ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠰᠠᠶᠢᠨ | ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠥᠷᠭᠡᠨ ᠤᠯᠠᠨ ᠺᠠᠳ᠋ᠷ ᠤᠯᠠᠨ ᠲᠦᠮᠡᠨ ᠢ | ᠬᠦᠳᠦᠯᠦᠨ ᠵᠢᠯᠣᠭᠤᠳᠴᠤ ᠪᠠᠶᠢᠭᠠᠳ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠬᠠᠮᠰᠠᠷ ᠪᠣᠯᠤᠨ ᠪᠣᠬᠢᠷᠲᠤᠯ ᠦᠭᠡᠢ | ᠬᠥᠭᠵᠢᠯᠲᠡ ᠶᠢᠨ ᠤᠢᠢᠯᠠᠭᠠᠭᠳᠠᠬᠤᠨ ᠢ ᠪᠤᠢ ᠪᠣᠯᠭᠠᠬᠤ ᠶᠢᠨ ᠲᠥᠯᠥᠭᠡ᠂ ᠤᠢᠢᠷ᠎ᠠ ᠶᠢᠨ ᠡᠳᠦᠷ᠂ ᠱᠠᠩᠳᠤ ᠰᠢᠶᠠᠨ ︽︿ | ᠭᠤᠷᠪᠠᠨ ᠤᠮᠠᠷᠠᠲᠤ﹀ ᠳᠤ ᠬᠦᠴᠦᠨ ᠨᠡᠮᠡᠷᠢᠯᠡᠵᠦ᠂ ᠡᠵᠢ ᠭᠤᠣᠯ ᠢᠶᠠᠨ ᠬᠠᠮᠠᠭᠠᠯᠠᠬᠤ - ᠰᠠᠶᠢᠨ ᠳᠤᠷ᠎ᠠ ᠶᠢᠨ | ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃ | ᠠᠵᠢᠯᠯᠠᠭ᠎ᠠ ᠶᠢᠨ ᠳᠤᠮᠳᠠ᠂ ᠰᠠᠶᠢᠨ ᠳᠤᠷ᠎ᠠ ᠶᠢᠨ ᠦᠢᠯᠡᠴᠢᠯᠡᠭᠴᠢᠳ ᠬᠤᠭ ᠨᠣᠪᠰᠢ ᠶᠢᠨ ᠤᠭᠤᠲᠠ᠂ ᠪᠡᠭᠡᠯᠡᠶ᠂ | ᠦᠷᠦᠯᠪᠢ ᠵᠡᠷᠭᠡ ᠪᠠᠭᠠᠵᠢ ᠬᠡᠷᠡᠭᠰᠡᠯ ᠢ ᠠᠰᠢᠭᠯᠠᠨ᠂ ᠠᠵᠢᠯ ᠬᠤᠪᠢᠶᠠᠷᠢᠯᠠᠨ ᠬᠠᠮᠵᠢᠯᠴᠠᠵᠤ᠂ ᠴᠡᠴᠡᠷᠯᠢᠭ ᠤᠨ ᠳᠣᠲᠣᠷᠠᠬᠢ | ᠰᠦᠭᠡᠭ᠂ ᠵᠦᠯᠭᠡ᠂ ᠵᠠᠮ ᠥᠩᠭᠡᠷᠡᠬᠦ ᠳᠤᠮᠳᠠᠬᠢ ᠬᠤᠭ ᠨᠣᠪᠰᠢ ᠶᠢ ᠨᠠᠷᠢᠨ ᠬᠢᠨᠠᠮᠠᠭᠠᠶ ᠴᠡᠪᠡᠷᠯᠡᠵᠦ᠂ ᠥᠪᠡᠷ ᠤᠨ ᠪᠣᠳᠠᠲᠤ | ᠠᠵᠢᠯᠯᠠᠭ᠎ᠠ ᠪᠠᠷ ᠢᠶᠠᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠬᠥᠬᠡᠮᠳᠦᠭ | ᠤᠰᠤ ᠬᠥᠬᠡ ᠣᠭᠲᠠᠷᠭᠤᠶ ᠶᠢ ᠰᠠᠬᠢᠨ ᠬᠠᠮᠠᠭᠠᠯᠠᠪᠠ᠃ | ᠵᠠᠯᠠᠭᠤ ᠰᠠᠶᠢᠨ ᠳᠤᠷ᠎ᠠ ᠶᠢᠨ ᠠᠵᠢᠯᠯᠠᠭᠴᠢ ᠪᠣᠯᠤᠭᠰᠠᠨ ᠤ ᠬᠤᠪᠢ ᠳᠤ᠂ ᠣᠷᠴᠢᠨ ᠲᠣᠭᠤᠷᠢᠨ ᠤ ᠬᠠᠮᠠᠭᠠᠯᠠᠯᠲᠠ ᠳᠤ | ᠪᠦᠬᠦ ᠨᠡᠶᠢᠭᠡᠮ ᠤᠨ ᠬᠠᠮᠲᠤ ᠶᠢᠨ ᠴᠢᠷᠮᠠᠶᠢᠯᠭ᠎ᠠ ᠪᠠ ᠣᠷᠣᠯᠴᠠᠯᠭ᠎ᠠ ᠬᠡᠷᠡᠭᠴᠡᠭᠡᠲᠡᠢ ᠭᠡᠳᠡᠭ ᠢ ᠪᠢ ᠭᠦᠨᠵᠡᠭᠡᠢ ᠲᠠᠨᠢᠵᠤ᠂ | ᠢᠷᠡᠭᠡᠳᠦᠢ ᠳᠤ ᠪᠢ ᠦᠷᠭᠦᠯᠵᠢᠯᠡᠨ ᠣᠷᠴᠢᠨ ᠲᠣᠭᠤᠷᠢᠨ ᠤ ᠬᠠᠮᠠᠭᠠᠯᠠᠯᠲᠠ ᠶᠢ ᠪᠠᠷᠢᠮᠲᠠᠯᠠᠵᠤ᠂ ᠪᠣᠳᠠᠲᠤ | ᠠᠵᠢᠯᠯᠠᠭ᠎ᠠ ᠪᠠᠷ ᠢᠶᠠᠨ ᠳᠡᠷᠭᠡᠳᠡᠬᠢ ᠬᠥᠮᠦᠰ ᠢᠶᠠᠨ ᠨᠥᠯᠥᠭᠡᠯᠡᠵᠦ᠂ ᠨᠡᠩ ᠤᠯᠠᠨ ᠬᠥᠮᠦᠨ ᠢ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠡᠩᠨᠡᠭᠡᠨ ᠳᠤ ᠣᠷᠣᠭᠤᠯᠤᠨ᠎ᠠ ᠭᠡᠵᠡᠢ᠃ | ᠡᠨᠡ ᠤᠳᠠᠭᠠᠨ ᠤ ᠠᠵᠢᠯᠯᠠᠭ᠎ᠠ ᠳᠤ ᠣᠷᠣᠯᠴᠠᠭᠰᠠᠨ ᠨᠢ ᠮᠠᠰᠢ ᠶᠡᠭᠡ ᠠᠴᠢ ᠬᠤᠯᠪᠣᠭᠳᠠᠯ ᠲᠠᠢ ᠶᠤᠮ᠂ ᠨᠠᠳᠠ ᠳᠤ | ᠣᠷᠴᠢᠨ ᠲᠣᠭᠤᠷᠢᠨ ᠢ ᠬᠠᠮᠠᠭᠠᠯᠠᠬᠤ᠂ ᠣᠷᠴᠢᠨ ᠲᠣᠭᠤᠷᠢᠨ ᠢ ᠬᠠᠮᠠᠭᠠᠯᠠᠬᠤ ᠶᠢᠨ ᠴᠢᠬᠤᠯᠠ ᠴᠢᠨᠠᠷ ᠢ ᠮᠡᠳᠡᠷᠡᠭᠦᠯᠪᠡ᠃ | ᠬᠤᠵᠢᠮ ᠡᠶᠢᠮᠦ ᠬᠥᠳᠡᠯᠭᠡᠭᠡᠨ ᠳᠤ ᠢᠯᠡᠭᠦᠦ ᠣᠷᠤᠯᠴᠠᠬᠤ ᠶᠢ ᠬᠦᠰᠡᠵᠦ ᠪᠠᠶᠢᠨ᠎ᠠ᠃ | ᠳᠠᠷᠠᠭ᠎ᠠ ᠨᠢ᠂ ᠰᠠᠶᠢᠨ ᠳᠤᠷ᠎ᠠ ᠶᠢᠨ ᠦᠢᠯᠡᠴᠢᠯᠡᠭᠴᠢᠳ ︽ᠡᠵᠢ ᠭᠤᠣᠯ ᠢᠶᠠᠨ ᠬᠠᠮᠠᠭᠠᠯᠠᠬᠤ︾ ᠤᠬᠠᠭᠤᠯᠤᠨ | ᠲᠠᠶᠢᠯᠪᠤᠷᠢᠯᠠᠭᠴᠢ ᠪᠣᠯᠪᠠ᠃ ᠨᠡᠶᠢᠭᠡᠮ ᠲᠣᠭᠤᠷᠢᠭ ᠲᠤ ᠬᠦᠷᠴᠦ ᠨᠡᠶᠢᠭᠡᠮ ᠲᠣᠭᠤᠷᠢᠭ ᠤᠨ ᠠᠵᠢᠯᠲᠠᠳ ᠲᠤ | ᠰᠠᠨᠠᠭᠠᠴᠢᠯᠠᠭ᠎ᠠ ᠶᠢᠨ ᠪᠢᠴᠢᠭ ᠪᠣᠯᠤᠨ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠠᠮᠢ ᠠᠬᠤᠢ ᠶᠢᠨ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠴᠢᠬᠤᠯᠠ ᠶᠡᠭᠡ ᠠᠴᠢ ᠬᠤᠯᠪᠣᠭᠳᠠᠯ ᠢ ᠤᠬᠠᠭᠤᠯᠤᠨ ᠲᠠᠶᠢᠯᠪᠤᠷᠢᠯᠠᠵᠤ᠂ ᠠᠮᠢ ᠠᠬᠤᠢ ᠶᠢᠨ | ᠬᠠᠮᠠᠭᠠᠯᠠᠯᠲᠠ ᠶᠢ ᠨᠢᠭᠡ ᠵᠦᠢᠯ ᠤᠨ ᠨᠡᠶᠢᠭᠡᠮ ᠤᠨ ᠬᠡᠪ ᠰᠤᠷᠲᠠᠯ ᠪᠣᠯᠭᠠᠵᠤ᠂ ᠬᠥᠮᠦᠨ ᠪᠦᠬᠦᠨ ᠠᠩᠬᠠᠷᠴᠤ᠂ ᠬᠥᠮᠦᠨ | ᠪᠦᠬᠦᠨ ᠣᠷᠣᠯᠴᠠᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃ | ︽ᠰᠠᠶᠢᠨ ᠳᠤᠷ᠎ᠠ ᠶᠢᠨ ᠪᠢᠴᠢᠯ ᠲᠠᠶᠢᠯᠪᠤᠷᠢᠯᠠᠯᠲᠠ︾᠂ ︽ᠨᠠᠭᠤᠷ ᠪᠦᠷᠢᠳᠦ ᠶᠢ ᠴᠡᠪᠡᠷᠯᠡᠬᠦ · ᠲᠠᠩ ᠢ ᠪᠢᠳᠡ ᠬᠠᠮᠲᠤ ᠪᠠᠷ | ᠡᠷᠬᠢᠯᠡᠬᠦ︾᠂ ︽ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ︾ ᠵᠡᠷᠭᠡ ᠰᠠᠶᠢᠨ ᠳᠤᠷ᠎ᠠ ᠶᠢᠨ | ᠦᠢᠯᠡᠴᠢᠯᠡᠭᠡᠨ ᠤ ᠬᠡᠯᠪᠡᠷᠢ ᠪᠠᠷ ᠳᠠᠮᠵᠢᠭᠤᠯᠤᠨ ᠥᠷᠭᠡᠨ ᠤᠯᠠᠨ ᠺᠠᠳ᠋ᠷ ᠤᠯᠠᠨ ᠲᠦᠮᠡᠨ ᠤ ᠣᠷᠴᠢᠨ ᠲᠣᠭᠤᠷᠢᠨ ᠢ | ᠬᠠᠮᠠᠭᠠᠯᠠᠬᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠦᠬᠦ ᠨᠡᠶᠢᠭᠡᠮ ᠢ ᠬᠦᠳᠦᠯᠦᠨ ᠵᠢᠯᠣᠭᠤᠳᠴᠤ ᠪᠠᠶᠢᠭᠠᠳ | ᠠᠮᠢ ᠠᠬᠤᠢ ᠶᠢᠨ ᠪᠣᠯᠪᠠᠰᠤᠨ ᠤ ᠦᠷᠳᠡᠭ ᠤᠨ ᠦᠵᠡᠯᠲᠡ ᠪᠣᠯᠤᠨ ᠦᠢᠯᠡ ᠠᠵᠢᠯᠯᠠᠭ᠎ᠠ ᠶᠢᠨ ᠪᠠᠷᠢᠮᠵᠢᠶ᠎ᠠ ᠶᠢ ᠪᠤᠢ ᠪᠣᠯᠭᠠᠪᠠ᠃ | ᠲᠠᠷᠠᠭᠠᠴᠢ ᠶᠢᠨ ᠠᠯᠬᠤᠮ ᠳᠤ ᠨᠡᠶᠢᠭᠡᠮ ᠤᠨ ᠠᠵᠢᠯ ᠤᠨ ᠶᠠᠮᠤᠨ ᠨᠠᠩ ᠣᠯᠠᠨ ᠨᠡᠶᠢᠭᠡᠮ ᠤᠨ ᠰᠠᠶᠢᠨ ᠳᠤᠷ᠎ᠠ ᠶᠢᠨ | ᠦᠢᠯᠡᠴᠢᠯᠡᠭᠡᠨ ᠤ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ ᠦᠵᠡᠰᠬᠦᠯᠡᠩᠲᠦ ᠰᠠᠶᠢᠬᠠᠨ ᠱᠠᠩᠳᠤ ᠶᠢ ᠪᠦᠲᠦᠭᠡᠨ | ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠪᠣᠯᠤᠨ᠎ᠠ᠃ | | | | | |