ᠱᠠᠩᠳᠤ ᠰᠢᠶᠠᠨ᠄ ︽ᠭᠤᠷᠪᠠ ᠶᠢ ᠵᠠᠰᠠᠵᠤ ᠭᠤᠷᠪᠠ ᠶᠢ ᠥᠭᠡᠷᠡᠴᠢᠯᠡᠬᠦ︾ ᠪᠠᠷ ᠣᠯᠠᠨ ᠲᠦᠮᠡᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2024/12/13
    ᠣᠶᠢᠷ᠎ᠠ ᠶᠢᠨ ᠵᠢᠯ ᠳᠤ᠂ ᠱᠠᠩᠳᠤ ᠰᠢᠶᠠᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ᠬᠠᠷᠢᠯᠴᠠᠨ ᠬᠠᠪᠰᠤᠷᠤᠯᠴᠠᠬᠤ ᠵᠣᠯ ᠵᠢᠷᠭᠠᠯ ᠤᠨ ᠬᠦᠷᠢᠶᠡᠯᠡᠩ ᠢ ᠲᠠᠰ ᠳᠡᠪᠰᠢᠭᠦᠯᠦᠨ ᠥᠭᠡᠷᠡᠴᠢᠯᠡᠬᠦ ᠶᠢ ᠦᠷᠭᠦᠯᠵᠢᠯᠡᠨ ᠠᠬᠢᠭᠤᠯᠵᠤ᠂ ᠡᠭᠦᠨ ᠢᠶᠠᠷ ᠬᠥᠳᠡᠭᠡ ᠲᠣᠰᠬᠤᠨ ᠤ ᠨᠠᠰᠤᠲᠠᠶᠢᠴᠤᠳ ᠤᠨ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠡᠷᠡᠭᠴᠡᠭᠡ ᠶᠢ ᠲᠠᠰᠤᠷᠠᠯᠲᠠ ᠥᠬᠡᠶ ᠬᠠᠩᠭᠠᠪᠠ᠃    ᠯᠢ ᠲᠤᠸᠠᠨ ᠶᠤᠸᠠᠨ ᠪᠣᠯ ᠱᠠᠩᠳᠤ ᠰᠢᠶᠠᠨ ᠤ ᠰᠠᠨ ᠳ᠋ᠠ ᠴᠢᠩ ᠰᠢᠶᠠᠩ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠲᠤ ᠣᠷᠣᠵᠤ ᠰᠠᠭᠤᠭᠰᠠᠨ ᠨᠠᠰᠤᠲᠠᠨ ᠪᠣᠯᠤᠨ᠎ᠠ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠤᠨ ᠠᠮᠢᠳᠤᠷᠠᠯ ᠤᠨ ᠣᠷᠴᠢᠨ ᠲᠣᠭᠤᠷᠢᠨ ᠪᠣᠯᠤᠨ ᠠᠮᠢᠳᠤᠷᠠᠯ ᠤᠨ ᠨᠥᠬᠦᠴᠡᠯ ᠰᠠᠶᠢᠵᠢᠷᠠᠭᠰᠠᠨ ᠠᠴᠠ ᠪᠤᠯᠵᠤ᠂ ᠡᠨᠡ ᠨᠠᠰᠤᠲᠠᠨ ᠥᠪᠡᠷ ᠤᠨ ᠨᠠᠰᠤᠲᠠᠶᠢᠴᠤᠳ ᠤᠨ ᠠᠮᠢᠳᠤᠷᠠᠯ ᠤᠨ ᠵᠣᠯ ᠵᠢᠷᠭᠠᠯ ᠢ ᠤᠯᠠᠮ ᠮᠡᠳᠡᠷᠡᠵᠦ ᠪᠠᠶᠢᠨ᠎ᠠ᠃ ᠦᠢᠯᠡᠴᠢᠯᠡᠭᠡᠨ ᠤ ᠲᠥᠪ ᠤᠨ ᠨᠠᠰᠤᠲᠠᠶᠢᠴᠤᠳ ᠤᠨ ᠬᠤᠭᠤᠯᠠᠨ ᠭᠡᠷ᠂ ᠪᠡᠶ᠎ᠡ ᠤᠬᠢᠶᠠᠬᠤ ᠭᠡᠷ᠂ ᠦᠰᠦ ᠵᠠᠰᠠᠬᠤ ᠭᠡᠷ᠂ ᠪᠡᠶ᠎ᠡ ᠴᠢᠭᠢᠷᠠᠭᠵᠢᠭᠤᠯᠬᠤ ᠪᠠᠭᠠᠵᠢ ᠬᠡᠷᠡᠭᠰᠡᠯ᠂ ᠵᠤᠭ᠎ᠠ ᠴᠡᠩᠭᠡᠯ ᠤᠨ ᠪᠡᠯᠡᠳᠬᠡᠮᠵᠢ ᠵᠡᠷᠭᠡ ᠪᠦᠷᠢᠨ ᠭᠦᠢᠴᠡᠳ ᠪᠣᠯᠵᠤ᠂ ᠠᠮᠢᠳᠤᠷᠠᠯ ᠤᠨ ᠣᠷᠴᠢᠨ ᠲᠣᠭᠤᠷᠢᠨ ᠤᠯᠠᠮ ᠠᠴᠠ ᠤᠯᠠᠮ ᠭᠤᠶᠣ ᠰᠠᠶᠢᠬᠠᠨ ᠪᠣᠯᠪᠠ᠃ ᠡᠳᠡᠭᠡᠷ ᠢ ᠬᠡᠯᠡᠬᠦ ᠪᠥᠷᠢ᠂ ᠡᠪᠦᠭᠡᠨ ᠬᠠᠢᠷᠴᠠᠭ ᠢᠶᠠᠨ ᠨᠡᠭᠡᠭᠡᠨ᠎ᠡ᠃    ᠪᠢᠳᠡ ᠣᠳᠣ ᠲᠤᠩ ᠰᠠᠶᠢᠨ᠂ ᠡᠪᠦᠯ ᠪᠠᠰᠠ ᠦᠨᠡᠰᠦ ᠤᠬᠤᠵᠤ᠂ ᠵᠤᠤᠬ᠎ᠠ ᠪᠠᠷᠢᠬᠤ ᠴᠢᠬᠤᠯᠠ ᠦᠭᠡᠢ᠂ ᠵᠣᠷᠯᠣᠩ ᠳᠤ ᠣᠷᠣᠬᠤ ᠳᠤ ᠪᠠᠰᠠ ᠳᠥᠭᠦᠮ᠂ ᠪᠢᠳᠡ ᠪᠦᠷ ᠲᠤᠩ ᠰᠠᠶᠢᠨ᠃ ᠤᠯᠤᠰ ᠣᠷᠣᠨ ᠤ ︵ᠤᠯᠤᠰ︶ ᠡᠨᠡ ᠨᠢ ᠶᠠᠭᠤ ᠣᠯᠳᠠᠬᠤ ᠳᠤ ᠴᠤ ᠲᠣᠬᠢᠷᠠᠮᠵᠢᠲᠠᠢ ᠪᠣᠯᠵᠠᠢ᠂ ᠴᠣᠩᠬᠤᠨ ᠳᠡᠭᠡᠷ᠎ᠡ ᠴᠤ ᠶᠡᠭᠡ ᠠᠮᠢᠰᠬᠤᠭ᠎ᠠ ᠠᠪᠬᠤ ᠦᠭᠡᠢ ᠪᠣᠯ ᠬᠥᠯᠳᠡᠬᠦ ᠦᠭᠡᠢ᠃ ᠬᠠᠷᠠᠩᠬᠤᠢ ᠰᠥᠨᠢ ᠶᠢᠨ ᠵᠠᠮ ᠤᠨ ᠳ᠋ᠧᠩ ᠴᠢᠴᠠᠭ᠎ᠠ ᠠᠯᠳᠠᠳᠠᠭ ᠪᠣᠯᠬᠤᠷ ᠬᠥᠮᠥᠰ ᠡᠳᠦᠷ ᠰᠢᠭ ᠭᠠᠳᠠᠭᠰᠢ ᠭᠠᠷᠴᠠᠢ ᠃ ᠠᠭᠤᠳᠠᠮ ᠲᠠᠯᠠᠪᠠᠢ ︵ᠪᠠᠰᠠ︶ ᠴᠡᠪᠡᠷ ᠥᠨᠳᠡᠭᠡ ᠲᠠᠢ ᠨᠢ ᠲᠣᠩ ᠰᠠᠢᠨ᠂ ᠪᠢᠳᠡ ᠣᠳᠣ ᠪᠦᠷ ᠲᠣᠩ ᠬᠡᠢᠰᠪᠦᠷᠢ ᠦᠭᠡᠢ ᠪᠣᠯᠣᠨ᠎ᠠ᠃    ᠯᠢ ᠲᠤᠸᠠᠨ ᠶᠤᠸᠠᠨ ᠨᠠᠰᠤᠲᠠᠨ ᠤ ᠡᠳ᠋ᠯᠡᠬᠦ ᠵᠣᠯ ᠵᠢᠷᠭᠠᠯ ᠤᠨ ᠣᠷᠴᠢᠨ ᠲᠣᠭᠤᠷᠢᠨ ᠨᠢ ᠪᠦᠬᠦ ᠰᠢᠶᠠᠨ ᠤ ᠬᠠᠷᠢᠯᠴᠠᠨ ᠬᠠᠪᠰᠤᠷᠤᠯᠴᠠᠬᠤ ᠵᠣᠯ ᠵᠢᠷᠭᠠᠯ ᠤᠨ ᠬᠦᠷᠢᠶᠡᠯᠡᠩ ᠤᠨ ︽ᠭᠤᠷᠪᠠ ᠶᠢ ᠵᠠᠰᠠᠵᠤ ᠭᠤᠷᠪᠠ ᠶᠢ ᠥᠭᠡᠷᠡᠴᠢᠯᠡᠬᠦ︾ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠬᠡᠷᠡᠭᠵᠢᠭᠦᠯᠬᠦ ᠠᠴᠠ ᠰᠠᠯᠵᠤ ᠴᠢᠳᠠᠬᠤ ᠦᠭᠡᠢ ᠶᠤᠮ᠃ ᠰᠢᠨ᠎ᠡ ᠴᠠᠭ ᠦᠶ᠎ᠡ ᠶᠢᠨ ᠳᠣᠤᠷᠠᠬᠢ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠡᠷᠡᠭᠴᠡᠭᠡ ᠳᠤ ᠵᠣᠬᠢᠴᠠᠭᠤᠯᠬᠤ ᠶᠢᠨ ᠲᠥᠯᠥᠭᠡ᠂ 2023 ᠣᠨ ᠳᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠠᠷᠠᠳ ᠤᠨ ᠶᠠᠪᠤᠳᠠᠯ ᠵᠡᠷᠭᠡ ᠰᠠᠯᠠᠭ᠎ᠠ ᠮᠥᠴᠢᠷ ᠤᠨ ᠲᠥᠷᠥᠯ ᠵᠦᠢᠯ ᠤᠨ ᠪᠠᠯᠠ ᠮᠥᠩᠭᠦ ᠶᠢ ᠪᠦᠲᠦᠮᠵᠢᠲᠡᠶ ᠠᠰᠢᠭᠯᠠᠵᠤ᠂ ᠱᠠᠩᠳᠤ ᠰᠢᠶᠠᠨ ᠢ ᠵᠣᠯ ᠵᠢᠷᠭᠠᠯ ᠤᠨ ᠬᠦᠷᠢᠶᠡᠯᠡᠩ ᠢ ᠪᠠᠶᠢᠭᠤᠯᠬᠤ ᠲᠠᠰ ᠳᠡᠪᠰᠢᠭᠰᠡᠨ ᠬᠡᠪ ᠢ ᠪᠣᠶ ᠪᠣᠯᠭᠠᠵᠤ᠂ ᠵᠣᠯ ᠵᠢᠷᠭᠠᠯ ᠤᠨ ᠬᠦᠷᠢᠶᠡᠯᠡᠩ ᠤᠨ ᠬᠡᠷ ᠪᠠᠶᠢᠰᠢᠩ ᠪᠠ ᠬᠦᠷᠢᠶ᠎ᠡ ᠬᠠᠰᠢᠶ᠎ᠠ ᠶᠢᠨ ᠣᠷᠴᠢᠨ ᠲᠣᠭᠤᠷᠢᠨ ᠢ ᠰᠡᠯᠪᠢᠨ ᠵᠠᠰᠠᠵᠤ ᠥᠭᠡᠷᠡᠴᠢᠯᠡᠬᠦ᠂ ᠣᠯᠠᠨ ᠨᠡᠶᠢᠲᠡ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠬᠦᠭᠡᠷᠦᠮᠵᠢ ᠶᠢ ᠳᠣᠭᠢᠷᠠᠭᠤᠯᠤᠨ ᠪᠠᠶᠢᠭᠤᠯᠬᠤ ᠶᠢ ᠴᠢᠩᠭᠠᠳᠬᠠᠬᠤ᠂ ᠡᠪᠳᠡᠭᠳᠡᠭᠰᠡᠨ ᠬᠡᠷ ᠪᠠᠶᠢᠰᠢᠩ᠂ ᠵᠠᠮ ᠪᠠ ᠬᠦᠷᠢᠶ᠎ᠡ ᠬᠠᠰᠢᠶ᠎ᠠ ᠶᠢ ᠰᠡᠯᠪᠢᠨ ᠵᠠᠰᠠᠬᠤ ᠭᠤᠷᠪᠠᠨ ᠵᠠᠰᠠᠯᠲᠠ ᠶᠢᠨ ᠢᠨᠵᠧᠨᠧᠷᠢᠩ ᠢ ᠡᠬᠢᠯᠡᠭᠦᠯᠬᠦ ᠶᠢᠨ ᠬᠠᠮᠲᠤ ᠤᠰᠤ ᠪᠠᠷ ᠤᠬᠢᠶᠠᠬᠤ ᠵᠣᠷᠯᠣᠩ᠂ ᠴᠡᠪᠡᠷ ᠡᠨᠧᠷᠭᠢ ᠪᠠᠷ ᠢᠯᠴᠢ ᠬᠠᠩᠭᠠᠬᠤ᠂ ᠨᠠᠰᠤᠲᠠᠨ ᠳᠤ ᠳᠣᠭᠢᠷᠠᠬᠤ ᠥᠭᠡᠷᠡᠴᠢᠯᠡᠯᠲᠡ ᠶᠢᠨ ᠭᠤᠷᠪᠠ ᠶᠢ ᠥᠭᠡᠷᠡᠴᠢᠯᠡᠬᠦ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠳᠥᠯᠭᠢᠨ ᠠᠬᠢᠭᠤᠯᠪᠠ᠃ ᠡᠭᠦᠨ ᠤ ᠬᠠᠮᠲᠤ ︽ᠭᠤᠷᠪᠠ ᠶᠢ ᠵᠠᠰᠠᠵᠤ ᠭᠤᠷᠪᠠ ᠶᠢ ᠥᠭᠡᠷᠡᠴᠢᠯᠡᠬᠦ︾ ᠵᠣᠯ ᠵᠢᠷᠭᠠᠯ ᠤᠨ ᠬᠦᠷᠢᠶᠡᠯᠡᠩ ᠳᠤ ᠲᠦᠰᠢᠭᠯᠡᠨ ᠰᠢᠶᠠᠩ ᠪᠠᠯᠭᠠᠰᠤᠨ ᠤ ᠱᠠᠲᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠢ ᠥᠭᠡᠷᠡᠴᠢᠯᠡᠵᠦ ᠥᠷᠭᠡᠳᠬᠡᠨ ᠪᠠᠶᠢᠭᠤᠯᠪᠠ᠃ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠨᠢ ᠦᠢᠯᠡᠴᠢᠯᠡᠭᠡᠨ ᠤ ᠣᠷᠣᠨ ᠪᠦᠰᠡᠵᠢᠯᠲᠡ᠂ ᠬᠠᠮᠢᠶᠠᠷᠤᠯᠲᠠ ᠶᠢ ᠨᠢᠭᠡ ᠴᠣᠭᠴᠠᠵᠢᠭᠤᠯᠬᠤ᠂ ᠡᠵᠡᠩᠨᠡᠯᠲᠡ ᠶᠢᠨ ᠨᠡᠶᠢᠭᠡᠮᠴᠢᠯᠡᠯᠲᠡ᠂ ᠰᠢᠰᠲ᠋ᠧᠮᠵᠢ ᠶᠢᠨ ᠪᠠᠷᠢᠮᠵᠢᠶᠠᠵᠢᠭᠤᠯᠤᠯᠲᠠ᠂ ᠡᠮᠴᠢᠯᠡᠭᠡᠨ ᠤ ᠢᠳᠡᠭᠡᠨ ᠤ ᠲᠦᠭᠡᠮᠡᠯᠵᠢᠯᠲᠡ ᠶᠢ ᠪᠠᠷᠢᠮᠲᠠᠯᠠᠵᠤ᠂ ᠨᠠᠰᠤᠲᠠᠶᠢᠴᠤᠳ ᠲᠤ ᠪᠥᠬᠦ ᠲᠠᠯ᠎ᠠ ᠶᠢᠨ ᠦᠢᠯᠡᠴᠢᠯᠡᠭᠡ ᠬᠠᠩᠭᠠᠨ᠎ᠠ᠃    ︵ᠰᠠᠨ ᠳ᠋ᠠ ᠴᠢᠩ︶ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠨᠢ ᠵᠣᠯ ᠵᠢᠷᠭᠠᠯ ᠤᠨ ᠬᠦᠷᠢᠶᠡᠯᠡᠩ ᠳᠤ ᠲᠦᠰᠢᠭᠯᠡᠨ ᠥᠷᠭᠡᠳᠬᠡᠨ ᠪᠠᠶᠢᠭᠤᠯᠤᠭᠰᠠᠨ ᠤ ᠳᠠᠷᠠᠭ᠎ᠠ᠂ ᠨᠠᠰᠤᠲᠠᠶᠢᠴᠤᠳ ᠲᠤ ᠠᠮᠢᠳᠤᠷᠠᠯ ᠤᠨ ᠲᠥᠬᠦᠮ ᠦᠵᠡᠭᠦᠯᠦᠭᠰᠡᠨ ᠢᠶᠠᠷ ᠪᠠᠷᠠᠬᠤ ᠥᠬᠡᠶ᠂ ᠪᠠᠰᠠ ᠨᠠᠰᠤᠲᠠᠶᠢᠴᠤᠳ ᠤᠨ ᠰᠣᠶᠣᠯ ᠪᠡᠶ᠎ᠡ ᠶᠢᠨ ᠲᠠᠮᠢᠷ ᠵᠤᠭ᠎ᠠ ᠴᠡᠩᠭᠡᠯ ᠤᠨ ᠲᠠᠯ᠎ᠠ ᠪᠠᠷ ᠬᠢ ᠦᠢᠯᠡᠴᠢᠯᠡᠭᠡ ᠶᠢ ᠴᠢᠩᠭᠠᠳᠬᠠᠵᠤ᠂ ᠨᠠᠰᠤᠲᠠᠶᠢᠴᠤᠳ ᠤᠨ ᠵᠣᠯ ᠵᠢᠷᠭᠠᠯᠲᠤ ᠲᠥᠷᠥᠭᠳᠡᠯ ᠢ ᠪᠦᠲᠦᠮᠵᠢᠲᠡᠶ ᠳᠡᠭᠡᠭᠰᠢᠯᠡᠭᠦᠯᠦᠭᠰᠡᠨ ᠤ ᠬᠠᠮᠲᠤ ᠪᠠᠰᠠ ᠨᠠᠰᠤᠲᠠᠶᠢᠴᠤᠳ ᠲᠤ ᠣᠷᠣᠵᠤ ᠰᠠᠭᠤᠭᠰᠠᠨ ᠵᠣᠯ ᠵᠢᠷᠭᠠᠯ ᠤᠨ ᠵᠢᠭᠠᠯᠲᠠ ᠲᠤᠭ᠎ᠠ ᠶᠢ ᠳᠡᠭᠡᠭᠰᠢᠯᠡᠭᠦᠯᠦᠭᠰᠡᠨ ᠪᠠᠶᠢᠨ᠎ᠠ᠃    ᠣᠲᠣ ᠪᠣᠯᠲᠠᠯ᠎ᠠ᠂ ᠪᠥᠬᠦ ᠰᠢᠶᠠᠨ ᠢᠶᠠᠷ ᠢᠶᠠᠨ ᠨᠡᠶᠢᠲᠡ 1654 ᠲᠦᠮᠡᠨ ᠲᠥᠭᠦᠷᠢᠭ ᠤᠨ ᠪᠠᠯᠠ ᠮᠥᠩᠭᠦ ᠶᠢ ᠡᠮᠬᠢᠯᠡᠨ ᠨᠡᠶᠢᠯᠡᠭᠦᠯᠵᠦ᠂ ᠬᠠᠷᠢᠯᠴᠠᠨ ᠬᠠᠪᠰᠤᠷᠤᠯᠴᠠᠬᠤ ᠵᠣᠯ ᠵᠢᠷᠭᠠᠯ ᠤᠨ ᠬᠦᠷᠢᠶᠡᠯᠡᠩ ᠤᠨ ︽ᠭᠤᠷᠪᠠ ᠶᠢ ᠵᠠᠰᠠᠵᠤ ᠭᠤᠷᠪᠠ ᠶᠢ ᠥᠭᠡᠷᠡᠴᠢᠯᠡᠬᠦ︾ ᠶᠢ 10 ᠪᠡᠶᠡᠯᠡᠭᠦᠯᠵᠦ᠂ 1431 ᠲᠠᠷᠢᠶᠠᠴᠢᠨ ᠡᠷᠦᠬᠡ ᠳᠤ ᠬᠤᠯᠪᠣᠭᠳᠠᠵᠤ᠂ ᠡᠭᠦᠨ ᠳᠤ ᠵᠣᠯ ᠵᠢᠷᠭᠠᠯ ᠤᠨ ᠬᠦᠷᠢᠶᠡᠯᠡᠩ ᠳᠤ ᠲᠦᠰᠢᠭᠯᠡᠨ ᠥᠭᠡᠷᠡᠴᠢᠯᠡᠵᠦ ᠥᠷᠭᠡᠳᠬᠡᠨ ᠪᠠᠶᠢᠭᠤᠯᠤᠭᠰᠠᠨ ᠨᠠᠰᠤᠵᠢᠯ ᠤᠨ ᠦᠢᠯᠡᠴᠢᠯᠡᠭᠡᠨ ᠤ ᠲᠥᠪ 6 ᠪᠣᠶ᠃ ︽ᠭᠤᠷᠪᠠ ᠶᠢ ᠵᠠᠰᠠᠵᠤ ᠭᠤᠷᠪᠠ ᠶᠢ ᠥᠭᠡᠷᠡᠴᠢᠯᠡᠬᠦ︾ ᠶᠢᠨ ᠢᠨᠵᠧᠨᠧᠷᠢᠩ ᠢ ᠬᠡᠷᠡᠭᠵᠢᠭᠦᠯᠦᠭᠰᠡᠨ ᠨᠢ ᠵᠣᠯ ᠵᠢᠷᠭᠠᠯ ᠤᠨ ᠬᠦᠷᠢᠶᠡᠯᠡᠩ ᠤᠨ ᠰᠠᠭᠤᠷᠢ ᠲᠥᠬᠦᠭᠡᠷᠦᠮᠵᠢ ᠪᠠ ᠪᠦᠬᠦᠯᠢ ᠴᠣᠭᠴᠠ ᠶᠢᠨ ᠳᠦᠷᠰᠦ ᠪᠠᠶᠢᠳᠠᠯ ᠢ ᠶᠡᠭᠡ ᠪᠠᠷ ᠬᠤᠪᠢᠷᠠᠭᠤᠯᠵᠠᠶ᠃ ᠰᠢᠶᠠᠩ ᠪᠠᠯᠭᠠᠰᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠨᠢ ᠨᠠᠰᠤᠲᠠᠶᠢᠴᠤᠳ ᠤᠨ ᠲᠤᠬᠠᠢ ᠶᠢᠨ ᠭᠠᠵᠠᠷ ᠤᠨ ᠣᠶᠢᠷ᠎ᠠ ᠬᠠᠪᠢ ᠳᠠᠭᠠᠨ ᠪᠠᠶᠢᠬᠤ ᠨᠠᠰᠤᠵᠢᠯ ᠤᠨ ᠠᠰᠠᠷᠠᠮᠵᠢ ᠶᠢᠨ ᠣᠶᠢᠯᠠᠭᠠᠭᠳᠠᠬᠤᠨ ᠲᠠᠢ ᠨᠡᠶᠢᠴᠡᠭᠰᠡᠨ ᠪᠥᠭᠡᠳ ᠪᠠᠰᠠ ᠨᠠᠰᠤᠲᠠᠶᠢᠴᠤᠳ ᠤᠨ ᠣᠷᠣᠯᠭ᠎ᠠ ᠪᠠᠭ᠎ᠠ ᠠᠴᠠ ᠪᠣᠯᠵᠤ ᠵᠣᠭᠤᠰ ᠦᠭᠡᠢ ᠨᠠᠰᠤᠵᠢᠯ ᠤᠨ ᠠᠰᠠᠷᠠᠮᠵᠢ ᠶᠢᠨ ᠠᠰᠠᠭᠤᠳᠠᠯ ᠢ ᠰᠢᠢᠳᠪᠦᠷᠢᠯᠡᠭᠰᠡᠨ ᠪᠠᠶᠢᠨ᠎ᠠ᠃    ᠳᠠᠷᠠᠭᠠᠴᠢ ᠶᠢᠨ ᠠᠯᠬᠤᠮ ᠳᠤ᠂ ᠱᠠᠩᠳᠤ ᠰᠢᠶᠠᠨ ᠦᠷᠭᠦᠯᠵᠢᠯᠡᠨ ᠪᠣᠳᠠᠲᠠᠢ ᠳᠤ ᠰᠠᠭᠤᠷᠢᠯᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠪᠣᠯᠤᠨ ᠵᠣᠯ ᠵᠢᠷᠭᠠᠯ ᠤᠨ ᠬᠦᠷᠢᠶᠡᠯᠡᠩ ᠤᠨ ᠬᠠᠮᠢᠶᠠᠷᠤᠯᠲᠠ ᠠᠵᠢᠯᠯᠠᠭᠠᠨ ᠤ ᠵᠠᠭᠪᠤᠷ ᠤᠨ ᠰᠢᠨ᠎ᠡ ᠶᠢ ᠡᠭᠦᠳᠴᠦ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ᠂ ᠵᠣᠯ ᠵᠢᠷᠭᠠᠯ ᠤᠨ ᠬᠦᠷᠢᠶᠡᠯᠡᠩ ᠤᠨ ᠡᠮᠬᠢ ᠳᠢᠭᠯᠢᠮ ᠲᠠᠢ ᠡᠷᠡᠭᠦᠯ ᠢᠶᠠᠷ ᠬᠥᠭᠵᠢᠬᠦ ᠶᠢ ᠠᠬᠢᠭᠤᠯᠵᠤ ᠂ ᠨᠡᠩ ᠤᠯᠠᠨ ᠬᠥᠳᠡᠭᠡ ᠲᠣᠰᠬᠤᠨ ᠤ ᠨᠠᠰᠤᠲᠠᠶᠢᠴᠤᠳ ᠤᠨ ᠨᠠᠰᠤᠵᠢᠯ ᠤᠨ ᠠᠰᠠᠷᠠᠮᠵᠢ ᠶᠢ ᠲᠣᠰᠬᠤᠨ ᠠᠴᠠ ᠭᠠᠷᠭᠠᠬᠤ ᠦᠭᠡᠢ᠂ ᠵᠣᠯ ᠵᠢᠷᠭᠠᠯ ᠲᠠᠢ ᠥᠲᠡᠯᠦᠭᠡ ᠨᠠᠰᠤ ᠪᠠᠨ ᠡᠳ᠋ᠯᠡᠭᠦᠯᠦᠨ᠎ᠡ᠃
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2