ᠪᠦᠬᠦ ᠰᠢᠶᠠᠨ ᠤ ᠱᠠᠰᠢᠨ ᠰᠤᠷᠲᠠᠬᠤᠨ ᠤ ᠡᠲᠡᠭᠡᠳ ᠤᠨ ᠬᠢᠨ ᠢ ᠬᠥᠲᠥᠯᠥᠨ ᠵᠢᠯᠣᠭᠤᠳᠴᠤ ᠰᠢᠨ᠎ᠡ ᠳᠤᠮᠳᠠᠳᠤ ᠤᠯᠤᠰ | ᠪᠠᠶᠢᠭᠤᠯᠤᠭᠳᠠᠭᠰᠠᠨ 75 ᠵᠢᠯ ᠤᠨ ᠤᠢ ᠠᠴᠠ ᠨᠠᠰᠢ᠂ ᠨᠠᠮ ᠠᠴᠠ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ | ᠲᠦᠮᠡᠨ ᠢ ᠤᠳᠤᠷᠢᠳᠤᠨ ᠶᠠᠪᠤᠵᠤ ᠢᠷᠡᠭᠰᠡᠨ ᠭᠡᠷᠡᠯ ᠰᠠᠴᠤᠷᠠᠩᠭᠤᠢ ᠲᠡᠦᠬᠡᠨ ᠶᠠᠪᠤᠴᠠ᠂ ᠣᠯᠤᠭᠰᠠᠨ ᠠᠭᠤᠤ ᠶᠡᠭᠡ | ᠠᠮᠵᠢᠯᠲᠠ ᠶᠢ ᠭᠦᠨᠵᠡᠭᠡᠢ ᠣᠶᠢᠯᠠᠭᠠᠭᠤᠯᠬᠤ ᠶᠢᠨ ᠲᠥᠯᠥᠭᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ | ᠤᠳᠤᠷᠢᠳᠤᠯᠭ᠎ᠠ ᠶᠢ ᠨᠡᠩ ᠡᠷᠡᠰ ᠬᠦᠷᠢᠶᠡᠯᠡᠬᠦ ᠶᠢᠨ ᠲᠥᠯᠥᠭᠡ᠂ 11 ᠰᠠᠷ᠎ᠠ ᠶᠢᠨ 20 ᠤ ᠡᠳᠦᠷ᠂ ᠱᠠᠩᠳᠤ ᠰᠢᠶᠠᠨ ᠤ | ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠠᠴᠠ ᠱᠠᠰᠢᠨ ᠰᠤᠷᠲᠠᠬᠤᠨ ᠤ ᠡᠲᠡᠭᠡᠳ ᠤᠨ ︽ᠶᠡᠭᠡ | ᠬᠤᠪᠢᠷᠠᠯᠲᠠ ᠶᠢ ᠶᠠᠷᠢᠵᠤ᠂ ᠨᠠᠮ ᠤᠨ ᠠᠴᠢ ᠳᠤ ᠲᠠᠯᠠᠷᠬᠠᠵᠤ᠂ ᠬᠤᠶᠠᠷ ᠶᠡᠭᠡ ᠶᠠᠪᠤᠳᠠᠯ ᠢ ᠬᠠᠮᠲᠤ ᠪᠠᠷ ᠠᠬᠢᠭᠤᠯᠤᠶ᠎ᠠ︾ ᠭᠡᠬᠦ | ᠶᠠᠷᠢᠯᠴᠠᠬᠤ ᠠᠵᠢᠯᠯᠠᠭ᠎ᠠ ᠡᠷᠬᠢᠯᠡᠪᠡ᠃ | ᠯᠤᠲᠤ ᠶᠡᠭᠡ ᠬᠤᠪᠢᠷᠠᠯᠲᠠ ᠶᠢ ᠶᠠᠷᠢᠯᠴᠠᠵᠤ᠂ ᠨᠠᠮ ᠤᠨ ᠠᠴᠢ ᠳᠤ ᠲᠠᠯᠠᠷᠬᠠᠵᠤ᠂ ᠬᠤᠶᠠᠷ ᠶᠡᠭᠡ ᠶᠠᠪᠤᠳᠠᠯ ᠤᠨ | ᠶᠠᠷᠢᠯᠴᠠᠬᠤ ᠬᠤᠷᠠᠯ᠃ ᠬᠤᠷᠠᠯ ᠳᠤ ᠣᠷᠣᠯᠴᠠᠭᠰᠠᠳ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ | ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ | ᠲᠤᠰᠢᠶᠠᠭᠰᠠᠨ ︽ᠲᠠᠪᠤᠨ ᠶᠡᠭᠡ ᠡᠭᠦᠷᠭᠡ︾ ᠪᠣᠯᠤᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ | ᠪᠥᠲᠥᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠤᠨ ᠲᠣᠭᠤᠷᠢᠨ ᠳᠤ ᠰᠤᠷᠤᠯᠴᠠᠨ ᠰᠣᠯᠢᠯᠴᠠᠵᠤ᠂ ᠰᠢᠨ᠎ᠡ ᠳᠤᠮᠳᠠᠳᠤ ᠤᠯᠤᠰ | ᠪᠠᠶᠢᠭᠤᠯᠤᠭᠳᠠᠭᠰᠠᠨ 75 ᠵᠢᠯ ᠤᠨ ᠲᠤᠷᠰᠢ᠂ ᠳᠤᠮᠳᠠᠳᠤ ᠤᠯᠤᠰ ᠤᠨ ᠡᠪ ᠬᠠᠮᠲᠤ ᠨᠠᠮ ᠦᠨᠳᠦᠰᠦᠲᠡᠨ ᠨᠦᠭᠦᠳ ᠤᠨ | ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠡᠭᠦᠳᠦᠨ ᠪᠦᠲᠦᠭᠡᠭᠰᠡᠨ ᠠᠭᠤᠤ ᠶᠡᠭᠡ ᠠᠮᠵᠢᠯᠲᠠ ᠪᠦᠲᠦᠮᠵᠢ ᠶᠢ | ᠭᠦᠨᠵᠡᠭᠡᠶ ᠡᠷᠭᠢᠴᠡᠭᠦᠯᠬᠦ ᠶᠢᠨ ᠬᠠᠮᠲᠤ ᠱᠠᠩᠳᠤ ᠰᠢᠶᠠᠨ ᠤ ᠬᠥᠭᠵᠢᠯᠲᠡ ᠶᠢᠨ ᠲᠥᠷᠥᠭᠳᠡᠯ ᠢᠶᠠᠨ ᠶᠠᠷᠢᠵᠤ᠂ ᠬᠤᠪᠢᠷᠠᠯᠲᠠ ᠶᠢ | ᠶᠠᠷᠢᠯᠴᠠᠵᠤ᠂ ᠰᠣᠯᠢᠯᠴᠠᠭ᠎ᠠ ᠪᠠᠨ ᠬᠤᠪᠢᠶᠠᠯᠴᠠᠵᠤ᠂ ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ | ᠨᠠᠮ ᠢᠶᠠᠨ ᠳᠠᠭᠠᠬᠤ ᠪᠠ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠬᠤᠶᠠᠷ ᠶᠡᠭᠡ | ᠶᠠᠪᠤᠳᠠᠯ ᠤᠨ ᠢᠲᠡᠭᠡᠯ ᠵᠣᠷᠢᠭ ᠢ ᠰᠠᠶᠢᠲᠤᠷ ᠪᠡᠶᠡᠯᠡᠭᠦᠯᠵᠡᠶ᠃ | ᠬᠠᠷᠢᠯᠴᠠᠨ ᠦᠵᠡᠵᠦ ᠬᠠᠷᠢᠯᠴᠠᠨ ᠰᠤᠷᠤᠯᠴᠠᠬᠤ ᠪᠠ ᠲᠠᠪᠱᠢᠨ ᠲᠠᠪᠱᠢᠵᠤ ᠬᠠᠷᠢᠯᠴᠠᠨ ᠰᠣᠯᠢᠯᠴᠠᠵᠤ ᠬᠠᠷᠢᠯᠴᠠᠨ ᠲᠣᠯᠢ | ᠪᠣᠯᠭᠠᠵᠤ ᠳᠡᠭᠡᠭᠱᠢᠯᠡᠯᠲᠡ ᠶᠢ ᠠᠬᠢᠭᠤᠯᠤᠶ᠎ᠠ᠃ ᠱᠠᠩᠳᠤ ᠰᠢᠶᠠᠨ ᠤ ᠺᠠᠲ᠋ᠤᠯᠢᠭ ᠱᠠᠰᠢᠨ ᠤ ᠳᠤᠭᠠᠩ ᠳᠤ᠂ ᠱᠠᠰᠢᠨ | ᠰᠤᠷᠲᠠᠬᠤᠨ ᠤ ᠺᠠᠳ᠋ᠷ ᠣᠯᠠᠨ ᠳᠤ ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ ᠤᠨ ᠪᠠᠶᠢᠭᠤᠯᠤᠯᠲᠠ ᠪᠣᠯᠤᠨ ᠮᠠᠨ ᠤ | ᠤᠯᠤᠰ ᠤᠨ ᠱᠠᠰᠢᠨ ᠰᠤᠷᠲᠠᠬᠤᠨ ᠤ ᠳᠤᠮᠳᠠᠳᠤ ᠤᠯᠤᠰᠴᠢᠯᠠᠬᠤ ᠴᠢᠭᠯᠡᠯ ᠢ ᠪᠠᠷᠢᠮᠲᠠᠯᠠᠬᠤ ᠠᠵᠢᠯ ᠢ ᠲᠠᠨᠢᠯᠴᠠᠭᠤᠯᠤᠭᠰᠠᠨ | ᠪᠥᠭᠡᠳ ᠶᠡᠷᠦᠩᠬᠡᠶ ᠱᠦᠵᠢ ᠰᠢ ᠶᠢᠨ ᠫᠢᠩ ᠤᠨ ᠱᠠᠰᠢᠨ ᠰᠤᠷᠲᠠᠬᠤᠨ ᠤ ᠠᠵᠢᠯ ᠤᠨ ᠲᠤᠬᠠᠶ ᠴᠢᠬᠤᠯᠠ ᠥᠭᠦᠯᠡᠯᠲᠡ ᠶᠢ | ᠰᠤᠷᠤᠯᠴᠠᠨ ᠲᠤᠭᠤᠰᠢᠯᠠᠭᠤᠯᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ | ᠂ ᠠᠷᠠᠳᠴᠢᠯᠠᠭᠰᠠᠨ ᠬᠠᠮᠢᠶᠠᠷᠤᠯᠲᠠ ᠵᠡᠷᠭᠡ ᠲᠠᠯ᠎ᠠ ᠪᠠᠷ ᠰᠠᠨᠠᠯ ᠢᠶᠠᠨ ᠰᠣᠯᠢᠯᠴᠠᠵᠦ᠂ ᠬᠠᠷᠢᠯᠴᠠᠨ ᠶᠠᠷᠢᠯᠴᠠᠬᠤ ᠪᠠᠷ ᠳᠠᠮᠵᠢᠨ | ᠲᠤᠷᠰᠢᠯᠭ᠎ᠠ ᠠᠷᠭ᠎ᠠ ᠬᠢᠳᠡᠯ ᠢᠶᠠᠨ ᠰᠤᠷᠤᠯᠴᠠᠵᠤ᠂ ᠰᠡᠳᠬᠢᠴᠡ ᠪᠠᠨ ᠤᠯᠠᠮ ᠨᠢᠭᠡ ᠠᠯᠬᠤᠮ ᠥᠷᠭᠡᠳᠬᠡᠵᠦ᠂ ᠬᠠᠷᠠᠭ᠎ᠠ ᠪᠠᠨ | ᠥᠷᠭᠡᠳᠬᠡᠵᠦ᠂ ᠳᠠᠷᠠᠭᠠᠴᠢ ᠶᠢᠨ ᠠᠯᠬᠤᠮ ᠤᠨ ᠠᠵᠢᠯ ᠤᠨ ᠠᠷᠭ᠎ᠠ ᠬᠡᠮᠵᠢᠶ᠎ᠡ ᠪᠣᠯᠤᠨ ᠴᠢᠷᠮᠠᠶᠢᠬᠤ ᠴᠢᠭᠯᠡᠯ ᠢᠶᠠᠨ | ᠲᠣᠳᠣᠷᠬᠠᠶᠢᠯᠠᠪᠠ᠃ | ᠬᠤᠪᠢᠰᠭᠠᠯ ᠤᠨ ᠲᠡᠦᠬᠡ ᠶᠢ ᠳᠠᠬᠢᠨ ᠰᠠᠨᠠᠭᠠᠯᠵᠠᠵᠤ ᠤᠯᠤᠰ ᠢᠶᠠᠨ ᠬᠠᠢᠷᠠᠯᠠᠬᠤ ᠵᠣᠷᠢᠭ ᠰᠠᠨᠠᠭ᠎ᠠ ᠶᠢ ᠪᠠᠳᠠᠷᠠᠭᠤᠯᠤᠶ᠎ᠠ᠃ | ᠱᠠᠩᠳᠤ ᠰᠢᠶᠠᠨ ᠤ ᠨᠠᠮ ᠤᠨ ᠲᠡᠦᠬᠡ ᠶᠢᠨ ᠰᠤᠷᠭᠠᠨ ᠬᠥᠮᠦᠵᠢᠯ ᠤᠨ ᠰᠠᠭᠤᠷᠢᠨ ᠳᠤ᠂ ᠱᠠᠰᠢᠨ ᠰᠤᠷᠲᠠᠬᠤᠨ ᠤ ᠡᠲᠡᠭᠡᠳ ᠤᠨ | ᠬᠥᠮᠦᠰ ᠬᠤᠪᠢᠰᠬᠠᠯ ᠤᠨ ᠲᠡᠦᠬᠡ ᠶᠢ ᠲᠠᠬᠢᠨ ᠡᠷᠭᠢᠴᠡᠭᠦᠯᠪᠡ᠃ ᠤᠯᠠᠨ ᠢᠶᠠᠷ ᠢᠶᠠᠨ ᠭᠡᠷᠡᠯ ᠰᠠᠴᠤᠷᠠᠩᠭᠤᠢ ᠲᠡᠮᠡᠴᠡᠯ ᠤᠨ | ᠲᠡᠦᠬᠡ ᠶᠢ ᠡᠷᠭᠢᠴᠡᠭᠦᠯᠵᠦ᠂ ᠵᠠᠭᠤᠨ ᠵᠢᠯ ᠳᠤ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠳᠤᠮᠳᠠᠳᠤ ᠤᠯᠤᠰ ᠤᠨ ᠡᠪ ᠬᠠᠮᠲᠤ | ᠨᠠᠮ ᠪᠣᠯ ᠳᠤᠮᠳᠠᠳᠤ ᠤᠯᠤᠰ ᠤᠨ ᠠᠷᠠᠳ ᠲᠦᠮᠡᠨ ᠢ ᠳᠠᠭᠠᠭᠤᠯᠤᠨ ᠵᠣᠯ ᠵᠢᠷᠭᠠᠯ ᠲᠡᠰᠢ ᠤᠷᠤᠭᠰᠢᠯᠠᠭᠰᠠᠨ ᠠᠭᠤᠤ ᠶᠡᠭᠡ | ᠲᠦᠷᠦ ᠶᠢᠨ ᠨᠠᠮ ᠮᠥᠨ᠂ ᠠᠭᠤᠤ ᠶᠡᠭᠡ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠬᠤ ᠦᠭᠡᠢ ᠪᠣᠯ ᠰᠢᠨ᠎ᠡ ᠳᠤᠮᠳᠠᠳᠤ | ᠤᠯᠤᠰ ᠪᠠᠶᠢᠵᠤ ᠴᠢᠳᠠᠬᠤ ᠦᠭᠡᠢ ᠭᠡᠳᠡᠭ ᠢ ᠭᠦᠨᠵᠡᠭᠡᠢ ᠲᠠᠨᠢᠵᠤ ᠤᠯᠪᠠ᠃ | ᠲᠣᠰ ᠤᠳᠠᠭᠠᠨ ᠤ ᠠᠵᠢᠯᠯᠠᠭ᠎ᠠ ᠪᠠᠷ ᠳᠡᠮᠵᠢᠨ᠂ ᠱᠠᠰᠢᠨ ᠰᠤᠷᠲᠠᠬᠤᠨ ᠤ ᠡᠲᠡᠭᠡᠳ ᠤᠨ ᠬᠢᠨ ᠢᠯᠡᠷᠬᠡᠶᠢᠯᠡᠬᠦ ᠳᠡᠭᠡᠨ᠂ | ᠨᠠᠮ ᠢᠶᠠᠨ ᠬᠠᠶᠢᠷᠠᠯᠠᠬᠤ ᠤᠯᠤᠰ ᠢᠶᠠᠨ ᠬᠠᠶᠢᠷᠠᠯᠠᠬᠤ ᠨᠡᠶᠢᠭᠡᠮ ᠵᠢᠷᠤᠮ ᠢ ᠬᠠᠶᠢᠷᠠᠯᠠᠬᠤ ᠣᠶᠢᠯᠠᠭᠠᠭᠳᠠᠬᠤᠨ ᠢ | ᠤᠬᠠᠮᠰᠠᠷ ᠠᠴᠠ ᠪᠠᠨ ᠦᠢᠯᠡᠳᠦᠯᠭᠡᠵᠢᠭᠦᠯᠵᠦ᠂ ᠤᠯᠤᠰ ᠢᠶᠠᠨ ᠬᠠᠶᠢᠷᠠᠯᠠᠬᠤ ᠱᠠᠰᠢᠨ ᠢᠶᠠᠨ ᠬᠠᠶᠢᠷᠠᠯᠠᠬᠤ ᠰᠢᠯᠢᠳᠡᠭ | ᠤᠯᠠᠮᠵᠢᠯᠠᠯ ᠢ ᠪᠠᠳᠠᠷᠠᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ | ᠪᠣᠯᠭᠠᠵᠤ᠂ ᠮᠠᠨ ᠤ ᠤᠯᠤᠰ ᠤᠨ ᠱᠠᠰᠢᠨ ᠰᠤᠷᠲᠠᠬᠤᠨ ᠤ ᠳᠤᠮᠳᠠᠳᠤ ᠤᠯᠤᠰᠴᠢᠯᠠᠬᠤ ᠴᠢᠭᠯᠡᠯ ᠢ ᠪᠠᠷᠢᠮᠲᠠᠯᠠᠨ᠂ | ᠦᠨᠳᠦᠰᠦᠲᠡᠨ ᠤ ᠡᠶ᠎ᠡ ᠨᠠᠶᠢᠷᠠᠮᠳᠠᠭᠤ᠂ ᠱᠠᠰᠢᠨ ᠰᠤᠷᠲᠠᠬᠤᠨ ᠤ ᠡᠶ᠎ᠡ ᠨᠠᠶᠢᠷᠠᠮᠳᠠᠭᠤ᠂ ᠨᠡᠶᠢᠭᠡᠮ ᠤᠨ ᠡᠶ᠎ᠡ ᠵᠣᠬᠢᠴᠠᠯ ᠲᠠᠢ | ᠬᠥᠭᠵᠢᠯᠲᠡ ᠶᠢ ᠠᠬᠢᠭᠤᠯᠬᠤ ᠳᠤ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ ᠭᠡᠵᠡᠶ᠃ | ᠡᠯ᠎ᠡ ᠱᠠᠰᠢᠨ ᠰᠤᠷᠲᠠᠬᠤᠨ ᠤ ᠠᠵᠢᠯᠯᠠᠭ᠎ᠠ ᠶᠢᠨ ᠲᠠᠯᠠᠪᠤᠷ ᠤᠨ ᠬᠠᠷᠢᠭᠤᠴᠠᠯᠭᠠᠲᠠᠨ᠂ ᠪᠠᠭᠰᠢ ᠠᠵᠢᠯᠲᠠᠨ᠂ ᠱᠠᠰᠢᠨ | ᠰᠢᠲᠦᠳᠡᠭ ᠤᠯᠠᠨ ᠲᠦᠮᠡᠨ ᠤ ᠲᠥᠯᠥᠭᠡᠯᠡᠭᠴᠢ᠂ ᠰᠢᠶᠠᠨ ᠤ ᠭᠠᠯ ᠤᠨᠲᠠᠷᠠᠭᠠᠬᠤ ᠰᠠᠯᠠᠭ᠎ᠠ ᠮᠥᠴᠢᠷ᠂ ᠬᠠᠷᠢᠶ᠎ᠠ ᠭᠠᠵᠠᠷ ᠤᠨ | ᠰᠢᠶᠠᠩ ᠪᠠᠯᠭᠠᠰᠤ᠂ ᠰᠢᠶᠠᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠦᠨᠳᠦᠰᠦᠲᠡᠨ ᠱᠠᠰᠢᠨ | ᠰᠤᠷᠲᠠᠬᠤᠨ ᠤ ᠪᠦᠬᠦ ᠺᠠᠳ᠋ᠷ᠂ 30 ᠭᠠᠷᠤᠢ ᠬᠥᠮᠦᠨ ᠠᠵᠢᠯᠯᠠᠭ᠎ᠠ ᠳᠤ ᠣᠷᠣᠯᠴᠠᠪᠠ᠃ | | | | | |