12 ᠰᠠᠷ᠎ᠠ ᠶᠢᠨ 11 ᠤ ᠡᠳᠦᠷ᠂ ᠱᠠᠩᠳᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ | ᠤᠳᠤᠷᠢᠳᠬᠤ ᠳᠤᠭᠤᠶᠢᠯᠠᠩ ᠤᠨ 2024 ᠣᠨ ᠤ 12 ᠳ᠋ᠤᠭᠠᠷ ᠤᠳᠠᠭᠠᠨ ᠤ ᠬᠤᠷᠠᠯ ᠬᠤᠷᠠᠯᠳᠤᠪᠠ᠃ | ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠨᠡᠶᠢᠭᠡᠮ ᠤᠨ ᠠᠵᠢᠯ ᠳᠤ ᠭᠠᠷᠭᠠᠭᠰᠠᠨ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ᠂ ︽ᠦᠨᠡᠨ︾ ᠰᠡᠳᠬᠦᠯ ᠤᠨ ᠨᠡᠶᠢᠲᠡᠯᠡᠭᠰᠡᠨ ᠶᠡᠷᠦᠩᠬᠡᠶ ᠱᠦᠵᠢ ᠰᠢ ᠶᠢᠨ ᠫᠢᠩ ᠤᠨ | ︽ᠴᠢᠨᠠᠷ ᠰᠠᠶᠢᠲᠠᠶ ᠭᠦᠢᠴᠡᠳ ᠠᠵᠢᠯ ᠣᠯᠭᠤᠯᠲᠠ ᠶᠢ ᠠᠬᠢᠭᠤᠯᠬᠤ︾᠂ ︽ᠬᠥᠮᠦᠨ ᠠᠮᠠ ᠶᠢᠨ ᠴᠢᠨᠠᠷ ᠰᠠᠶᠢᠲᠠᠶ | ᠬᠥᠭᠵᠢᠯᠲᠡ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠲᠤᠯᠭᠠᠭᠤᠷᠢᠯᠠᠶᠠ︾ ᠭᠡᠬᠦ ᠴᠢᠬᠤᠯᠠ | ᠵᠣᠬᠢᠶᠠᠯ ᠤᠨ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠳᠤᠮᠳᠠᠳᠤ ᠶᠢᠨ ᠪᠥᠬᠦ ᠤᠯᠤᠰ ᠤᠨ ᠬᠠᠩᠭᠠᠨ | ᠪᠣᠷᠣᠯᠠᠭᠤᠯᠬᠤ ᠶᠡᠷᠦᠩᠬᠡᠶ ᠬᠤᠷᠰᠢᠶ᠎ᠠ ᠪᠠᠶᠢᠭᠤᠯᠤᠭᠳᠠᠭᠰᠠᠨ 70 ᠵᠢᠯ ᠤᠨ ᠣᠶ ᠶᠢᠨ ᠲᠠᠰᠢᠷᠠᠮ ᠳᠤ ᠭᠠᠷᠭᠠᠭᠰᠠᠨ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ | ᠠᠯᠪᠠᠨ ᠲᠢᠩᠬᠢᠮ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽ᠦᠨᠳᠦᠰᠦᠨ ᠱᠠᠲᠤᠨ ᠤ | ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠲᠤᠬᠠᠶ | ᠰᠠᠨᠠᠯ︾ ᠪᠣᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤᠨ ᠤ ᠤᠰᠤ ᠵᠠᠯᠠᠬᠤ | ᠪᠠ ᠪᠣᠬᠢᠷ ᠤᠰᠤ ᠶᠢ ᠰᠢᠢᠳᠪᠦᠷᠢᠯᠡᠬᠦ ᠠᠷᠭ᠎ᠠ︾ ᠶᠢ ᠤᠯᠠᠮᠵᠢᠯᠠᠨ ᠰᠤᠷᠤᠯᠴᠠᠪᠠ᠃ | ᠬᠤᠷᠠᠯ ᠠᠴᠠ᠂ ᠰᠢᠶᠠᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠤᠭᠤᠳᠤᠯᠭ᠎ᠠ ᠪᠣᠯᠭᠠᠬᠤ ᠶᠢ ᠢᠮᠠᠭᠲᠠ ᠪᠠᠷᠢᠮᠲᠠᠯᠠᠵᠤ᠂ ᠤᠯᠤᠰ ᠲᠦᠷᠦ ᠶᠢᠨ ᠵᠣᠭᠰᠣᠴᠠ ᠪᠠᠨ ᠲᠠᠰᠤᠷᠠᠯᠲᠠ ᠦᠭᠡᠢ | ᠳᠡᠭᠡᠭᠰᠢᠯᠡᠭᠦᠯᠵᠦ᠂ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ | ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠲᠤᠰ ᠪᠡᠶ᠎ᠡ ᠶᠢᠨ ᠪᠠᠶᠢᠭᠤᠯᠤᠯᠲᠠ ᠪᠠᠨ ᠦᠷᠭᠦᠯᠵᠢᠯᠡᠨ | ᠴᠢᠩᠭᠠᠳᠬᠠᠬᠤ ᠬᠡᠷᠡᠭᠲᠡᠢ᠃ ᠡᠭᠦᠨ ᠤ ᠬᠠᠮᠲᠤ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ | ᠲᠠᠯ᠎ᠠ ᠲᠠᠢ ᠨᠢᠭᠲᠠ ᠤᠶᠠᠯᠳᠤᠭᠤᠯᠤᠨ᠂ ᠭᠤᠣᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ | ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠪᠣᠳᠠᠲᠤ ᠠᠵᠢᠯᠯᠠᠭ᠎ᠠ ᠪᠠᠷ ᠢᠶᠠᠨ | ᠱᠠᠩᠳᠤ ᠰᠢᠶᠠᠨ ᠤ ᠴᠢᠨᠠᠷ ᠰᠠᠶᠢᠲᠠᠶ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠶ᠃ | ᠣᠷᠴᠢᠭᠤᠯᠣᠭᠴᠢ᠄ ᠬᠠᠨᠠᠭᠠᠷ | ᠬᠢᠨᠠᠭᠴᠢ᠄ ᠬᠠᠨᠠᠭᠠᠷ |