | ᠨᠡᠷ ᠤᠨ ᠮᠠᠨ ᠤ ᠰᠢᠶᠠᠨ ᠳᠤ ᠰᠢᠨᠵᠢᠯᠡᠨ ᠪᠠᠶᠢᠴᠠᠭᠠᠵᠤ ᠪᠠᠶᠢᠴᠠᠭᠠᠨ ᠰᠤᠳᠤᠯᠤᠯᠲᠠ ᠬᠢᠬᠦ ᠪᠠᠷ ᠢᠷᠡᠭᠰᠡᠨ ᠢ ᠪᠠᠶᠠᠷᠯᠠᠨ | ᠤᠭᠲᠤᠵᠤ ᠪᠠᠶᠢᠬᠤ ᠪᠠᠨ ᠢᠯᠡᠳᠬᠡᠪᠡ᠃ ᠲᠡᠷᠡ᠂ ᠱᠠᠩᠳᠤ ᠰᠢᠶᠠᠨ ᠤ ᠣᠷᠣᠨ ᠪᠠᠶᠢᠷᠢ ᠶᠢᠨ ᠳᠠᠪᠠᠭᠤᠯᠢᠭ ᠢᠯᠡᠷᠬᠡᠶ᠂ | ᠡᠬᠢ ᠪᠠᠶᠠᠯᠢᠭ ᠡᠨᠧᠷᠭᠢ ᠡᠯᠪᠡᠭ ᠳᠡᠯᠪᠡᠭ᠂ ᠬᠥᠭᠵᠢᠯᠲᠡ ᠶᠢᠨ ᠣᠷᠣᠨ ᠵᠠᠶ ᠥᠷᠭᠡᠨ ᠪᠠᠶᠢᠳᠠᠭ᠃ ᠣᠶᠢᠷ᠎ᠠ ᠶᠢᠨ | ᠵᠢᠯ ᠠᠴᠠ᠂ ᠤᠯᠤᠰ ᠤᠨ ︽ᠬᠤᠣᠰ ᠨᠡᠭᠦᠷᠡᠰᠦᠲᠥ᠋ᠷᠥᠭᠴᠢ︾ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠶ | ᠬᠡᠷᠡᠭᠵᠢᠭᠦᠯᠬᠦ ᠶᠢ ᠳᠠᠭᠠᠯᠳᠤᠨ᠂ ᠱᠠᠩᠳᠤ ᠰᠢᠶᠠᠨ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠢᠳᠡᠪᠬᠢᠲᠡᠶ | ᠠᠮᠵᠢᠨ᠂ ᠰᠢᠨ᠎ᠡ ᠡᠨᠧᠷᠭᠢ ᠶᠢᠨ ᠠᠵᠤ ᠦᠶ᠋ᠯᠡᠰ ᠢ ᠶᠡᠭᠡ ᠪᠠᠷ ᠬᠥᠭᠵᠢᠭᠦᠯᠵᠦ᠂ ᠨᠠᠩ ᠲᠡᠭᠦᠯᠳᠡᠷᠵᠢᠭᠰᠡᠨ ᠠᠵᠤ | ᠦᠶ᠋ᠯᠡᠰ ᠤᠨ ᠬᠡᠯᠬᠢᠶ᠎ᠡ ᠶᠢ ᠲᠦᠷᠭᠡᠳᠬᠡᠨ ᠪᠠᠶᠢᠭᠤᠯᠪᠠ᠃ ᠱᠤᠸᠠᠩ ᠳ᠋ᠧᠩ ᠪᠦᠯᠦᠭᠯᠡᠯ ᠤᠨ ᠬᠤᠪᠢ ᠣᠷᠣᠭᠤᠯᠤᠭᠰᠠᠨ | ᠬᠢᠵᠠᠭᠠᠷᠲᠤ ᠺᠣᠮᠫᠠᠨᠢ ᠱᠠᠩᠳᠤ ᠶᠢ ᠭᠦᠨᠵᠡᠭᠡᠢ ᠣᠶᠢᠯᠠᠭᠠᠵᠤ᠂ ᠤᠯᠤᠯᠴᠠᠭ᠎ᠠ ᠬᠠᠷᠢᠯᠴᠠᠭ᠎ᠠ ᠪᠠᠨ ᠴᠢᠨᠠᠭᠰᠢᠳᠠ | ᠴᠢᠩᠭᠠᠳᠬᠠᠵᠤ᠂ ᠰᠢᠨ᠎ᠡ ᠡᠨᠧᠷᠭᠢ᠂ ᠡᠨᠧᠷᠭᠢ ᠬᠠᠳᠠᠭᠠᠯᠠᠬᠤ ᠲᠦᠷᠦᠯ ᠵᠦᠢᠯ ᠤᠨ ᠲᠣᠭᠤᠷᠢᠨ ᠳᠤ ᠬᠠᠮᠲᠤᠷᠠᠯᠴᠠᠭ᠎ᠠ | ᠥᠷᠨᠢᠭᠦᠯᠵᠦ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠬᠠᠷᠢᠯᠴᠠᠨ ᠠᠰᠢᠭᠲᠠᠢ ᠬᠠᠮᠲᠤᠪᠠᠷ ᠠᠰᠢᠭ | ᠬᠦᠷᠳᠡᠬᠦ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ ᠪᠢᠳᠡ ᠲᠡᠷᠢᠭᠦᠨ ᠵᠡᠷᠭᠡ ᠶᠢᠨ | ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ ᠪᠥᠬᠦ ᠡᠳᠦᠷ ᠤᠨ᠂ | ᠪᠥᠬᠦ ᠶᠠᠪᠤᠴᠠ ᠶᠢᠨ᠂ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠦᠢᠯᠡᠴᠢᠯᠡᠭᠡ ᠶᠢ ᠬᠠᠩᠭᠠᠵᠤ᠂ ᠠᠵᠤ | ᠠᠬᠤᠶᠢᠯᠠᠯ ᠢ ᠱᠠᠩ ᠳᠤ ᠰᠠᠨᠠᠭ᠎ᠠ ᠠᠮᠤᠷ ᠪᠠᠯᠠ ᠣᠷᠣᠭᠤᠯᠬᠤ᠂ ᠰᠠᠨᠠᠭ᠎ᠠ ᠠᠮᠤᠷ ᠡᠵᠡᠩᠨᠡᠬᠦ᠂ ᠰᠠᠨᠠᠭ᠎ᠠ ᠠᠮᠤᠷ | ᠬᠥᠭᠵᠢᠭᠦᠯᠬᠦ ᠪᠣᠯᠭᠠᠨ᠎ᠠ᠃ | ᠶᠠᠩ ᠷᠦᠢ ᠢᠯᠡᠷᠬᠡᠶᠢᠯᠡᠬᠦ ᠳᠡᠭᠡᠨ᠂ ᠱᠠᠩᠳᠤ ᠰᠢᠶᠠᠨ ᠤ ᠡᠬᠢ ᠪᠠᠶᠠᠯᠢᠭ ᠡᠯᠪᠡᠭ᠂ ᠣᠷᠣᠨ ᠪᠠᠶᠢᠷᠢ ᠶᠢᠨ | ᠨᠥᠬᠦᠴᠡᠯ ᠳᠠᠪᠠᠭᠤᠯᠢᠭ᠂ ᠵᠠᠮ ᠬᠠᠷᠢᠯᠴᠠᠭᠠᠨ ᠤ ᠰᠢᠰᠲ᠋ᠧᠮ ᠪᠦᠷᠢᠨ ᠲᠡᠭᠦᠯᠳᠡᠷ᠂ ᠵᠠᠬ᠎ᠠ ᠳᠡᠯᠭᠡᠭᠦᠷ ᠤᠨ ᠳᠠᠯᠳᠠ | ᠬᠦᠴᠦᠨ ᠯᠤᠲᠤ ᠶᠡᠭᠡ ᠪᠠᠶᠢᠨ᠎ᠠ᠃ ᠠᠵᠤ ᠠᠬᠤᠶᠢᠯᠠᠯ ᠤᠳ ᠲᠣᠰ ᠪᠡᠶ᠎ᠡ ᠶᠢᠨ ᠳᠠᠪᠠᠭᠤᠯᠢᠭ ᠲᠠᠭᠠᠨ ᠲᠦᠰᠢᠭᠯᠡᠨ᠂ | ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ ᠰᠤᠷᠤᠯᠴᠠᠬᠤ ᠪᠠᠷ ᠳᠠᠮᠵᠢᠭᠤᠯᠤᠨ᠂ ᠬᠠᠮᠲᠤᠷᠠᠯᠴᠠᠭᠠᠨ ᠤ ᠠᠵᠠ | ᠲᠣᠬᠢᠶᠠᠯ ᠢ ᠣᠨᠣᠪᠴᠢᠲᠠᠶ ᠣᠯᠵᠤ᠂ ᠬᠠᠮᠲᠤᠷᠠᠯᠴᠠᠭᠠᠨ ᠤ ᠬᠦᠷᠢᠶ᠎ᠡ ᠬᠡᠪᠴᠢᠶ᠎ᠡ ᠪᠠᠨ ᠥᠷᠭᠡᠳᠬᠡᠨ᠂ | ᠬᠠᠮᠲᠤᠷᠠᠯᠴᠠᠭᠠᠨ ᠤ ᠳᠡᠰ ᠳᠠᠪᠬᠤᠷᠭ᠎ᠠ ᠪᠠᠨ ᠳᠡᠭᠡᠭᠰᠢᠯᠡᠭᠦᠯᠵᠦ᠂ ᠣᠷᠣᠨ ᠨᠤᠲᠤᠭ ᠤᠨ ᠠᠵᠤ ᠠᠬᠤᠶ ᠶᠢᠨ | ᠬᠥᠭᠵᠢᠯᠲᠡ ᠪᠠ ᠠᠵᠤ ᠠᠬᠤᠶᠢᠯᠠᠯ ᠤᠨ ᠦᠷ᠎ᠡ ᠠᠰᠢᠭ ᠤᠨ ᠬᠠᠷᠢᠯᠴᠠᠨ ᠠᠰᠢᠭᠲᠠᠶ ᠬᠠᠷᠢᠯᠴᠠᠨ ᠠᠰᠢᠭ ᠬᠦᠷᠲᠡᠬᠦ᠂ | ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠭᠥᠷᠳᠡᠬᠦ ᠶᠢ ᠪᠡᠶᠡᠯᠡᠭᠦᠯᠬᠦ ᠶᠢ ᠠᠬᠢᠭᠤᠯᠤᠨ᠎ᠠ᠃ | ᠣᠷᠴᠢᠭᠤᠯᠣᠭᠴᠢ᠄ ᠬᠠᠨᠠᠭᠠᠷ | ᠬᠢᠨᠠᠭᠴᠢ᠄ ᠬᠠᠨᠠᠭᠠᠷ |