ᠲᠦᠷᠦᠭᠦᠬᠡᠨ᠂ ᠱᠠᠩᠳᠤ ᠰᠢᠶᠠᠨ ᠤ 50 ᠣᠨᠴᠠ ᠬᠦᠴᠢᠷᠳᠡᠯᠲᠡᠶ ᠨᠠᠰᠤᠲᠠᠨ ᠰᠢᠨ᠎ᠡ ᠣᠷᠣᠨ ᠰᠠᠭᠤᠴᠠ ᠳᠤ ᠨᠡᠭᠦᠬᠦ ᠳᠤ | ᠪᠠᠭ᠋ᠠᠷᠬᠠᠵᠤ᠂ ᠣᠨᠴᠠ ᠬᠦᠴᠢᠷᠳᠡᠯᠲᠡᠶ ᠬᠥᠮᠦᠰ ᠤᠨ ᠡᠮ ᠡᠮᠨᠡᠯᠭᠡ ᠶᠢᠨ ᠦᠢᠯᠡᠴᠢᠯᠡᠭᠡᠨ ᠤ ᠲᠥᠪ ᠲᠤ ᠣᠷᠣᠵᠤ | ᠰᠠᠭᠤᠭᠰᠠᠨ ᠠᠴᠠ ᠥᠲᠡᠯᠦᠭᠡ ᠨᠠᠰᠤᠨ ᠤ ᠵᠣᠯ ᠵᠢᠷᠭᠠᠯᠲᠤ ᠠᠮᠢᠳᠤᠷᠠᠯ ᠤᠨ ᠰᠢᠨ᠎ᠡ ᠬᠠᠭᠤᠳᠠᠰᠤ ᠶᠢ ᠨᠡᠭᠡᠭᠡᠵᠡᠶ᠃ | ᠱᠠᠩᠳᠤ ᠰᠢᠶᠠᠨ ᠤ ᠣᠨᠴᠠ ᠬᠦᠴᠢᠷᠳᠡᠯᠲᠡᠶ ᠬᠥᠮᠦᠰ ᠤᠨ ᠡᠮ ᠡᠮᠨᠡᠯᠬᠡ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠲᠥᠪ ᠤᠨ ᠬᠤᠭᠤᠯᠠᠨ ᠬᠡᠷ ᠲᠤ ᠣᠷᠣᠬᠤ ᠳᠤ᠂ ᠰᠥᠩ ᠴᠢ ᠶᠦᠨ ᠨᠠᠰᠤᠲᠠᠨ ᠶᠠᠭ ᠰᠠᠶᠢᠬᠠᠨ | ᠥᠷᠯᠥᠭᠡᠨ ᠤ ᠬᠤᠭᠤᠯᠠ ᠢᠳᠡᠵᠦ ᠪᠠᠶᠢᠬᠤ ᠶᠢᠨ ᠬᠠᠮᠲᠤ ᠪᠤᠰᠤᠳ ᠨᠠᠰᠤᠲᠠᠨ ᠲᠠᠢ ᠥᠷᠯᠥᠭᠡ ᠶᠢᠨ ᠬᠤᠭᠤᠯᠠ ᠢᠳᠡᠬᠦ ᠶᠢᠨ | ᠬᠠᠮᠲᠤ ᠠᠮᠢᠳᠤᠷᠠᠯ ᠤᠨ ᠰᠣᠨᠢᠷᠬᠠᠯ ᠢᠶᠠᠨ ᠬᠤᠪᠢᠶᠠᠯᠴᠠᠵᠤ ᠪᠠᠶᠢᠨ᠎ᠠ᠃ ᠬᠥᠳᠡᠯᠵᠦ ᠪᠠᠷᠢᠬᠤ ᠳᠤ ᠳᠥᠭᠦᠮ ᠦᠭᠡᠢ | ᠨᠠᠰᠤᠲᠠᠨ ᠳᠤ ᠪᠣᠯ ᠠᠵᠢᠯᠲᠠᠳ ᠨᠠᠰᠤᠲᠠᠨ ᠢ ᠬᠠᠪᠰᠤᠷᠤᠨ ᠬᠤᠭᠤᠯᠠ ᠠᠪᠴᠤ᠂ ᠬᠠᠯᠠᠭᠤᠨ ᠰᠡᠳᠬᠢᠯ ᠲᠠᠢ ᠦᠢᠯᠡᠴᠢᠯᠡᠭᠡ | ᠬᠠᠩᠭᠠᠨ᠎ᠠ᠃ | ᠣᠨᠴᠠ ᠬᠦᠴᠢᠷᠳᠡᠯᠲᠡᠶ ᠬᠥᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠠᠵᠢᠯ ᠢ ᠯᠠᠪᠳᠠᠭᠤᠨ ᠪᠠᠲᠤᠲᠠᠶ | ᠰᠠᠶᠢᠲᠤᠷ ᠬᠢᠵᠦ᠂ ᠣᠨᠴᠠ ᠬᠦᠴᠢᠷᠳᠡᠯᠲᠡᠶ ᠬᠥᠮᠦᠰ ᠲᠤ ᠦᠨᠳᠦᠰᠦᠨ ᠠᠮᠢᠳᠤᠷᠠᠯ ᠤᠨ ᠪᠠᠲᠤᠯᠠᠭ᠎ᠠ ᠪᠠ ᠬᠠᠷᠠᠭᠠᠯᠵᠠᠨ | ᠰᠤᠪᠢᠯᠠᠬᠤ ᠦᠢᠯᠡᠴᠢᠯᠡᠭᠡ ᠬᠠᠩᠭᠠᠵᠤ᠂ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠰᠢᠰᠲ᠋ᠧᠮ ᠢ ᠲᠡᠭᠦᠯᠳᠡᠷᠵᠢᠭᠦᠯᠬᠦ ᠶᠢᠨ | ᠲᠥᠯᠥᠭᠡ᠂ 2024 ᠣᠨ ᠳᠤ᠂ ᠱᠠᠩᠳᠤ ᠰᠢᠶᠠᠨ ᠣᠨᠴᠠ ᠬᠦᠴᠢᠷᠳᠡᠯᠲᠡᠶ ᠬᠥᠮᠦᠰ ᠤᠨ ᠡᠮᠴᠢᠯᠡᠭᠡ ᠰᠤᠪᠢᠯᠠᠯᠲᠠ ᠶᠢᠨ | ᠦᠢᠯᠡᠴᠢᠯᠡᠭᠡᠨ ᠤ ᠲᠥᠪ ᠢ ᠪᠠᠶᠢᠭᠤᠯᠪᠠ᠃ ᠲᠥᠪ ᠤᠨ ᠶᠡᠷᠦᠩᠬᠡᠶ ᠪᠠᠷᠢᠯᠭ᠎ᠠ ᠶᠢᠨ ᠲᠠᠯᠠᠪᠠᠶ ᠨᠢ 1.1 ᠲᠦᠮᠡ ᠭᠠᠷᠤᠶ ᠲᠡᠭᠰᠢ | ᠳᠥᠷᠪᠡᠯᠵᠢᠨ ᠮᠧᠳ᠋ᠷ ᠪᠠᠶᠢᠵᠤ᠂ ᠳᠣᠲᠣᠭᠠᠳᠤ ᠳᠤ ᠬᠤᠭᠤᠯᠠᠨ ᠬᠡᠷ᠂ ᠳᠦᠷᠰᠦ ᠰᠢᠩᠭᠡᠭᠡᠯᠲᠡ ᠶᠢᠨ ᠲᠠᠰᠤᠭ᠂ ᠬᠤᠪᠴᠠᠰᠤ | ᠤᠬᠢᠶᠠᠬᠤ ᠬᠡᠷ᠂ ᠰᠢᠲᠠᠷ᠎ᠠ ᠶᠢᠨ ᠥᠷᠥᠭᠡ᠂ ᠤᠩᠰᠢᠯᠭ᠎ᠠ ᠶᠢᠨ ᠥᠷᠥᠭᠡ ᠵᠡᠷᠭᠡ ᠲᠠᠯᠠᠪᠤᠷ ᠭᠠᠷᠭᠠᠵᠤ᠂ ᠪᠦᠬᠦᠯᠢ ᠠᠰᠠᠷ ᠢ | ᠴᠥᠮ ᠬᠠᠷᠰᠢ ᠰᠠᠭᠠᠳ ᠥᠬᠡᠶ᠂ ᠨᠠᠰᠤᠲᠠᠶᠢᠴᠤᠳ ᠲᠤ ᠳᠣᠭᠢᠷᠠᠬᠤ ᠠᠮᠤᠷ ᠲᠦᠪᠰᠢᠨ ᠤ ᠬᠠᠮᠠᠭᠠᠯᠠᠯᠲᠠ ᠶᠢᠨ ᠵᠢᠷᠤᠭ | ᠲᠥᠯᠥᠪᠯᠡᠭᠡ ᠶᠢ ᠬᠡᠷᠡᠭᠯᠡᠵᠦ᠂ ᠡᠷᠡᠭᠦᠯᠵᠢᠯ᠂ ᠡᠮ ᠡᠮᠨᠡᠯᠭᠡ᠂ ᠠᠵᠢᠯᠯᠠᠭ᠎ᠠ᠂ ᠵᠤᠭ᠎ᠠ ᠴᠡᠩᠭᠡᠯ ᠢ ᠨᠢᠭᠡ ᠴᠤᠭᠴᠠᠵᠢᠭᠤᠯᠤᠭᠰᠠᠨ | ᠡᠮᠴᠢᠯᠡᠭᠡ ᠰᠤᠪᠢᠯᠠᠯᠲᠠ ᠶᠢᠨ ᠦᠢᠯᠡᠴᠢᠯᠡᠭᠡᠨ ᠤ ᠲᠥᠪ ᠪᠠᠶᠢᠵᠤ᠂ ᠣᠨᠴᠠ ᠬᠦᠴᠢᠷᠳᠡᠯᠲᠡᠶ 200 ᠬᠥᠮᠦᠰ ᠲᠤ ᠦᠨᠳᠦᠰᠦᠨ | ᠠᠮᠢᠳᠤᠷᠠᠯ ᠤᠨ ᠦᠢᠯᠡᠴᠢᠯᠡᠭᠡ᠂ ᠡᠮᠴᠢᠯᠡᠭᠡᠨ ᠤ ᠦᠢᠯᠡᠴᠢᠯᠡᠭᠡ᠂ ᠰᠤᠪᠢᠯᠠᠯᠲᠠ ᠶᠢᠨ ᠦᠢᠯᠡᠴᠢᠯᠡᠭᠡ ᠬᠠᠩᠭᠠᠵᠤ᠂ ᠱᠠᠩᠳᠤ | ᠰᠢᠶᠠᠨ ᠤ ᠠᠷᠠᠳ ᠤᠨ ᠡᠮᠨᠡᠯᠭᠡ ᠶᠢᠨ ᠬᠤᠷᠢᠶ᠎ᠠ ᠠᠴᠠ ᠬᠠᠷᠢᠭᠤᠴᠠᠨ ᠠᠵᠢᠯᠯᠠᠭᠤᠯᠵᠤ᠂ ᠣᠲᠣ 3 ᠡᠮᠴᠢ᠂ 7 ᠰᠤᠪᠢᠯᠠᠭᠴᠢ᠂ | ᠠᠮᠤᠷ ᠲᠦᠪᠰᠢᠨ ᠢ ᠬᠠᠮᠠᠭᠠᠯᠠᠭᠴᠢ᠂ ᠠᠷᠢᠭᠤᠨ ᠴᠡᠪᠡᠷ ᠢ ᠬᠠᠮᠠᠭᠠᠯᠠᠬᠤ ᠵᠡᠷᠭᠡ ᠬᠥᠮᠦᠰ ᠢ ᠰᠣᠩᠭᠤᠨ ᠲᠣᠬᠢᠷᠠᠭᠤᠯᠵᠤ | ᠪᠣᠯᠤᠨ᠎ᠠ᠃ | ᠡᠨᠡ ᠬᠦᠷᠢᠶᠡᠯᠡᠩ ᠲᠣᠭᠤᠷᠢᠭ ᠪᠣᠯ ︵ᠱᠠᠩᠳᠤ ᠰᠢᠶᠠᠨ︶ ᠶᠢᠨ ᠠᠷᠠᠳ ᠤᠨ ᠵᠠᠰᠠᠭ ᠤᠨ ᠣᠷᠳᠣᠨ ᠠᠴᠠ | ᠠᠰᠢᠭᠯᠠᠯᠲᠠ ᠳᠤ ᠣᠷᠣᠭᠤᠯᠤᠨ ᠪᠠᠶᠢᠭᠤᠯᠵᠤ᠂ ᠱᠠᠩᠳᠤ ᠰᠢᠶᠠᠨ ᠤ ᠠᠷᠠᠳ ᠤᠨ ᠡᠮᠨᠡᠯᠭᠡ ᠶᠢᠨ ᠬᠤᠷᠢᠶ᠎ᠠ ᠳᠤ ᠨᠠᠶᠢᠳᠠᠵᠤ | ᠡᠵᠡᠩᠨᠡᠨ ᠬᠠᠮᠢᠶᠠᠷᠤᠭᠤᠯᠤᠨ᠎ᠠ᠃ ᠬᠦᠷᠢᠶᠡᠯᠡᠩ ᠲᠣᠭᠤᠷᠢᠭ ᠲᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ | ᠦᠨᠳᠦᠰᠦᠨ ᠲᠥᠬᠦᠭᠡᠷᠦᠮᠵᠢ ᠠᠴᠠ ᠭᠠᠳᠠᠨ᠎ᠠ᠂ ᠡᠮᠨᠡᠯᠭᠡ ᠶᠢᠨ ᠠᠵᠢᠯᠲᠠᠳ ᠭᠠᠷᠠᠭ ᠪᠦᠷᠢ ᠬᠤᠶᠠᠷ ᠤᠳᠠᠭ᠎ᠠ ᠶᠡᠭᠡ | ᠪᠠᠶᠢᠴᠠᠭᠠᠯᠲᠠ ᠬᠢᠵᠦ᠂ ᠨᠠᠰᠤᠲᠠᠶᠢᠴᠤᠳ ᠤᠨ ᠪᠡᠶ᠎ᠡ ᠮᠠᠬᠠᠪᠣᠳ ᠮᠠᠭᠤᠳᠠᠵᠤ᠂ ᠴᠠᠭ ᠲᠤᠬᠠᠶ ᠳᠤᠨᠢ ᠭᠠᠷ ᠲᠦᠷᠦᠭᠦ ᠪᠥᠭᠡᠳ | ᠤᠳᠠᠭᠠᠨ ᠴᠢᠨᠠᠷᠲᠠᠶ ᠡᠪᠡᠳᠴᠢᠨ ᠤ ᠡᠮ ᠬᠡᠷᠡᠭᠯᠡᠬᠦ ᠵᠢᠯᠣᠭᠤᠳᠣᠯᠭ᠎ᠠ ᠬᠢᠵᠦ᠂ ᠨᠠᠰᠤᠲᠠᠶᠢᠴᠤᠳ ᠤᠨ ᠪᠡᠶ᠎ᠡ ᠮᠠᠬᠠᠪᠣᠳ ᠤᠨ | ᠡᠷᠡᠭᠦᠯ ᠮᠡᠨᠳᠦ ᠶᠢ ᠬᠠᠮᠠᠭᠠᠯᠠᠵᠤ ᠪᠠᠶᠢᠬᠤ ᠶᠢ ᠣᠯᠵᠤ ᠮᠡᠳᠡᠪᠡ᠃ | ᠱᠠᠩᠳᠤ ᠰᠢᠶᠠᠨ ᠤ ᠣᠨᠴᠠ ᠬᠦᠴᠢᠷᠳᠡᠯᠲᠡᠶ ᠨᠠᠰᠤᠲᠠᠨ ᠡᠮ ᠡᠮᠨᠡᠯᠬᠡ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ | ᠲᠥᠪ ᠲᠤ ᠣᠷᠣᠵᠤ ᠰᠠᠭᠤᠬᠤ ᠣᠨᠴᠠ ᠬᠦᠴᠢᠷᠳᠡᠯᠲᠡᠶ ᠨᠠᠰᠤᠲᠠᠶᠢᠴᠤᠳ ᠤᠨ ᠠᠮᠢᠳᠤᠷᠠᠯ ᠤᠨ ᠶᠠᠰᠤ ᠴᠢᠨᠠᠷ ᠪᠠ ᠵᠣᠯ | ᠵᠢᠷᠭᠠᠯ ᠤᠨ ᠵᠢᠭᠠᠯᠲᠠ ᠲᠤᠭ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠨᠴᠠ ᠬᠦᠴᠢᠷᠳᠡᠯᠲᠡᠶ ᠬᠥᠮᠦᠰ ᠤᠨ ᠡᠮ | ᠡᠮᠨᠡᠯᠬᠡ ᠨᠠᠰᠤᠵᠢᠯ ᠤᠨ ᠠᠰᠠᠷᠠᠮᠵᠢ ᠶᠢᠨ ᠬᠠᠮ ᠦᠢᠯᠡᠴᠢᠯᠡᠭᠡᠨ ᠤ ᠬᠡᠷᠡᠭᠴᠡᠭᠡ ᠶᠢ ᠬᠠᠩᠭᠠᠪᠠ᠃ | | | | | | | |