ᠲᠦᠷ ᠴᠠᠭ ᠬᠡᠷᠡᠭᠯᠡᠬᠦ ᠭᠠᠵᠠᠷ ᠢ ᠬᠢᠨᠠᠨ ᠵᠦᠪᠰᠢᠶᠡᠷᠡᠬᠦ ︵ᠰᠢᠶᠠᠨ ᠤ ᠱᠠᠲᠤᠨ ᠤ ᠡᠷᠬᠡ ᠮᠡᠳᠡᠯ︶
ᠨᠡᠶᠢᠲᠡᠯᠡᠭᠰᠡᠨ ᠴᠠᠭ᠄
2024/12/13
    ᠵᠠᠰᠠᠭ ᠵᠠᠬᠢᠷᠭᠠᠨ ᠤ ᠵᠦᠪᠰᠢᠶᠡᠷᠡᠯ ᠦᠭᠬᠦ ᠨᠦᠬᠦᠴᠡᠯ    ︵1. ᠲᠦᠷ ᠴᠠᠭ ᠬᠡᠷᠡᠭᠯᠡᠬᠦ ᠭᠠᠵᠠᠷ ᠭᠡᠳᠡᠭ ᠪᠣᠯ ᠪᠦᠲᠦᠭᠡᠨ ᠪᠠᠢᠭᠤᠯᠤᠯᠲᠠ ᠶᠢᠨ ᠲᠥᠷᠥᠯ ᠵᠦᠢᠯ ᠤᠨ ᠪᠠᠷᠢᠯᠭ᠎ᠠ ᠪᠠᠷᠢᠬᠤ᠂ ᠭᠠᠵᠠᠷ ᠱᠢᠨᠵᠢᠯᠡᠭᠡᠨ ᠤ ᠬᠠᠢᠨ ᠪᠠᠢᠴᠠᠭᠠᠯᠲᠠ ᠵᠡᠷᠭᠡ ᠲᠦᠷ ᠴᠠᠭ ᠬᠡᠷᠡᠭᠯᠡᠬᠦ᠂ ᠡᠭᠦᠷᠢᠳᠡ ᠶᠢᠨ ᠴᠢᠨᠠᠷᠲᠠᠢ ᠪᠠᠷᠢᠯᠭ᠎ᠠ ︵ᠪᠠᠢᠭᠤᠯᠬᠤ︶ ᠪᠠᠷᠢᠯᠭ᠎ᠠ ᠪᠠᠢᠭᠤᠯᠬᠤ ᠦᠭᠡᠢ᠂ ᠬᠡᠷᠡᠭᠯᠡᠭᠰᠡᠨ ᠤ ᠳᠠᠷᠠᠭ᠎ᠠ ᠰᠡᠷᠭᠦᠭᠡᠵᠦ ᠪᠣᠯᠬᠤ ᠭᠠᠵᠠᠷ ᠱᠢᠷᠣᠢ ︵ᠳᠠᠬᠢᠨ ᠬᠠᠭᠠᠯᠪᠤᠷᠢᠯᠠᠬᠤ ᠪᠠᠷ ᠳᠠᠮᠵᠢᠨ ᠤᠤᠯ ᠤᠨ ᠭᠠᠵᠠᠷ ᠤᠨ ᠲᠥᠷᠥᠯ ᠢᠶᠠᠨ ᠰᠡᠷᠭᠦᠭᠡᠵᠦ ᠪᠣᠯᠬᠤ ᠪᠤᠶᠤ ᠠᠱᠢᠭᠯᠠᠵᠤ ᠪᠣᠯᠬᠤ ᠪᠠᠢᠳᠠᠯ ᠳᠤ ᠣᠷᠣᠬᠤ ᠶᠢ ᠵᠢᠭᠠᠵᠤ ᠪᠣᠢ︶ ︽ᠵᠠ︾ ᠭᠡᠳ ᠲᠦᠷ ᠴᠠᠭ ᠤᠨ ᠬᠡᠷᠡᠭᠯᠡᠬᠦ ᠭᠠᠵᠠᠷ ᠤᠨ ᠬᠡᠪᠴᠢᠶ᠎ᠡ᠄    ︵ᠨᠢᠭᠡ᠂ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠪᠠᠷᠢᠯᠭ᠎ᠠ ᠶᠢᠨ ᠶᠠᠪᠤᠴᠠ ᠳᠤ ᠪᠦᠳᠦᠭᠡᠨ ᠪᠠᠶᠢᠭᠤᠯᠤᠭᠰᠠᠨ ᠪᠠᠷᠢᠯᠭ᠎ᠠ ᠶᠢᠨ ᠠᠵᠢᠯ ᠤᠨ ᠶᠠᠪᠤᠴᠠ ᠳᠤ ᠪᠦᠳᠦᠭᠡᠨ ᠪᠠᠶᠢᠭᠤᠯᠤᠭᠰᠠᠨ ᠪᠠᠷᠢᠯᠭ᠎ᠠ ᠶᠢᠨ ᠠᠵᠢᠯ ᠤᠨ ᠭᠡᠷ ᠪᠠ ᠠᠮᠢᠳᠤᠷᠠᠯ ᠳᠤ ᠰᠢᠭᠤᠳ ᠦᠢᠯᠡᠴᠢᠯᠡᠬᠦ ᠭᠡᠷ ᠪᠠᠶᠢᠰᠢᠩ ᠡᠬᠦᠨ ᠳᠤ ᠲᠦᠷ ᠴᠠᠭ ᠤᠨ ᠠᠯᠪᠠᠯᠠᠬᠤ ᠭᠡᠷ ᠪᠠᠶᠢᠰᠢᠩ᠂ ᠠᠮᠢᠳᠤᠷᠠᠯ ᠳᠤ ᠬᠡᠷᠡᠭᠯᠡᠬᠦ ᠭᠡᠷ ᠪᠠᠶᠢᠰᠢᠩ᠂ ᠬᠦᠯᠡᠮᠵᠢ ᠵᠡᠷᠭᠡ ᠳᠤ ᠰᠢᠭᠤᠳ ᠦᠢᠯᠡᠴᠢᠯᠡᠬᠦ ᠭᠠᠵᠠᠷ ᠰᠢᠷᠤᠢ ᠪᠠᠭᠳᠠᠨ᠎ᠠ︔ ᠪᠠᠷᠢᠯᠭ᠎ᠠ ᠶᠢᠨ ᠠᠵᠢᠯ ᠤᠨ ᠲᠦᠷᠦᠯ ᠵᠦᠢᠯ ᠳᠤ ᠦᠪᠡᠷ ᠢᠶᠠᠨ ᠬᠡᠷᠡᠭᠯᠡᠬᠦ ᠲᠤᠰᠠᠯᠠᠬᠤ ᠪᠠᠷᠢᠯᠭ᠎ᠠ ᠪᠠᠭᠳᠠᠨ᠎ᠠ︔ ᠡᠭᠦᠨ ᠳᠤ ᠲᠠᠷᠢᠶᠠᠯᠠᠩ ᠳᠤ ᠬᠡᠷᠡᠭᠯᠡᠬᠦ ᠭᠠᠵᠠᠷ ᠤᠨ ᠬᠦᠷᠦᠰᠦ ᠶᠢ ᠰᠠᠯᠭᠠᠵᠤ ᠤᠪᠤᠭᠠᠯᠠᠬᠤ ᠲᠠᠯᠠᠪᠠᠢ᠂ ᠮᠠᠲ᠋ᠧᠷᠢᠶᠠᠯ ᠤᠪᠤᠭᠠᠯᠠᠬᠤ ᠲᠠᠯᠠᠪᠠᠢ᠂ ᠨᠢᠷᠤᠭᠤ ᠶᠢᠨ ᠲᠠᠯᠠᠪᠠᠢ᠂ ᠬᠤᠯᠢᠬᠤ ᠦᠷᠳᠡᠭᠡ᠂ ᠪᠤᠯᠤᠳ ᠰᠢᠷᠪᠥᠰᠦ ᠪᠤᠯᠪᠠᠰᠤᠷᠠᠭᠤᠯᠬᠤ ᠦᠢᠯᠡᠳᠪᠦᠷᠢ᠂ ᠪᠠᠷᠢᠯᠭ᠎ᠠ ᠶᠢᠨ ᠠᠵᠢᠯ ᠤᠨ ᠵᠠᠮ᠂ ᠲᠡᠭᠡᠭᠡᠪᠦᠷᠢ ᠶᠢᠨ ᠲᠦᠭᠦᠮ ᠵᠠᠮ᠂ ᠭᠠᠵᠠᠷ ᠳᠡᠭᠡᠷᠡᠬᠢ ᠵᠠᠮ ᠱᠤᠭᠤᠮ ᠢ ᠲᠠᠳᠠᠨ ᠪᠠᠶᠢᠭᠤᠯᠬᠤ᠂ ᠭᠠᠵᠠᠷ ᠲᠤᠤᠷᠠᠬᠢ ᠬᠤᠭᠤᠯᠠᠢ ᠱᠤᠭᠤᠮ ᠢ ᠵᠠᠰᠠᠬᠤ ᠠᠵᠢᠯ ᠵᠢᠴᠢ ᠡᠨᠧᠷᠬᠢ᠂ ᠵᠠᠮ ᠬᠠᠷᠢᠯᠴᠠᠭ᠎ᠠ᠂ ᠤᠰᠤᠨ ᠠᠰᠢᠭᠯᠠᠯᠳᠠ ᠵᠡᠷᠭᠡ ᠰᠠᠭᠤᠷᠢ ᠲᠦᠬᠦᠭᠡᠷᠦᠮᠵᠢ ᠶᠢᠨ ᠲᠦᠷᠦᠯ ᠵᠦᠢᠯ ᠤᠨ ᠰᠢᠷᠤᠢ ᠠᠪᠬᠤ ᠲᠠᠯᠠᠪᠠᠢ᠂ ᠰᠢᠷᠤᠢ ︵ᠱᠠᠷᠤᠭ︶ ᠬᠠᠶᠠᠬᠤ ᠵᠡᠷᠭᠡ ᠶᠢ ᠪᠠᠭᠳᠠᠭᠠᠨ᠎ᠠ︶ ᠲᠠᠯᠠᠪᠤᠷ ᠵᠡᠷᠭᠡ ᠬᠡᠷᠡᠭᠯᠡᠬᠦ ᠭᠠᠵᠠᠷ ᠰᠢᠷᠤᠶ᠃    ︵ᠬᠤᠶᠠᠷ︶ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠪᠠᠶᠢᠴᠠᠭᠠᠬᠤ᠂ ᠪᠠᠷᠢᠯᠭ᠎ᠠ ᠶᠢᠨ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠬᠤ᠂ ᠤᠰᠤ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠵᠡᠷᠭᠡ ᠨᠢ ᠬᠠᠶᠢᠨ ᠪᠠᠶᠢᠴᠠᠭᠠᠬᠤ ᠬᠤᠭᠤᠴᠠᠭᠠᠨ ᠳᠤ ᠲᠦᠷ ᠠᠮᠢᠳᠤᠷᠠᠯ ᠳᠤ ᠬᠡᠷᠡᠭᠯᠡᠬᠦ ᠭᠡᠷ ᠪᠠᠶᠢᠰᠢᠩ᠂ ᠲᠦᠷ ᠴᠠᠭ ᠤᠨ ᠠᠵᠢᠯᠯᠠᠬᠤ ᠰᠠᠷᠠᠪᠴᠢ᠂ ᠬᠠᠶᠢᠨ ᠪᠠᠶᠢᠴᠠᠭᠠᠬᠤ ᠠᠵᠢᠯ ᠵᠢᠴᠢ ᠲᠤᠰᠠᠯᠠᠬᠤ ᠪᠠᠷᠢᠯᠭ᠎ᠠ᠂ ᠪᠠᠷᠢᠯᠭ᠎ᠠ ᠪᠠᠷᠢᠬᠤ ᠳᠤ ᠳᠥᠭᠦᠮ ᠵᠠᠮ᠂ ᠲᠡᠭᠡᠭᠡᠪᠦᠷᠢ ᠶᠢᠨ ᠳᠥᠭᠦᠮ ᠵᠠᠮ ᠵᠡᠷᠭᠡ ᠳᠤ ᠬᠡᠷᠡᠭᠯᠡᠬᠦ ᠭᠠᠵᠠᠷ ᠰᠢᠷᠣᠶ ᠳᠤ᠂ ᠡᠭᠦᠨ ᠳᠤ ᠲᠣᠰᠣ ᠬᠡᠢ ᠶᠢᠨ ᠡᠬᠢ ᠪᠠᠶᠠᠯᠢᠭ ᠢ ᠬᠠᠶᠢᠨ ᠪᠠᠶᠢᠴᠠᠭᠠᠬᠤ ᠳᠤᠮᠳᠠ ᠬᠤᠳᠳᠤᠭ ᠥᠷᠥᠮᠳᠡᠬᠦ ᠲᠠᠯᠠᠪᠠᠶ᠂ ᠲᠥᠬᠦᠷ ᠬᠤᠭᠤᠯᠠᠶ ᠤᠲᠠᠰᠤ᠂ ᠴᠠᠬᠢᠯᠭᠠᠨ ᠬᠦᠴᠦᠨ ᠤ ᠪᠡᠯᠡᠳᠬᠡᠮᠵᠢ᠂ ᠲᠠᠯᠠᠪᠠᠶ ᠳᠤ ᠣᠷᠣᠬᠤ ᠵᠠᠮ ᠵᠡᠷᠭᠡ ᠥᠷᠥᠮᠳᠡᠬᠦ ᠪᠡᠯᠡᠳᠬᠡᠮᠵᠢ ᠵᠢᠴᠢ ᠢᠵᠢ ᠪᠦᠷᠢᠳᠦᠭᠦᠯᠬᠦ ᠪᠡᠯᠡᠳᠬᠡᠮᠵᠢ ᠶᠢᠨ ᠬᠡᠷᠡᠭᠯᠡᠬᠦ ᠭᠠᠵᠠᠷ ᠰᠢᠷᠣᠶ ᠪᠠᠭᠲᠠᠨ᠎ᠠ᠃    ︵ᠭᠤᠷᠪᠠ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠲᠦᠷ ᠴᠠᠭ ᠬᠡᠷᠡᠭᠯᠡᠬᠦ ᠴᠢᠬᠤᠯᠠ ᠲᠠᠢ ᠪᠤᠰᠤᠳ ᠭᠠᠵᠠᠷ ᠰᠢᠷᠣᠢ᠃    ︵2︶ ᠲᠦᠷ ᠴᠠᠭ ᠬᠡᠷᠡᠭᠯᠡᠬᠦ ᠭᠠᠵᠠᠷ ᠲᠤ ᠦᠨᠢᠳᠡ ᠶᠢᠨ ᠦᠨᠳᠦᠰᠦᠨ ᠲᠠᠷᠢᠶᠠᠨ ᠭᠠᠵᠠᠷ ᠢ ᠦᠨᠡᠨ ᠬᠦ ᠡᠵᠡᠯᠡᠨ ᠬᠡᠷᠡᠭᠯᠡᠬᠦ ᠴᠢᠬᠤᠯᠠᠲᠠᠢ ᠪᠠᠶᠢᠪᠠᠯ᠂ ᠡᠷᠬᠡᠪᠰᠢ ᠤᠤᠯ ᠤᠨ ᠲᠠᠷᠢᠬᠤ ᠨᠥᠬᠦᠴᠡᠯ ᠢ ᠰᠡᠷᠭᠦᠭᠡᠬᠦ ᠬᠡᠷᠡᠭᠲᠡᠢ ᠪᠥᠭᠡᠳ ︽ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠬᠠᠮᠠᠭᠠᠯᠠᠬᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠮᠡᠳᠡᠭᠳᠡᠯ︾ ︵ᠪᠠᠶᠢᠭᠠᠯᠢ ᠬᠠᠤᠯᠢ ᠲᠣᠭᠲᠠᠭᠠᠯ ﹇2019﹈ 1 ᠳ᠋ᠦ᠋ᠭᠡᠷ ᠲᠣᠭᠠᠲᠤ ᠳᠤ ᠨᠡᠶᠢᠴᠡᠭᠰᠡᠨ ᠪᠠᠶᠢᠬᠤ ᠬᠡᠷᠡᠭᠲᠡᠢ︶ ᠳᠤᠮᠳᠠ ᠡᠷᠭᠦᠳᠡᠯ ᠭᠠᠷᠭᠠᠬᠤ ᠨᠥᠬᠦᠴᠡᠯ᠂ ᠬᠥᠷᠥᠰᠥ ᠰᠢᠷᠣᠢ ᠶᠢ ᠰᠠᠯᠭᠠᠬᠤ᠂ ᠳᠠᠬᠢᠨ ᠬᠠᠭᠠᠯᠪᠤᠷᠢᠯᠠᠵᠤ ᠰᠢᠯᠭᠠᠨ ᠠᠪᠬᠤ ᠵᠡᠷᠭᠡ ᠬᠠᠮᠢᠶ᠎ᠠ ᠪᠦᠬᠦᠢ ᠲᠣᠭᠲᠠᠭᠠᠯ᠃    ︵3︶ ᠭᠠᠵᠠᠷ ᠰᠢᠷᠣᠶ ᠬᠡᠷᠡᠭᠯᠡᠭᠴᠢ ᠨᠢ ᠭᠠᠵᠠᠷ ᠰᠢᠷᠣᠶ ᠶᠢᠨ ᠡᠷᠬᠡ ᠶᠢᠨ ᠬᠠᠷᠢᠶ᠎ᠠ ᠶᠢ ᠦᠨᠳᠦᠰᠦᠯᠡᠨ᠂ ᠬᠤᠯᠪᠣᠭᠳᠠᠯ ᠪᠦᠬᠦᠢ ᠪᠠᠶᠢᠭᠠᠯᠢ ᠶᠢᠨ ᠡᠬᠢ ᠪᠠᠶᠠᠯᠢᠭ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ᠂ ᠲᠣᠰᠬᠤᠨ ᠤ ᠠᠷᠠᠳ ᠤᠨ ᠵᠥᠪᠯᠡᠯ ᠯᠦᠭᠡ ᠭᠠᠵᠠᠷ ᠰᠢᠷᠣᠶ ᠶᠢ ᠲᠦᠷ ᠴᠠᠭ ᠬᠡᠷᠡᠭᠯᠡᠬᠦ ᠭᠡᠷ᠎ᠡ ᠲᠣᠭᠲᠠᠬᠤ ᠶᠢᠨ ᠬᠠᠮᠲᠤ ᠭᠡᠷ᠎ᠡ ᠳᠤ ᠪᠣᠯᠵᠣᠨ ᠲᠣᠭᠲᠠᠭᠰᠠᠨ ᠶᠣᠰᠣᠭᠠᠷ ᠭᠠᠵᠠᠷ ᠰᠢᠷᠣᠶ ᠶᠢ ᠲᠦᠷ ᠴᠠᠭ ᠬᠡᠷᠡᠭᠯᠡᠬᠦ ᠨᠥᠬᠦᠪᠥᠷᠢ ᠵᠠᠷᠤᠳᠠᠯ ᠥᠭᠬᠦ ᠬᠡᠷᠡᠭᠲᠡᠶ᠃    ︵4︶ ᠭᠠᠵᠠᠷ ᠰᠢᠷᠣᠶ ᠶᠢ ᠲᠦᠷ ᠴᠠᠭ ᠬᠡᠷᠡᠭᠯᠡᠬᠦ ᠭᠡᠷ᠎ᠡ ᠳᠤ ᠲᠦᠷ ᠴᠠᠭ ᠬᠡᠷᠡᠭᠯᠡᠬᠦ ᠭᠠᠵᠠᠷ᠂ ᠳᠥᠷᠪᠡᠨ ᠵᠠᠬ᠎ᠠ ᠶᠢᠨ ᠬᠡᠪᠴᠢᠶ᠎ᠡ᠂ ᠲᠠᠯᠠᠪᠠᠶ ᠪᠣᠯᠤᠨ ᠣᠳᠣᠬᠢ ᠪᠠᠶᠢᠳᠠᠯ ᠤᠨ ᠭᠠᠵᠠᠷ ᠤᠨ ᠲᠥᠷᠥᠯ᠂ ᠵᠢᠴᠢ ᠭᠠᠵᠠᠷ ᠰᠢᠷᠣᠶ ᠶᠢ ᠲᠦᠷ ᠴᠠᠭ ᠬᠡᠷᠡᠭᠯᠡᠬᠦ ᠬᠡᠷᠡᠭᠯᠡᠮᠵᠢ᠂ ᠬᠡᠷᠡᠭᠯᠡᠬᠦ ᠬᠤᠭᠤᠴᠠᠭ᠎ᠠ ᠬᠢᠵᠠᠭᠠᠷ᠂ ᠭᠠᠵᠠᠷ ᠰᠢᠷᠣᠶ ᠶᠢ ᠳᠠᠬᠢᠨ ᠬᠠᠭᠠᠯᠪᠤᠷᠢᠯᠠᠬᠤ ᠪᠠᠷᠢᠮᠵᠢᠶ᠎ᠠ᠂ ᠨᠥᠬᠦᠪᠥᠷᠢᠯᠡᠬᠦ ᠵᠠᠷᠤᠳᠠᠯ ᠪᠣᠯᠤᠨ ᠥᠭᠬᠦ ᠠᠷᠭ᠎ᠠ ᠮᠠᠶ᠋ᠢᠭ᠂ ᠪᠣᠯᠵᠤᠭ᠎ᠠ ᠠᠴᠠ ᠵᠥᠷᠢᠴᠡᠭᠰᠡᠨ ᠬᠠᠷᠢᠭᠤᠴᠠᠯᠭ᠎ᠠ ᠵᠡᠷᠭᠡ ᠶᠢ ᠲᠣᠳᠣᠷᠬᠠᠶᠢᠯᠠᠬᠤ ᠬᠡᠷᠡᠭᠲᠡᠶ᠃    ︵5︶ ᠬᠤᠯᠪᠣᠭᠳᠠᠯ ᠪᠦᠬᠦᠢ ᠪᠠᠶᠢᠭᠠᠯᠢ ᠶᠢᠨ ᠡᠬᠢ ᠪᠠᠶᠠᠯᠢᠭ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨᠠᠨ ᠬᠠᠷᠭᠤᠭᠤᠯᠵᠤ ᠪᠠᠲᠤᠯᠠᠭᠰᠠᠨ ᠲᠦᠷ ᠴᠠᠭ ᠤᠨ ᠬᠡᠷᠡᠭᠯᠡᠬᠦ ᠭᠠᠵᠠᠷ ᠤᠨ ᠭᠠᠵᠠᠷ ᠰᠢᠷᠣᠶ ᠶᠢ ᠳᠠᠬᠢᠨ ᠬᠠᠭᠠᠯᠪᠤᠷᠢᠯᠠᠬᠤ ᠲᠥᠰᠦᠯ ᠤᠨ ᠮᠡᠳᠡᠭᠦᠯᠦᠯᠲᠡ ᠶᠢᠨ ᠬᠦᠰᠦᠨᠦᠭᠲᠦ᠃    ︵6︶ ᠬᠠᠤᠯᠢ ᠴᠠᠭᠠᠵᠠ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢᠨ ᠲᠣᠭᠲᠠᠭᠠᠯ ᠳᠤ ᠨᠡᠶᠢᠴᠡᠬᠦ ᠪᠤᠰᠤᠳ ᠪᠠᠶᠢᠳᠠᠯ᠃    ᠪᠠᠶᠢᠷᠢᠯᠠᠭᠤᠯᠤᠭᠰᠠᠨ ᠦᠨᠳᠦᠰᠦ ᠪᠠᠷᠢᠮᠲᠠ    ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠶ ᠶᠢᠨ ᠬᠠᠮᠢᠶᠠᠷᠤᠯᠲᠠ ᠶᠢᠨ ᠬᠠᠤᠯᠢ︾ ᠶᠢᠨ ᠲᠠᠪᠢᠨ ᠳᠣᠯᠣᠳᠤᠭᠠᠷ ᠵᠦᠢᠯ    ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠷᠢᠯᠭ᠎ᠠ ᠪᠠᠷᠢᠬᠤ ᠪᠠ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠬᠢᠬᠦ ᠳᠤ ᠤᠯᠤᠰ ᠤᠨ ᠥᠮᠴᠢᠯᠡᠯᠲᠦ ᠭᠠᠵᠠᠷ ᠰᠢᠷᠣᠶ ᠪᠤᠶᠤ ᠲᠠᠷᠢᠶᠠᠴᠢᠳ ᠤᠨ ᠬᠠᠮᠲᠤ ᠶᠢᠨ ᠥᠮᠴᠢᠯᠡᠯ ᠤᠨ ᠭᠠᠵᠠᠷ ᠰᠢᠷᠣᠶ ᠶᠢ ᠲᠦᠷ ᠴᠠᠭ ᠬᠡᠷᠡᠭᠯᠡᠬᠦ ᠴᠢᠬᠤᠯᠠ ᠲᠠᠢ ᠪᠣᠯ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠪᠠᠶᠢᠭᠠᠯᠢ ᠶᠢᠨ ᠡᠬᠢ ᠪᠠᠶᠠᠯᠢᠭ ᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠨ᠎ᠡ᠃ ᠡᠭᠦᠨ ᠳᠤ᠂ ᠬᠤᠲᠠ ᠶᠢᠨ ᠲᠥᠯᠥᠪᠵᠢᠭᠦᠯᠭᠡ ᠶᠢᠨ ᠣᠷᠣᠨ ᠤ ᠳᠣᠲᠣᠷᠠᠬᠢ ᠲᠦᠷ ᠴᠠᠭ ᠤᠨ ᠬᠡᠷᠡᠭᠯᠡᠬᠦ ᠭᠠᠵᠠᠷ ᠨᠢ ᠮᠡᠳᠡᠭᠦᠯᠦᠨ ᠵᠥᠪᠰᠢᠶᠡᠷᠡᠭᠦᠯᠬᠦ ᠠᠴᠠ ᠡᠮᠦᠨ᠎ᠡ᠂ ᠤᠷᠢᠳᠠᠪᠠᠷ ᠬᠤᠯᠪᠣᠭᠳᠠᠯ ᠪᠦᠬᠦᠢ ᠬᠤᠲᠠ ᠶᠢᠨ ᠲᠥᠯᠥᠪᠵᠢᠭᠦᠯᠭᠡ ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠬᠦ ᠬᠡᠷᠡᠭᠲᠡᠶ᠃ ᠭᠠᠵᠠᠷ ᠰᠢᠷᠣᠶ ᠬᠡᠷᠡᠭᠯᠡᠭᠴᠢ ᠨᠢ ᠭᠠᠵᠠᠷ ᠰᠢᠷᠣᠶ ᠶᠢᠨ ᠡᠷᠬᠡ ᠶᠢᠨ ᠬᠠᠷᠢᠶ᠎ᠠ ᠶᠢ ᠦᠨᠳᠦᠰᠦᠯᠡᠨ᠂ ᠬᠤᠯᠪᠣᠭᠳᠠᠯ ᠪᠦᠬᠦᠢ ᠪᠠᠶᠢᠭᠠᠯᠢ ᠶᠢᠨ ᠡᠬᠢ ᠪᠠᠶᠠᠯᠢᠭ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ᠂ ᠲᠣᠰᠬᠤᠨ ᠤ ᠠᠷᠠᠳ ᠤᠨ ᠵᠥᠪᠯᠡᠯ ᠯᠦᠭᠡ ᠭᠠᠵᠠᠷ ᠰᠢᠷᠣᠶ ᠶᠢ ᠲᠦᠷ ᠴᠠᠭ ᠬᠡᠷᠡᠭᠯᠡᠬᠦ ᠭᠡᠷ᠎ᠡ ᠲᠣᠭᠲᠠᠬᠤ ᠶᠢᠨ ᠬᠠᠮᠲᠤ ᠭᠡᠷ᠎ᠡ ᠳᠤ ᠪᠣᠯᠵᠣᠨ ᠲᠣᠭᠲᠠᠭᠰᠠᠨ ᠶᠣᠰᠣᠭᠠᠷ ᠭᠠᠵᠠᠷ ᠰᠢᠷᠣᠶ ᠶᠢ ᠲᠦᠷ ᠴᠠᠭ ᠬᠡᠷᠡᠭᠯᠡᠬᠦ ᠨᠥᠬᠦᠪᠥᠷᠢ ᠵᠠᠷᠤᠳᠠᠯ ᠥᠭᠬᠦ ᠬᠡᠷᠡᠭᠲᠡᠶ᠃ ᠭᠠᠵᠠᠷ ᠰᠢᠷᠣᠶ ᠶᠢ ᠲᠦᠷ ᠴᠠᠭ ᠬᠡᠷᠡᠭᠯᠡᠬᠦ ᠬᠡᠷᠡᠭᠯᠡᠭᠴᠢ ᠭᠠᠵᠠᠷ ᠰᠢᠷᠣᠶ ᠶᠢ ᠲᠦᠷ ᠴᠠᠭ ᠬᠡᠷᠡᠭᠯᠡᠬᠦ ᠭᠡᠷ᠎ᠡ ᠳᠤ ᠪᠣᠯᠵᠣᠨ ᠲᠣᠭᠲᠠᠭᠰᠠᠨ ᠬᠡᠷᠡᠭᠯᠡᠭᠡᠨ ᠤ ᠶᠣᠰᠣᠭᠠᠷ ᠭᠠᠵᠠᠷ ᠰᠢᠷᠣᠶ ᠶᠢ ᠬᠡᠷᠡᠭᠯᠡᠬᠦ ᠬᠡᠷᠡᠭᠲᠡᠶ᠂ ᠥᠨᠢᠳᠡ ᠶᠢᠨ ᠴᠢᠨᠠᠷᠲᠠᠶ ᠪᠠᠷᠢᠯᠭ᠎ᠠ ᠪᠠᠶᠢᠭᠤᠯᠵᠤ ᠪᠣᠯᠬᠤ ᠦᠭᠡᠶ᠃ ᠭᠠᠵᠠᠷ ᠰᠢᠷᠣᠢ ᠶᠢ ᠲᠦᠷᠢ ᠬᠡᠷᠡᠭᠯᠡᠬᠦ ᠬᠤᠭᠤᠴᠠᠭ᠎ᠠ ᠶᠢ ᠡᠩ ᠤᠨ ᠪᠠᠶᠢᠳᠠᠯ ᠳᠤ 2 ᠵᠢᠯ ᠠᠴᠠ ᠬᠡᠲᠦᠷᠡᠭᠦᠯᠵᠦ ᠪᠣᠯᠬᠤ ‍ᠦᠭᠡᠢ᠃    ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠶ ᠶᠢᠨ ᠬᠠᠮᠢᠶᠠᠷᠤᠯᠲᠠ ᠶᠢᠨ ᠬᠠᠤᠯᠢ ᠶᠢ ᠬᠡᠷᠡᠭᠵᠢᠭᠦᠯᠬᠦ ᠳᠦᠷᠢᠮ︾ ᠤᠨ ᠬᠤᠷᠢᠳᠤᠭᠠᠷ ᠵᠦᠢᠯ    ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠷᠢᠯᠭ᠎ᠠ ᠪᠠᠷᠢᠬᠤ᠂ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠬᠢᠬᠦ ᠳᠤ ᠭᠠᠵᠠᠷ ᠰᠢᠷᠣᠶ ᠶᠢ ᠲᠦᠷ ᠴᠠᠭ ᠬᠡᠷᠡᠭᠯᠡᠬᠦ ᠴᠢᠬᠤᠯᠠ ᠲᠠᠢ ᠪᠣᠯ ᠲᠠᠷᠢᠶᠠᠨ ᠭᠠᠵᠠᠷ ᠢ ᠠᠯᠢ ᠪᠣᠯᠬᠤ ᠪᠠᠷ ᠡᠵᠡᠯᠡᠬᠦ ᠦᠭᠡᠶ ᠪᠤᠶᠤ ᠪᠠᠭ᠎ᠠ ᠡᠵᠡᠯᠡᠬᠦ ᠬᠡᠷᠡᠭᠲᠡᠶ᠃ ᠲᠦᠷ ᠴᠠᠭ ᠬᠡᠷᠡᠭᠯᠡᠬᠦ ᠭᠠᠵᠠᠷ ᠢ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠪᠠᠶᠢᠭᠠᠯᠢ ᠶᠢᠨ ᠡᠬᠢ ᠪᠠᠶᠠᠯᠢᠭ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠬᠦ ᠬᠤᠭᠤᠴᠠᠭ᠎ᠠ ᠶᠢ ᠡᠩ ᠤᠨ ᠪᠠᠶᠢᠳᠠᠯ ᠳᠤ ᠬᠤᠶᠠᠷ ᠵᠢᠯ ᠠᠴᠠ ᠬᠡᠲᠦᠷᠡᠭᠦᠯᠵᠦ ᠪᠣᠯᠬᠤ ᠥᠬᠡᠶ︔ ᠪᠦᠲᠦᠭᠡᠨ ᠪᠠᠶᠢᠭᠤᠯᠬᠤ ᠦᠶᠡᠯᠡᠯ ᠤᠨ ᠬᠤᠭᠤᠴᠠᠭ᠎ᠠ ᠨᠢ ᠨᠡᠯᠢᠶᠡᠳ ᠤᠷᠲᠤ ᠡᠨᠧᠷᠭᠢ ᠶᠢᠨ ᠰᠤᠷᠪᠤᠯᠵᠢ᠂ ᠵᠠᠮ ᠬᠠᠷᠢᠯᠴᠠᠭ᠎ᠠ᠂ ᠤᠰᠤᠨ ᠠᠰᠢᠭᠯᠠᠯᠲᠠ ᠵᠡᠷᠭᠡ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠲᠦᠷ ᠴᠠᠭ ᠤᠨ ᠬᠡᠷᠡᠭᠯᠡᠬᠦ ᠭᠠᠵᠠᠷ ᠤᠨ ᠬᠤᠭᠤᠴᠠᠭ᠎ᠠ ᠶᠢ ᠳᠥᠷᠪᠡᠨ ᠵᠢᠯ ᠠᠴᠠ ᠬᠡᠲᠦᠷᠡᠭᠦᠯᠵᠦ ᠪᠣᠯᠬᠤ ᠥᠬᠡᠶ︔ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠠᠰᠲᠠᠭᠠᠨ ᠲᠣᠭᠲᠠᠭᠠᠯ ᠲᠠᠢ ᠨᠢ ᠡᠭᠦᠨ ᠳᠤ ᠪᠠᠭᠲᠠᠬᠤ ᠥᠬᠡᠶ᠃ ᠭᠠᠵᠠᠷ ᠰᠢᠷᠣᠶ ᠬᠡᠷᠡᠭᠯᠡᠭᠴᠢ ᠲᠦᠷ ᠴᠠᠭ ᠭᠠᠵᠠᠷ ᠬᠡᠷᠡᠭᠯᠡᠬᠦ ᠬᠤᠭᠤᠴᠠᠭ᠎ᠠ ᠨᠢ ᠳᠦᠭᠦᠷᠦᠭᠰᠡᠨ ᠡᠳᠦᠷ ᠠᠴᠠ ᠡᠬᠢᠯᠡᠨ ᠨᠢᠭᠡ ᠵᠢᠯ ᠤᠨ ᠳᠣᠲᠣᠷ᠎ᠠ ᠭᠠᠵᠠᠷ ᠰᠢᠷᠣᠶ ᠶᠢ ᠳᠠᠬᠢᠨ ᠬᠠᠭᠠᠯᠪᠤᠷᠢᠯᠠᠬᠤ ᠶᠢ ᠪᠡᠶᠡᠯᠡᠭᠦᠯᠵᠦ᠂ ᠲᠡᠭᠦᠨ ᠢ ᠠᠰᠢᠭᠯᠠᠵᠤ ᠪᠣᠯᠬᠤ ᠪᠠᠶᠢᠳᠠᠯ ᠳᠤ ᠬᠦᠷᠦᠭᠦᠯᠬᠦ ᠬᠡᠷᠡᠭᠲᠡᠶ᠂ ᠡᠭᠦᠨ ᠳᠤ ᠲᠠᠷᠢᠶᠠᠨ ᠭᠠᠵᠠᠷ ᠢ ᠡᠵᠡᠯᠡᠨ ᠬᠡᠷᠡᠭᠯᠡᠭᠰᠡᠨ ᠪᠣᠯ ᠲᠠᠷᠢᠬᠤ ᠨᠥᠬᠦᠴᠡᠯ ᠢ ᠨᠢ ᠰᠡᠷᠭᠦᠭᠡᠬᠦ ᠬᠡᠷᠡᠭᠲᠡᠶ᠃    ︽ᠭᠠᠵᠠᠷ ᠰᠢᠷᠣᠢ ᠬᠡᠷᠡᠭᠯᠡᠬᠦ ᠳᠠᠯᠠᠢ ᠶᠢᠨ ᠡᠯᠧᠮᠧᠨ᠋ᠲ ᠤᠨ ᠪᠠᠲᠤᠯᠠᠭ᠎ᠠ ᠶᠢ ᠢᠳᠡᠪᠬᠢᠲᠡᠢ ᠰᠠᠶᠢᠲᠤᠷ ᠬᠢᠬᠦ ᠲᠤᠬᠠᠢ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠮᠡᠳᠡᠭᠳᠡᠯ︾ ᠤᠨ ᠠᠷᠪᠠᠳᠤᠭᠠᠷ ᠵᠦᠢᠯ    ᠭᠠᠵᠠᠷ ᠰᠢᠷᠣᠢ ᠶᠢ ᠲᠦᠷᠢ ᠠᠰᠢᠭᠯᠠᠬᠤ ᠪᠣᠳᠣᠯᠭ᠎ᠠ ᠶᠢ ᠪᠦᠬᠦ ᠮᠥᠩᠭᠦ ᠪᠠᠷ ᠬᠡᠷᠡᠭᠵᠢᠭᠦᠯᠵᠦ᠃ ᠪᠦᠲᠦᠭᠡᠨ ᠪᠠᠶᠢᠭᠤᠯᠤᠯᠲᠠ ᠶᠢᠨ ᠦᠶᠡᠯᠡᠯ ᠤᠨ ᠬᠤᠭᠤᠴᠠᠭ᠎ᠠ ᠨᠢ ᠨᠡᠯᠢᠶᠡᠳ ᠤᠷᠲᠤ ᠡᠨᠧᠷᠭᠢ᠂ ᠵᠠᠮ ᠬᠠᠷᠢᠯᠴᠠᠭ᠎ᠠ᠂ ᠤᠰᠤᠨ ᠠᠰᠢᠭᠯᠠᠯᠲᠠ ᠵᠡᠷᠭᠡ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠷᠢᠯᠭ᠎ᠠ ᠪᠠᠷᠢᠬᠤ ᠳᠤ ᠬᠡᠷᠡᠭᠯᠡᠬᠦ ᠲᠦᠷ ᠴᠠᠭ ᠤᠨ ᠬᠡᠷᠡᠭᠯᠡᠬᠦ ᠭᠠᠵᠠᠷ ᠤᠨ ᠬᠤᠭᠤᠴᠠᠭ᠎ᠠ ᠨᠢ ᠳᠥᠷᠪᠡᠨ ᠵᠢᠯ ᠠᠴᠠ ᠬᠡᠲᠦᠷᠡᠵᠦ ᠪᠣᠯᠬᠤ ᠦᠭᠡᠶ᠃ ᠲᠡᠮᠦᠷ ᠵᠠᠮ ᠤᠨ ᠪᠠᠷᠢᠯᠭ᠎ᠠ ᠶᠢᠨ ᠠᠵᠢᠯ ᠤᠨ ᠨᠢᠷᠤᠭᠤᠪᠴᠢ ᠪᠣᠯᠬᠤ ᠲᠠᠯᠠᠪᠠᠶ᠂ ᠬᠤᠯᠢᠬᠤ ᠥᠷᠲᠡᠭᠡ ᠳᠤ ᠰᠢᠭᠤᠳ ᠦᠢᠯᠡᠴᠢᠯᠡᠵᠦ᠂ ᠭᠠᠵᠠᠷ ᠰᠢᠷᠣᠶ ᠶᠢ ᠲᠦᠷ ᠴᠠᠭ ᠬᠡᠷᠡᠭᠯᠡᠬᠦ ᠴᠢᠬᠤᠯᠠᠲᠠᠶ ᠪᠠᠶᠢᠪᠠᠯ᠂ ᠲᠡᠭᠦᠨ ᠤ ᠭᠠᠵᠠᠷ ᠰᠢᠷᠣᠶ ᠶᠢ ᠳᠠᠬᠢᠨ ᠬᠠᠭᠠᠯᠪᠤᠷᠢᠯᠠᠬᠤ ᠲᠥᠰᠦᠯ ᠢ ᠨᠤᠲᠠᠯᠠᠬᠤ ᠪᠠᠷ ᠳᠡᠮᠵᠢᠨ᠂ ᠥᠮᠴᠢᠲᠡᠨ ᠤ ᠨᠢᠭᠡᠴᠡ ᠠᠮᠠᠯᠠᠯᠲᠠ ᠶᠢᠨ ᠪᠢᠴᠢᠭ ᠲᠣᠭᠲᠠᠵᠤ᠂ ᠰᠡᠷᠭᠦᠭᠡᠨ ᠬᠠᠭᠠᠯᠪᠤᠷᠢᠯᠠᠵᠤ ᠳᠠᠭᠤᠰᠬᠠᠬᠤ ᠴᠠᠭ ᠤᠨ ᠬᠢᠵᠠᠭᠠᠷ ᠪᠠ ᠰᠡᠷᠭᠦᠭᠡᠬᠦ ᠬᠠᠷᠢᠭᠤᠴᠠᠯᠭ᠎ᠠ ᠶᠢ ᠲᠣᠳᠣᠷᠬᠠᠶᠢᠯᠠᠨ᠂ ᠳᠠᠷᠢᠬᠤ ᠨᠥᠬᠦᠴᠡᠯ ᠢ ᠰᠡᠷᠭᠦᠭᠡᠵᠦ ᠳᠡᠶᠢᠯᠬᠦ ᠶᠢ ᠦᠨᠡᠨ ᠬᠦ ᠪᠠᠲᠤᠯᠠᠭᠰᠠᠨ ᠪᠠᠶᠢᠪᠠᠯ᠂ ᠲᠠᠷᠢᠶᠠᠨ ᠭᠠᠵᠠᠷ ᠢ ᠡᠵᠡᠯᠡᠨ ᠬᠡᠷᠡᠭᠯᠡᠵᠦ ᠪᠣᠯᠤᠨ᠎ᠠ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠡᠵᠡᠯᠡᠨ ᠬᠡᠷᠡᠭᠯᠡᠵᠦ ᠪᠣᠯᠬᠤ ᠥᠬᠡᠶ᠃    ︽ᠲᠦᠷ ᠴᠠᠭ ᠤᠨ ᠭᠠᠵᠠᠷ ᠬᠡᠷᠡᠭᠯᠡᠬᠦ ᠬᠠᠮᠢᠶᠠᠷᠤᠯᠲᠠ ᠶᠢ ᠵᠢᠷᠤᠮᠵᠢᠭᠤᠯᠬᠤ ᠲᠤᠬᠠᠶ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠮᠡᠳᠡᠭᠳᠡᠯ︾ ᠤᠨ ᠭᠤᠷᠪᠠᠳᠤᠭᠠᠷ ᠵᠦᠢᠯ    ᠰᠢᠶᠠᠨ ︵ᠬᠤᠲᠠ︶ ᠤ ᠪᠠᠶᠢᠭᠠᠯᠢ ᠶᠢᠨ ᠡᠬᠢ ᠪᠠᠶᠠᠯᠢᠭ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠦᠷ ᠴᠠᠭ ᠬᠡᠷᠡᠭᠯᠡᠬᠦ ᠭᠠᠵᠠᠷ ᠢ ᠬᠢᠨᠠᠨ ᠵᠥᠪᠰᠢᠶᠡᠷᠡᠬᠦ ᠶᠢ ᠬᠠᠷᠢᠭᠤᠴᠠᠵᠤ᠂ ᠡᠭᠦᠨ ᠳᠤ ᠲᠠᠷᠢᠶᠠᠨ ᠭᠠᠵᠠᠷ ᠪᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠲᠤ ᠬᠤᠯᠪᠣᠭᠳᠠᠪᠠᠯ᠂ ᠬᠤᠲᠠ ᠶᠢᠨ ᠱᠠᠲᠤ ᠪᠤᠶᠤ ᠬᠤᠲᠠ ᠶᠢᠨ ᠱᠠᠲᠤᠨ ᠠᠴᠠ ᠳᠡᠭᠡᠭᠰᠢᠬᠢ ᠪᠠᠶᠢᠭᠠᠯᠢ ᠶᠢᠨ ᠡᠬᠢ ᠪᠠᠶᠠᠯᠢᠭ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠷᠢᠭᠤᠴᠠᠨ ᠬᠢᠨᠠᠨ ᠵᠥᠪᠰᠢᠶᠡᠷᠡᠨ᠎ᠡ᠃
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2