ᠰᠢᠶᠠᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠱᠠᠩᠳᠤ ᠰᠢᠶᠠᠨ ᠤ | ᠣᠨᠴᠠ ᠬᠦᠴᠢᠷᠳᠡᠯᠲᠡᠶ ᠬᠥᠮᠦᠰ ᠤᠨ ᠡᠮ ᠡᠮᠨᠡᠯᠭᠡ ᠶᠢᠨ ᠦᠢᠯᠡᠴᠢᠯᠡᠭᠡᠨ ᠤ ᠲᠥᠪ ᠤᠨ ᠬᠠᠮᠢᠶᠠᠷᠤᠯᠲᠠ | ᠡᠵᠡᠩᠨᠡᠯᠲᠡ ᠳᠤ ᠢᠯᠡ ᠪᠠᠷ ᠬᠤᠳᠠᠯᠳᠤᠭᠠᠴᠢᠨ ᠤᠷᠢᠵᠤ᠂ ᠬᠠᠮᠢᠶ᠎ᠠ ᠪᠦᠬᠦᠢ ᠤᠴᠢᠷ ᠢ ᠳᠣᠤᠷᠠᠬᠢ ᠮᠡᠲᠦ ᠵᠠᠷᠯᠠᠶ᠎ᠠ᠄ | ᠨᠢᠭᠡ᠂ ᠬᠤᠳᠠᠯᠳᠤᠭᠠᠴᠢᠨ ᠤᠷᠢᠬᠤ ᠲᠥᠷᠥᠯ ᠵᠦᠢᠯ ᠤᠨ ᠲᠦᠢᠮᠣ ᠪᠠᠶᠢᠳᠠᠯ ᠵᠢᠴᠢ ᠪᠦᠲᠦᠭᠡᠨ | ᠪᠠᠶᠢᠭᠤᠯᠤᠯᠲᠠ ᠶᠢᠨ ᠱᠠᠭᠠᠷᠳᠠᠯᠭ᠎ᠠ | 1. ᠲᠥᠷᠥᠯ ᠵᠦᠢᠯ ᠤᠨ ᠨᠡᠷᠡᠶᠢᠳᠦᠯ᠄ ᠣᠨᠴᠠ ᠬᠦᠴᠢᠷᠳᠡᠯᠲᠡᠶ ᠬᠥᠮᠦᠰ ᠤᠨ ᠡᠮᠴᠢᠯᠡᠭᠡ ᠰᠤᠪᠢᠯᠠᠯᠲᠠ ᠶᠢᠨ | ᠦᠢᠯᠡᠴᠢᠯᠡᠭᠡᠨ ᠤ ᠲᠥᠪ | 2. ᠲᠥᠷᠥᠯ ᠵᠦᠢᠯ ᠤᠨ ᠬᠠᠶ᠋ᠢᠭ᠄ ᠱᠠᠩᠳᠤ ᠰᠢᠶᠠᠨ ᠤ ᠲᠥᠮᠥᠰᠥ ᠶᠢᠨ ᠵᠢᠵᠢᠭ ᠪᠠᠯᠭᠠᠰᠤ | 3. ᠲᠥᠷᠥᠯ ᠵᠦᠢᠯ ᠤᠨ ᠲᠦᠢᠮᠣ ᠪᠠᠶᠢᠳᠠᠯ᠄ ᠱᠠᠩᠳᠤ ᠰᠢᠶᠠᠨ ᠤ ᠣᠨᠴᠠ ᠬᠦᠴᠢᠷᠳᠡᠯᠲᠡᠶ ᠬᠥᠮᠦᠰ ᠤᠨ ᠡᠮ | ᠡᠮᠨᠡᠯᠭᠡ ᠶᠢᠨ ᠦᠢᠯᠡᠴᠢᠯᠡᠭᠡᠨ ᠤ ᠲᠥᠪ ᠢ 2022 ᠣᠨ ᠤ 7 ᠰᠠᠷ᠎ᠠ ᠳᠤ ᠡᠬᠢᠯᠡᠨ ᠪᠠᠶᠢᠭᠤᠯᠵᠤ᠂ 2024 ᠣᠨ ᠤ | 5 ᠰᠠᠷ᠎ᠠ ᠳᠤ ᠪᠦᠬᠦᠨ ᠢ ᠳᠠᠭᠤᠰᠬᠠᠬᠤ ᠶᠢᠨ ᠬᠠᠮᠲᠤ ᠰᠢᠯᠭᠠᠨ ᠠᠪᠬᠤ ᠳᠤ ᠬᠢᠷᠢ ᠲᠡᠩᠴᠡᠨ᠎ᠡ᠃ ᠶᠡᠷᠦᠩᠬᠡᠶ | ᠪᠠᠷᠢᠯᠭ᠎ᠠ ᠶᠢᠨ ᠲᠠᠯᠠᠪᠠᠶ ᠨᠢ 12878 ᠲᠡᠭᠰᠢ ᠳᠥᠷᠪᠡᠯᠵᠢᠨ ᠮᠧᠳ᠋ᠷ᠂ ᠶᠡᠷᠦᠩᠬᠡᠶ ᠪᠠᠯᠠ ᠣᠷᠣᠭᠤᠯᠤᠯᠲᠠ ᠨᠢ 4615. | 25 ᠲᠦᠮᠡᠨ ᠲᠥᠭᠦᠷᠢᠭ ᠪᠠᠶᠢᠵᠤ᠂ ᠠᠩᠬ᠎ᠠ ᠠᠯᠬᠤᠮ ᠤᠨ ᠲᠥᠯᠥᠪᠵᠢᠭᠦᠯᠪᠡ ᠶᠣᠰᠣᠭᠠᠷ 300 ᠣᠷᠣ | ᠲᠣᠬᠢᠷᠠᠭᠤᠯᠵᠤ ᠪᠣᠯᠤᠨ᠎ᠠ᠂ ᠣᠳᠣᠬᠠᠨ ᠳᠤ ᠰᠠᠭᠤᠷᠢ ᠲᠥᠬᠦᠭᠡᠷᠦᠮᠵᠢ᠂ ᠵᠠᠰᠠᠯ ᠴᠢᠮᠡᠭᠯᠡᠯ ᠨᠢ ᠨᠢᠭᠡᠨᠲᠡ | ᠪᠦᠬᠦᠨ ᠢᠶᠠᠷ ᠢᠶᠠᠨ ᠪᠦᠷᠢᠨ ᠲᠡᠭᠦᠯᠳᠡᠷ ᠪᠣᠯᠵᠠᠶ᠃ | 4. ᠪᠥᠲᠥᠭᠡᠨ ᠪᠠᠶᠢᠭᠤᠯᠤᠯᠲᠠ ᠶᠢᠨ ᠱᠠᠭᠠᠷᠳᠠᠯᠭ᠎ᠠ᠄ ᠨᠡᠶᠢᠭᠡᠮ ᠤᠨ ᠬᠡᠷᠡᠭᠴᠡᠭᠡ ᠱᠠᠭᠠᠷᠳᠠᠯᠭ᠎ᠠ ᠪᠠ | ᠡᠵᠡᠩᠨᠡᠯᠲᠡ ᠶᠢᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠭᠤᠷᠪᠠᠳᠠᠬᠢ ᠡᠲᠡᠭᠡᠳ ᠤᠨ ᠦᠷᠭᠦᠯᠵᠢᠯᠡᠨ | ᠡᠮᠴᠢᠯᠡᠭᠡᠨ ᠤ ᠪᠡᠯᠡᠳᠬᠡᠮᠵᠢ᠂ ᠠᠦ᠋ᠲ᠋ᠣᠴᠢᠯᠠᠭᠰᠠᠨ ᠨᠠᠰᠤᠵᠢᠯ ᠤᠨ ᠪᠡᠯᠡᠳᠬᠡᠮᠵᠢ ᠪᠠ ᠬᠡᠰᠡᠭ ᠳᠠᠭᠠᠯᠲᠠ | ᠲᠥᠬᠦᠭᠡᠷᠦᠮᠵᠢ ᠶᠢ ᠬᠡᠷᠡᠭᠵᠢᠭᠦᠯᠬᠦ ᠳᠤ ᠣᠷᠣᠭᠤᠯᠤᠯᠲᠠ ᠣᠷᠣᠭᠤᠯᠵᠤ᠂ ᠢᠨᠵᠧᠨᠧᠷᠢᠩ ᠤᠨ ᠪᠥᠲᠥᠭᠡᠨ | ᠪᠠᠶᠢᠭᠤᠯᠤᠯᠲᠠ ᠶᠢ ᠬᠠᠮᠢᠶ᠎ᠠ ᠪᠥᠬᠦᠶ ᠲᠣᠭᠲᠠᠭᠠᠯ ᠶᠣᠰᠣᠭᠠᠷ ᠬᠡᠷᠡᠭᠵᠢᠭᠦᠯᠵᠦ ᠪᠣᠯᠤᠨ᠎ᠠ᠃ | 5. ᠲᠦᠷᠢᠶᠡᠰᠦᠯᠡᠭᠦᠯᠬᠦ ᠬᠤᠭᠤᠴᠠᠭ᠎ᠠ ᠨᠢ 5 ᠵᠢᠯ᠃ | ᠬᠤᠶᠠᠷ᠂ ᠬᠤᠳᠠᠯᠳᠤᠭᠠᠴᠢᠨ ᠤᠷᠢᠬᠤ ᠨᠢᠭᠡᠴᠢ | ᠱᠠᠩᠳᠤ ᠱᠢᠶᠠᠨ ᠶᠢᠨ ᠠᠷᠠᠳ ᠶᠢᠨ ᠶᠠᠪᠤᠳᠠᠯ ᠤᠨ ᠲᠣᠪᠴᠢᠶ᠎ᠠ | ᠭᠤᠷᠪᠠ᠂ ᠬᠤᠳᠠᠯᠳᠤᠭᠠᠴᠢᠨ ᠤᠷᠢᠬᠤ ᠠᠷᠭ᠎ᠠ ᠮᠠᠶ᠋ᠢᠭ | ᠢᠯᠡ ᠪᠠᠷ ᠬᠤᠳᠠᠯᠳᠤᠭᠠᠴᠢᠨ ᠤᠷᠢᠬᠤ ᠠᠷᠭ᠎ᠠ ᠮᠠᠶ᠋ᠢᠭ ᠢ ᠬᠡᠷᠡᠭᠯᠡᠬᠦ | ᠳᠥᠷᠪᠡ᠂ ᠲᠥᠷᠥᠯ ᠵᠦᠢᠯ ᠤᠨ ᠬᠠᠮᠲᠤᠷᠠᠯᠴᠠᠭᠠᠨ ᠤ ᠠᠷᠭ᠎ᠠ ᠮᠠᠶ᠋ᠢᠭ ᠵᠢᠴᠢ ᠢᠷᠡᠭᠡᠳᠦᠶ ᠶᠢᠨ ᠠᠰᠢᠭ | ᠣᠯᠵᠠᠪᠤᠷᠢ ᠶᠢᠨ ᠵᠠᠭᠪᠤᠷ | 1. ᠬᠠᠮᠲᠤᠷᠠᠨ ᠠᠵᠢᠯᠯᠠᠬᠤ ᠠᠷᠭ᠎ᠠ ᠮᠠᠶ᠋ᠢᠭ᠄ ᠱᠠᠩᠳᠤ ᠰᠢᠶᠠᠨ ᠤ ᠣᠨᠴᠠ ᠬᠦᠴᠢᠷᠳᠡᠯᠲᠡᠶ ᠬᠥᠮᠦᠰ ᠤᠨ ᠡᠮ | ᠡᠮᠨᠡᠯᠬᠡ ᠬᠢᠬᠡᠳ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠨᠢ ᠠᠯᠪᠠᠨ ᠠᠴᠠ ᠡᠷᠭᠢᠯᠡᠭᠰᠡᠨ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠡᠯᠡᠳᠬᠡᠮᠵᠢ ᠶᠢ ᠬᠠᠮᠲᠤᠷᠠᠨ ᠪᠠᠶᠢᠭᠤᠯᠵᠤ᠂ ᠡᠵᠡᠩᠨᠡᠯᠲᠡ ᠶᠢᠨ | ᠲᠠᠯ᠎ᠠ ᠶᠢᠨ ᠬᠢᠨ ᠵᠣᠬᠢᠬᠤ ᠬᠠᠷᠢᠴᠠᠯ ᠤᠨ ᠪᠦᠲᠦᠭᠡᠨ ᠪᠠᠶᠢᠭᠤᠯᠤᠯᠲᠠ ᠶᠢᠨ ᠥᠪᠡᠷ ᠤᠨ ᠥᠷᠲᠡᠭ ᠢ ᠡᠭᠦᠷᠭᠡᠯᠡᠵᠦ᠂ | ᠵᠣᠬᠢᠬᠤ ᠵᠢᠯ ᠬᠤᠭᠤᠴᠠᠭ᠎ᠠ ᠶᠢᠨ ᠡᠵᠡᠩᠨᠡᠯᠲᠡ ᠬᠠᠮᠢᠶᠠᠷᠤᠯᠲᠠ ᠶᠢ ᠳᠠᠭᠠᠭᠠᠨ ᠠᠪᠬᠤ ᠶᠢ ᠵᠣᠷᠢᠭᠵᠢᠭᠤᠯᠤᠨ᠎ᠠ᠃ | ᠪᠦᠲᠦᠭᠡᠨ ᠪᠠᠶᠢᠭᠤᠯᠬᠤ ᠪᠡᠯᠡᠳᠬᠡᠮᠵᠢ ᠶᠢ ᠤᠯᠤᠰ ᠤᠨ ᠥᠮᠴᠢᠯᠡᠯᠲᠦ ᠡᠳ᠋ ᠬᠥᠷᠥᠩᠭᠡ ᠳᠤ ᠬᠤᠪᠢᠶᠠᠷᠢᠯᠠᠨ | ᠣᠷᠣᠭᠤᠯᠵᠤ᠂ ᠪᠣᠳᠠᠲᠠᠶ ᠨᠠᠢᠳᠠᠭᠰᠠᠨ ᠲᠠᠯ᠎ᠠ ᠬᠢᠭᠡᠳ ᠡᠵᠡᠩᠨᠡᠬᠦ ᠲᠠᠯ᠎ᠠ ᠶᠢᠨ ᠵᠥᠪᠳᠡᠯᠴᠡᠭᠡᠳ ᠲᠣᠭᠲᠠᠭᠠᠨ᠎ᠠ᠃ | 2. ᠠᠰᠢᠭ ᠣᠯᠵᠠᠪᠤᠷᠢ ᠶᠢᠨ ᠵᠠᠭᠪᠤᠷ᠄ ᠠᠯᠪᠠᠨ ᠠᠴᠠ ᠪᠠᠶᠢᠭᠤᠯᠵᠤ ᠠᠷᠠᠳ ᠠᠴᠠ ᠡᠵᠡᠩᠨᠡᠭᠰᠡᠨ ᠨᠠᠰᠤᠵᠢᠯ ᠤᠨ | ᠦᠢᠯᠡᠴᠢᠯᠡᠭᠡᠨ ᠤ ᠪᠡᠯᠡᠳᠬᠡᠮᠵᠢ ᠶᠢᠨ ᠰᠦᠢᠳᠬᠡᠯ ᠬᠤᠷᠢᠶᠠᠬᠤ ᠪᠠᠷᠢᠮᠵᠢᠶ᠎ᠠ ᠶᠢ ᠬᠡᠷᠡᠭᠵᠢᠭᠦᠯᠦᠨ᠎ᠡ᠂ ︽ᠨᠠᠰᠤᠵᠢᠯ ᠤᠨ | ᠦᠢᠯᠡᠴᠢᠯᠡᠭᠡᠨ ᠤ ᠵᠠᠬ᠎ᠠ ᠳᠡᠯᠭᠡᠭᠦᠷ ᠢ ᠪᠦᠬᠦ ᠲᠠᠯ᠎ᠠ ᠪᠠᠷ ᠴᠢᠯᠥᠭᠡᠲᠡᠶ ᠲᠠᠯᠪᠢᠵᠤ ᠨᠠᠰᠤᠵᠢᠯ ᠤᠨ ᠦᠢᠯᠡᠴᠢᠯᠡᠭᠡᠨ ᠤ | ᠶᠠᠰᠤ ᠴᠢᠨᠠᠷ ᠢ ᠳᠡᠭᠡᠭᠰᠢᠯᠡᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ | ︹2017︺ 127 ᠳ᠋ᠤᠭᠠᠷ ᠲᠣᠭᠠᠲᠤ︶ ᠤᠨ ᠲᠣᠭᠲᠠᠭᠠᠯ ᠢ ᠦᠨᠳᠦᠰᠦᠯᠡᠨ᠂ ᠲᠥᠷᠥᠯ ᠬᠤᠪᠢᠶᠠᠨ ᠰᠦᠢᠳᠬᠡᠯ | ᠬᠤᠷᠢᠶᠠᠬᠤ ᠵᠠᠷᠴᠢᠮ ᠶᠣᠰᠣᠭᠠᠷ᠂ ᠣᠨᠴᠠ ᠬᠦᠴᠢᠷᠳᠡᠯᠲᠡᠶ ᠠᠰᠠᠷᠠᠨ ᠲᠡᠵᠢᠭᠡᠬᠦ ᠡᠲᠡᠭᠡᠳ ᠢ ᠬᠦᠯᠢᠶᠡᠨ ᠠᠪᠴᠤ᠂ | ᠵᠠᠰᠠᠭ ᠤᠨ ᠣᠷᠳᠣᠨ ᠤ ᠦᠨᠳᠦᠰᠦᠨ ᠠᠰᠠᠷᠠᠨ ᠲᠡᠵᠢᠭᠡᠬᠦ ᠪᠠᠷᠢᠮᠵᠢᠶ᠎ᠠ ᠶᠣᠰᠣᠭᠠᠷ ᠰᠦᠢᠳᠬᠡᠯ ᠬᠤᠷᠢᠶᠠᠨ᠎ᠠ︔ ᠠᠵᠤ | ᠠᠬᠤᠶ ᠨᠢ ᠬᠦᠴᠢᠷᠳᠡᠯ ᠲᠠᠢ ᠥᠨᠥᠴᠢᠨ ᠪᠡᠯᠪᠡᠰᠦᠨ᠂ ᠭᠠᠭᠴᠠ ᠬᠡᠦᠬᠡᠳ ᠢᠶᠠᠨ ᠠᠯᠳᠠᠭᠰᠠᠨ᠂ ᠥᠨᠳᠥᠷ ᠨᠠᠰᠤᠲᠠᠶ | ᠵᠢᠴᠢ ᠴᠢᠳᠠᠯ ᠲᠡᠩᠬᠡᠭᠡ ᠪᠠᠨ ᠠᠯᠳᠠᠭᠰᠠᠨ᠂ ᠬᠡᠰᠡᠭ ᠠᠯᠳᠠᠭᠰᠠᠨ ᠨᠠᠰᠤᠲᠠᠶᠢᠴᠤᠳ ᠢ ᠬᠦᠯᠢᠶᠡᠨ ᠠᠪᠬᠤ ᠳᠤ ᠲᠡᠭᠦᠨ ᠤ | ᠣᠷᠣ ᠪᠠᠶᠢᠷᠢ ᠶᠢᠨ ᠰᠦᠢᠳᠬᠡᠯ᠂ ᠰᠤᠪᠢᠯᠠᠯᠲᠠ ᠶᠢᠨ ᠰᠦᠢᠳᠬᠡᠯ ᠳᠤ ᠵᠠᠰᠠᠭ ᠤᠨ ᠣᠷᠳᠣᠨ ᠤ ᠵᠢᠯᠣᠭᠤᠳᠬᠤ | ᠦᠨ᠎ᠡ ᠶᠢᠨ ᠬᠠᠮᠢᠶᠠᠷᠤᠯᠲᠠ ᠶᠢ ᠬᠡᠷᠡᠭᠵᠢᠭᠦᠯᠦᠨ᠎ᠡ᠂ ᠬᠤᠭᠤᠯᠠᠨ ᠤ ᠰᠦᠢᠳᠬᠡᠯ ᠵᠡᠷᠭᠡ ᠰᠦᠢᠳᠬᠡᠯ ᠬᠤᠷᠢᠶᠠᠬᠤ | ᠦᠢᠯᠡᠴᠢᠯᠡᠭᠡᠨ ᠤ ᠲᠥᠷᠥᠯ ᠵᠦᠢᠯ ᠨᠢ ᠠᠰᠢᠭ ᠣᠯᠵᠠᠪᠤᠷᠢ ᠶᠢᠨ ᠪᠤᠰᠤ ᠴᠢᠨᠠᠷᠲᠠᠶ ᠵᠠᠷᠴᠢᠮ ᠶᠣᠰᠣᠭᠠᠷ ᠪᠣᠳᠠᠲᠠᠶ ᠪᠠᠷ | ᠬᠤᠷᠢᠶᠠᠨ᠎ᠠ︔ ᠨᠡᠶᠢᠭᠡᠮ ᠤᠨ ᠪᠤᠰᠤᠳ ᠨᠠᠰᠤᠲᠠᠶᠢᠴᠤᠳ ᠤᠨ ᠬᠥᠮᠦᠨ ᠪᠦᠷᠢ ᠳᠤ ᠳᠤᠮᠳᠠᠴᠢ ᠪᠠᠷ ᠵᠠᠬ᠎ᠠ | ᠳᠡᠯᠭᠡᠭᠦᠷ ᠤᠨ ᠦᠨ᠎ᠡ ᠶᠢ ᠬᠡᠷᠡᠭᠵᠢᠭᠦᠯᠵᠦ᠂ ᠪᠣᠳᠠᠲᠠᠶ ᠦᠨ᠎ᠡ ᠬᠠᠩᠰᠢ ᠶᠢ ᠡᠵᠡᠩᠨᠡᠬᠦ ᠲᠠᠯ᠎ᠠ ᠠᠴᠠ ᠭᠡᠷ᠎ᠡ ᠶᠢ | ᠦᠨᠳᠦᠰᠦᠯᠡᠨ ᠵᠦᠢ ᠵᠣᠬᠢᠰᠲᠠᠶ ᠲᠣᠭᠲᠠᠭᠠᠬᠤ ᠬᠡᠷᠡᠭᠲᠡᠢ᠂ ᠭᠡᠪᠡᠴᠦ ᠠᠷᠠᠳ ᠠᠴᠠ ᠪᠠᠶᠢᠭᠤᠯᠵᠤ ᠠᠷᠠᠳ ᠠᠴᠠ | ᠡᠵᠡᠩᠨᠡᠭᠰᠡᠨ ᠠᠳᠠᠯᠢ ᠱᠠᠲᠤᠨ ᠤ ᠨᠠᠰᠤᠵᠢᠯ ᠤᠨ ᠪᠠᠶᠢᠭᠤᠯᠤᠮᠵᠢ ᠶᠢᠨ ᠵᠠᠬ᠎ᠠ ᠳᠡᠯᠭᠡᠭᠦᠷ ᠤᠨ ᠦᠨ᠎ᠡ ᠬᠠᠩᠰᠢ ᠠᠴᠠ | ᠢᠯᠡᠳᠲᠡ ᠳᠣᠣᠷ᠎ᠠ ᠪᠠᠶᠢᠵᠤ ᠪᠣᠯᠬᠤ ᠦᠭᠡᠢ᠂ ᠮᠠᠭᠤ ᠥᠷᠢᠰᠥᠯᠳᠦᠭᠡᠨ᠂ ᠵᠠᠬ᠎ᠠ ᠳᠡᠯᠭᠡᠭᠦᠷ ᠢ ᠰᠠᠮᠠᠭᠤᠷᠠᠭᠤᠯᠬᠤ | ᠦᠢᠯᠡ ᠠᠵᠢᠯᠯᠠᠭ᠎ᠠ ᠭᠠᠷᠬᠤ ᠠᠴᠠ ᠵᠠᠶᠢᠯᠠᠰᠬᠢᠬᠦ ᠬᠡᠷᠡᠭᠲᠡᠶ᠃ | ᠲᠠᠪᠤ᠂ ᠡᠵᠡᠩᠨᠡᠵᠦ ᠪᠠᠶᠢᠭ᠎ᠠ ᠲᠠᠯ᠎ᠠ ᠶᠢᠨ ᠬᠢᠷᠢ ᠬᠡᠮ ᠤᠨ ᠱᠠᠭᠠᠷᠳᠠᠯᠭ᠎ᠠ | ︵ᠨᠢᠭᠡ︶ ᠪᠡᠶ᠎ᠡ ᠪᠠᠨ ᠳᠠᠭᠠᠭᠠᠭᠰᠠᠨ ᠬᠠᠤᠯᠢ ᠶᠢᠨ ᠬᠥᠮᠥᠨ ᠤ ᠬᠢᠷᠢ ᠬᠡᠮ ᠪᠦᠬᠦᠢ ᠠᠵᠤ ᠠᠬᠤᠶᠢᠯᠠᠯ ᠪᠤᠶᠤ | ᠨᠡᠶᠢᠭᠡᠮ ᠤᠨ ᠵᠣᠬᠢᠶᠠᠨ ᠪᠠᠶᠢᠭᠤᠯᠤᠯᠲᠠ᠃ | ︵ᠬᠤᠶᠠᠷ︶ ᠨᠠᠰᠤᠵᠢᠯ ᠤᠨ ᠠᠰᠠᠷᠠᠮᠵᠢ ᠶᠢᠨ ᠲᠤᠰᠬᠠᠶ ᠦᠢᠯᠡᠴᠢᠯᠡᠭᠡᠨ ᠤ ᠪᠦᠯᠬᠦᠮ ᠨᠡᠶᠢᠲᠡ ᠪᠠ ᠨᠡᠯᠢᠶᠡᠳ | ᠪᠠᠶᠠᠯᠢᠭ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠲᠤᠷᠰᠢᠯᠭ᠎ᠠ ᠲᠠᠢ︔ | ︵ᠭᠤᠷᠪᠠ︶ ᠦᠢᠯᠡᠴᠢᠯᠡᠭᠡᠨ ᠤ ᠠᠭᠤᠯᠭ᠎ᠠ ᠪᠠ ᠬᠡᠪᠴᠢᠶ᠎ᠡ ᠲᠠᠢ ᠵᠣᠬᠢᠴᠠᠭᠰᠠᠨ ᠠᠵᠤ ᠠᠬᠤᠢ ᠶᠢᠨ ᠪᠣᠳᠠᠲᠤ | ᠬᠦᠴᠦᠨ ᠲᠠᠢ᠃ | ︵ᠲᠦᠷᠪᠡ︶ ᠬᠠᠤᠯᠢ ᠲᠣᠭᠲᠠᠭᠠᠯ ᠢ ᠵᠥᠷᠢᠴᠡᠭᠰᠡᠨ ᠪᠠ ᠢᠲᠡᠭᠡᠮᠵᠢ ᠠᠯᠳᠠᠭᠰᠠᠨ ᠲᠡᠮᠳᠡᠭᠯᠡᠯ ᠦᠭᠡᠢ᠃ | ︵ᠲᠠᠪᠤ︶ ᠪᠤᠰᠤᠳ ᠪᠦᠷᠢᠯᠳᠦᠬᠦ ᠶᠣᠰᠣᠲᠠᠢ ᠨᠥᠬᠦᠴᠡᠯ᠃ | ᠵᠢᠷᠭᠤᠭ᠎ᠠ᠂ ᠡᠷᠬᠡᠪᠰᠢ ᠮᠡᠳᠡᠬᠦ ᠵᠦᠢᠯ ᠢ ᠨᠡᠷ᠎ᠡ ᠮᠡᠳᠡᠭᠦᠯᠬᠦ ᠬᠡᠷᠡᠭᠲᠡᠶ | 1. ᠨᠡᠷ᠎ᠡ ᠮᠡᠳᠡᠭᠦᠯᠬᠦ ᠴᠠᠭ᠄ 2024 ᠣᠨ ᠤ 11 ᠰᠠᠷ᠎ᠠ ᠶᠢᠨ 6 ᠤ ᠡᠳᠦᠷ ᠠᠴᠠ 2024 ᠣᠨ ᠤ 11 | ᠰᠠᠷ᠎ᠠ ᠶᠢᠨ 15 ᠤ ᠡᠳᠦᠷ | 2. ᠨᠡᠷ᠎ᠡ ᠮᠡᠳᠡᠭᠦᠯᠬᠦ ᠭᠠᠵᠠᠷ᠄ ᠱᠠᠩᠳᠤ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠠᠯᠪᠠᠨ ᠬᠡᠷ | 3. ᠨᠡᠷ᠎ᠡ ᠮᠡᠳᠡᠭᠦᠯᠬᠦ ᠬᠠᠷᠢᠯᠴᠠᠬᠤ ᠬᠥᠮᠦᠨ᠄ ᠼᠤᠤ ᠰᠢᠤᠸᠠᠢ ᠹᠸᠢ | 4᠃ ᠬᠠᠷᠢᠯᠴᠠᠬᠤ ᠤᠲᠠᠰᠤ 14747428461 | 5. ᠮᠠᠲ᠋ᠧᠷᠢᠶᠠᠯ ᠬᠠᠩᠭᠠᠬᠤ ᠴᠢᠬᠤᠯᠠᠲᠠᠶ᠄ ᠨᠡᠷ᠎ᠡ ᠮᠡᠳᠡᠭᠦᠯᠬᠦ ᠦᠶ᠎ᠡ ᠳᠤ ᠪᠡᠶ᠎ᠡ ᠶᠢᠨ ᠭᠠᠷᠤᠯ ᠤᠨ ᠬᠦᠴᠦᠨ | ᠪᠥᠬᠦᠶ ᠭᠡᠷᠡᠴᠢᠯᠡᠯ ᠤᠨ ᠣᠭ ᠮᠠᠲ᠋ᠧᠷᠢᠶᠠᠯ ᠪᠠ ᠪᠠᠭᠤᠯᠭᠠᠪᠤᠷᠢ ᠵᠢᠴᠢ ᠨᠠᠶᠢᠳᠠᠭᠳᠠᠭᠴᠢ ᠶᠢᠨ ᠪᠦᠲᠦᠮᠵᠢᠲᠡᠶ ᠡᠷᠬᠡ | ᠣᠯᠭᠤᠭᠰᠠᠨ ᠣᠭ ᠮᠠᠲ᠋ᠧᠷᠢᠶᠠᠯ᠂ ᠡᠵᠡᠩᠨᠡᠯᠲᠡ ᠶᠢᠨ ᠦᠨᠡᠮᠯᠡᠯ ᠤᠨ ᠬᠠᠭᠤᠯᠪᠤᠷᠢ ᠳᠡᠪᠲᠡᠷ᠂ ᠠᠵᠤ ᠠᠬᠤᠶᠢᠯᠠᠯ ᠤᠨ | ᠬᠢᠷᠢ ᠬᠡᠮ ᠤᠨ ᠦᠨᠡᠮᠯᠡᠯ ᠵᠡᠷᠭᠡ ᠬᠠᠮᠢᠶ᠎ᠠ ᠪᠥᠬᠦᠶ ᠦᠨᠡᠮᠯᠡᠯ ᠳᠤ ᠠᠯᠪᠠᠨ ᠲᠠᠮᠠᠭ᠎ᠠ ᠳᠠᠷᠤᠭᠰᠠᠨ ᠬᠠᠭᠤᠯᠪᠤᠷᠢ ᠶᠢ | ᠲᠤᠰᠢᠶᠠᠵᠤ᠂ ᠮᠡᠳᠡᠭᠡ ᠵᠠᠩᠭᠢ ᠶᠢᠨ ᠮᠡᠳᠡᠭᠦᠯᠦᠯᠲᠡ᠂ ︽ᠠᠵᠢᠯᠯᠠᠭᠴᠢ ᠶᠢᠨ ᠬᠢᠷᠢ ᠬᠡᠮ ᠤᠨ ᠱᠠᠭᠠᠷᠳᠠᠯᠭ᠎ᠠ︾ | ᠪᠤᠰᠤᠳ ᠭᠡᠷᠡᠴᠢᠯᠡᠬᠦ ᠮᠠᠲ᠋ᠧᠷᠢᠶᠠᠯ ︵ᠪᠠᠶᠢᠬᠤ ᠥᠬᠡᠶ᠂ ᠬᠠᠩᠭᠠᠬᠤ ᠥᠬᠡᠶ︶ ᠬᠡᠷᠡᠭᠲᠡᠶ᠃ ᠬᠤᠳᠠᠯᠳᠤᠬᠠᠴᠢᠨ ᠤᠷᠢᠬᠤ | ᠬᠡᠯᠡᠯᠴᠡᠭᠡ ᠬᠢᠬᠦ ᠦᠶᠡᠰ ᠳᠡᠭᠡᠷᠡᠬᠢ ᠮᠠᠲ᠋ᠧᠷᠢᠶᠠᠯ ᠤᠨ ᠤᠭ ᠮᠠᠲ᠋ᠧᠷᠢᠶᠠᠯ ᠢ ᠬᠠᠩᠬᠠᠬᠤ ᠬᠡᠷᠡᠭᠲᠡᠶ᠃ | 6. ᠲᠣᠰ ᠲᠥᠷᠥᠯ ᠵᠦᠢᠯ ᠤᠨ ᠬᠤᠳᠠᠯᠳᠤᠭᠠᠴᠢᠨ ᠤᠷᠢᠬᠤ ᠬᠡᠯᠡᠯᠴᠡᠭᠡ ᠳᠤ ᠣᠷᠣᠯᠴᠠᠭᠰᠠᠨ ᠨᠢᠭᠡᠴᠢ᠂ | ᠬᠡᠯᠡᠯᠴᠡᠭᠡᠷ ᠬᠢᠭᠡᠳ ᠬᠠᠮᠲᠤᠷᠠᠨ ᠠᠵᠢᠯᠯᠠᠬᠤ ᠬᠡᠯᠡᠯᠴᠡᠭᠡᠷ ᠢ ᠠᠮᠵᠢᠯᠲᠠ ᠲᠠᠢ ᠪᠠᠷ ᠲᠣᠭᠲᠠᠭᠠᠭᠰᠠᠨ ᠤ ᠳᠠᠷᠠᠭ᠎ᠠ ᠲᠣᠰ | ᠲᠥᠷᠥᠯ ᠵᠦᠢᠯ ᠤᠨ ᠬᠠᠮᠲᠤᠷᠠᠯᠴᠠᠭᠠᠨ ᠤ ᠲᠠᠯ᠎ᠠ ᠪᠣᠯᠭᠠᠵᠤ᠂ ᠬᠠᠮᠲᠤᠷᠠᠨ ᠠᠵᠢᠯᠯᠠᠬᠤ ᠬᠡᠯᠡᠯᠴᠡᠭᠡᠷ ᠤᠨ ᠳᠣᠣᠷᠠᠬᠢ | ᠪᠥᠬᠦ ᠡᠭᠦᠷᠭᠡ ᠶᠢ ᠡᠭᠦᠷᠭᠡᠯᠡᠬᠦ ᠶᠢᠨ ᠬᠠᠮᠲᠤ ᠪᠥᠬᠦ ᠡᠷᠬᠡ ᠶᠢ ᠡᠳ᠋ᠯᠡᠨ᠎ᠡ ︵ᠪᠣᠳᠠᠲᠠᠶ ᠬᠠᠮᠲᠤᠷᠠᠯᠴᠠᠭᠠᠨ ᠤ | ᠬᠡᠯᠡᠯᠴᠡᠭᠡᠷ ᠢᠶᠠᠷ ᠭᠦᠢᠴᠡᠳᠬᠡᠨ᠎ᠡ︶᠃ | 7᠂ ᠬᠡᠯᠡᠯᠴᠡᠭᠡᠷ ᠬᠢᠬᠦ ᠴᠠᠭ ᠢ ᠨᠡᠷ᠎ᠡ ᠮᠡᠳᠡᠭᠦᠯᠵᠦ ᠳᠠᠭᠤᠰᠤᠭᠰᠠᠨ ᠤ ᠳᠠᠷᠠᠭ᠎ᠠ ᠨᠢᠭᠡ ᠭᠠᠷᠠᠭ ᠤᠨ ᠳᠣᠲᠣᠷ᠎ᠠ | ᠶᠠᠪᠤᠭᠳᠠᠭᠤᠯᠤᠨ᠎ᠠ ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠬᠤᠶᠢᠰᠢᠯᠠᠭᠤᠯᠤᠨ᠎ᠠ︶᠃ | ᠱᠠᠩᠳᠤ ᠱᠢᠶᠠᠨ ᠶᠢᠨ ᠠᠷᠠᠳ ᠶᠢᠨ ᠶᠠᠪᠤᠳᠠᠯ ᠤᠨ ᠲᠣᠪᠴᠢᠶ᠎ᠠ | 2024 ᠣᠨ ᠤ 11 ᠰᠠᠷ᠎ᠠ ᠶᠢᠨ 5 ᠤ ᠡᠳᠦᠷ |