ᠥᠪᠥᠷ ᠮᠣᠩᠭᠤᠯ ᠤᠨ ᠨᠡᠭᠡᠭᠡᠯᠲᠡᠲᠦ ᠶᠡᠭᠡ ᠰᠤᠷᠭᠠᠭᠤᠯᠢ ᠱᠠᠩᠳᠤ ᠰᠢᠶᠠᠨ ᠳᠤ ᠬᠠᠶᠢᠷ᠎ᠠ ᠬᠠᠯᠠᠮᠵᠢ ᠬᠠᠨᠳᠢᠪᠯᠠᠬᠤ ᠪᠠ ᠪᠠᠶᠢᠴᠠᠭᠠᠨ ᠰᠤᠳᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/12/14
   12 ᠰᠠᠷ᠎ᠠ ᠶᠢᠨ 17 ᠤ ᠡᠳᠦᠷ᠂ ᠥᠪᠥᠷ ᠮᠣᠩᠭᠤᠯ ᠤᠨ ᠨᠡᠭᠡᠭᠡᠯᠲᠡᠲᠦ ᠶᠡᠭᠡ ᠰᠤᠷᠭᠠᠭᠤᠯᠢ ᠶᠢᠨ ᠨᠠᠮ ᠤᠨ ᠬᠤᠷᠢᠶᠠᠨ ᠤ ᠳᠡᠳ᠋ ᠱᠦᠵᠢ᠂ ᠰᠤᠷᠭᠠᠭᠤᠯᠢ ᠶᠢᠨ ᠵᠠᠬᠢᠷᠤᠯ ᠯᠢᠦ ᠴᠦᠨ ᠨᠡᠷ ᠱᠠᠩᠳᠤ ᠰᠢᠶᠠᠨ ᠳᠤ ᠬᠦᠷᠴᠦ ᠬᠠᠶᠢᠷ᠎ᠠ ᠬᠠᠯᠠᠮᠵᠢ ᠬᠦᠷᠭᠡᠬᠦ ᠪᠠ ᠪᠠᠶᠢᠴᠠᠭᠠᠨ ᠰᠤᠳᠤᠯᠬᠤ ᠠᠵᠢᠯᠯᠠᠭ᠎ᠠ ᠥᠷᠨᠢᠭᠦᠯᠪᠡ᠃ ᠰᠢᠶᠠᠨ ᠤ ᠤᠳᠤᠷᠢᠳᠤᠯᠭ᠎ᠠ ᠸᠧᠢ ᠸᠧᠢ ᠠᠵᠢᠯᠯᠠᠭ᠎ᠠ ᠳᠤ ᠣᠷᠣᠯᠴᠠᠪᠠ᠃    ᠱᠠᠩᠳᠤ ᠰᠢᠶᠠᠨ ᠤ ᠴᠦᠨ ᠮᠢᠩ ᠪᠠᠭ᠎ᠠ ᠰᠤᠷᠭᠠᠭᠤᠯᠢ ᠳᠤ᠂ ᠯᠢᠦ ᠴᠦᠨ ᠤ ᠦᠢᠯᠡ ᠠᠵᠢᠯᠯᠠᠭ᠎ᠠ ᠶᠢᠨ ᠰᠤᠷᠤᠭᠴᠢᠳ ᠨᠠᠷᠢᠨ ᠨᠢᠮᠪᠠᠶ ᠪᠡᠯᠡᠳᠬᠡᠭᠰᠡᠨ ᠪᠡᠯᠡᠭ - ᠴᠣ ᠰᠢᠨ᠎ᠡ ᠪᠢᠴᠢᠭ ᠤᠨ ᠪᠣᠭᠴᠣ᠂ ᠰᠠᠭᠰᠤᠨ ᠪᠥᠮᠪᠦᠭᠡ ᠪᠠ ᠬᠥᠯ ᠪᠥᠮᠪᠦᠭᠡ ᠠᠪᠴᠢᠷᠠᠵᠤ᠂ ᠡᠲᠡᠭᠡᠷ ᠡᠳ᠋ ᠪᠣᠳᠠᠰ ᠨᠢ ᠬᠡᠤᠬᠡᠳ ᠤᠳ ᠲᠤ ᠬᠠᠨᠳᠤᠭᠤᠯᠤᠭᠰᠠᠨ ᠬᠠᠶᠢᠷ᠎ᠠ ᠬᠠᠯᠠᠮᠵᠢ ᠪᠠ ᠬᠦᠰᠡᠯ ᠡᠷᠡᠮᠡᠯᠵᠡᠯ ᠢ ᠠᠴᠢᠶᠠᠯᠠᠵᠤ ᠪᠣᠶ᠃ ᠲᠣᠰ ᠤᠳᠠᠭᠠᠨ ᠤ ᠬᠠᠨᠳᠢᠪᠯᠠᠯ ᠨᠢ ᠪᠣᠳᠠᠰ ᠤᠨ ᠲᠠᠯ᠎ᠠ ᠶᠢᠨ ᠳᠡᠮᠵᠢᠯᠭᠡ ᠪᠣᠯᠬᠤ ᠪᠠᠷ ᠪᠠᠷᠠᠬᠤ ᠥᠬᠡᠶ᠂ ᠨᠠᠩ ᠴᠤ ᠣᠶᠤᠨ ᠰᠠᠨᠠᠭᠠᠨ ᠤ ᠲᠠᠯ᠎ᠠ ᠪᠠᠷ ᠵᠣᠷᠢᠭᠵᠢᠭᠤᠯᠤᠯ ᠪᠣᠯᠵᠣ᠂ ᠬᠡᠦᠬᠡᠳ ᠤᠳ ᠤᠨ ᠡᠷᠳᠡᠮ ᠮᠡᠳᠡᠯᠭᠡ ᠭᠤᠶᠤᠴᠢᠯᠠᠬᠤ ᠵᠠᠮ ᠳᠡᠭᠡᠷ᠎ᠡ ᠡᠷᠡᠯᠬᠡᠭᠯᠡᠨ ᠤᠷᠤᠭᠰᠢᠯᠠᠵᠤ᠂ ᠥᠪᠡᠷ ᠤᠨ ᠬᠦᠰᠡᠯ ᠵᠡᠭᠦᠳᠦ ᠪᠠᠨ ᠬᠥᠭᠡᠭᠡᠴᠡᠯᠳᠦᠬᠦ ᠶᠢ ᠵᠣᠷᠢᠭᠵᠢᠭᠤᠯᠤᠭᠰᠠᠨ ᠪᠥᠭᠡᠳ ᠪᠠᠰᠠ ᠪᠥᠬᠦ ᠪᠠᠭᠰᠢ ᠰᠤᠷᠤᠭᠴᠢᠳ ᠲᠤ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠠᠶᠢᠷ᠎ᠠ ᠬᠠᠯᠠᠮᠵᠢ ᠶᠢ ᠮᠡᠳᠡᠷᠡᠭᠦᠯᠪᠡ᠃    ᠳᠠᠷᠠᠭ᠎ᠠ ᠨᠢ᠂ ᠯᠢᠦ ᠴᠦᠨ ᠱᠠᠩᠳᠤ ᠰᠢᠶᠠᠨ ᠤ ᠨᠠᠰᠤᠲᠠᠶᠢᠴᠤᠳ ᠤᠨ ᠶᠡᠭᠡ ᠰᠤᠷᠭᠠᠭᠤᠯᠢ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠨᠠᠰᠤᠲᠠᠶᠢᠴᠤᠳ ᠤᠨ ᠶᠡᠭᠡ ᠰᠤᠷᠭᠠᠭᠤᠯᠢ ᠶᠢᠨ ᠰᠤᠷᠭᠠᠭᠤᠯᠢ ᠡᠷᠬᠢᠯᠡᠭᠰᠡᠨ ᠪᠠᠶᠢᠳᠠᠯ᠂ ᠬᠢᠴᠢᠶᠡᠯ ᠤᠨ ᠪᠠᠶᠢᠷᠢᠯᠠᠭᠤᠯᠤᠯᠲᠠ ᠵᠢᠴᠢ ᠰᠤᠷᠤᠭᠴᠢᠳ ᠤᠨ ᠰᠤᠷᠤᠯᠭ᠎ᠠ ᠠᠮᠢᠳᠤᠷᠠᠯ ᠤᠨ ᠪᠠᠶᠢᠳᠠᠯ ᠢ ᠨᠠᠷᠢᠨ ᠣᠶᠢᠯᠠᠭᠠᠪᠠ᠃ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠬᠤ᠂ ᠪᠠᠭᠰᠢ ᠰᠤᠷᠤᠭᠴᠢᠳ ᠲᠠᠢ ᠰᠣᠯᠢᠯᠴᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠯᠢᠦ ᠴᠦᠨ ᠮᠠᠨ ᠤ ᠰᠢᠶᠠᠨ ᠤ ᠨᠠᠰᠤᠲᠠᠶᠢᠴᠤᠳ ᠤᠨ ᠶᠡᠭᠡ ᠰᠤᠷᠭᠠᠭᠤᠯᠢ ᠶᠢᠨ ᠰᠤᠷᠭᠠᠭᠤᠯᠢ ᠡᠷᠬᠢᠯᠡᠭᠰᠡᠨ ᠦᠷ᠎ᠡ ᠪᠦᠲᠦᠮᠵᠢ ᠶᠢ ᠨᠤᠲᠠᠯᠠᠬᠤ ᠶᠢᠨ ᠬᠠᠮᠲᠤ ᠨᠠᠰᠤᠲᠠᠶᠢᠴᠤᠳ ᠤᠨ ᠰᠤᠷᠭᠠᠨ ᠬᠥᠮᠦᠵᠢᠯ ᠤᠨ ᠣᠨᠴᠠᠯᠢᠭ ᠪᠠ ᠬᠡᠷᠡᠭᠴᠡᠭᠡ ᠳᠤ ᠴᠢᠭᠯᠡᠭᠦᠯᠦᠨ᠂ ᠰᠤᠷᠭᠠᠭᠤᠯᠢ ᠶᠢᠨ ᠲᠠᠯ᠎ᠠ ᠲᠠᠢ ᠬᠠᠮᠲᠤ ᠪᠠᠷ ᠢᠷᠡᠭᠡᠳᠦᠢ ᠶᠢᠨ ᠬᠥᠭᠵᠢᠯᠲᠡ ᠶᠢᠨ ᠴᠢᠭᠯᠡᠯ ᠪᠠ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠰᠤᠳᠤᠯᠤᠨ ᠶᠠᠷᠢᠯᠴᠠᠵᠤ᠂ ᠨᠠᠰᠤᠲᠠᠶᠢᠴᠤᠳ ᠤᠨ ᠰᠤᠷᠤᠭᠴᠢᠳ ᠲᠤ ᠨᠡᠩ ᠰᠢᠯᠢᠳᠡᠭ᠂ ᠡᠯᠪᠡᠭ ᠪᠠᠶᠠᠯᠢᠭ ᠰᠤᠷᠤᠯᠭ᠎ᠠ ᠶᠢᠨ ᠡᠬᠢ ᠪᠠᠶᠠᠯᠢᠭ ᠪᠠ ᠣᠶᠢᠯᠠᠭᠠᠯᠲᠠ ᠬᠠᠩᠭᠠᠵᠤ᠂ ᠲᠡᠳᠡᠨ ᠤ ᠥᠲᠡᠯᠦᠭᠡ ᠨᠠᠰᠤᠨ ᠤ ᠠᠮᠢᠳᠤᠷᠠᠯ ᠢ ᠨᠡᠩ ᠲᠡᠭᠦᠯᠳᠡᠷ ᠪᠣᠯᠭᠠᠬᠤ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃    ᠶᠠᠷᠢᠯᠴᠠᠬᠤ ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠰᠤᠷᠭᠠᠨ ᠬᠥᠮᠦᠵᠢᠯ ᠤᠨ ᠨᠡᠶᠢᠭᠡᠮ ᠳᠤ ᠦᠢᠯᠡᠴᠢᠯᠡᠬᠦ ᠰᠢᠨ᠎ᠡ ᠵᠠᠭᠪᠤᠷ᠂ ᠰᠢᠨ᠎ᠡ ᠠᠷᠭ᠎ᠠ ᠵᠠᠮ ᠢ ᠬᠠᠮᠲᠤᠪᠠᠷ ᠰᠦᠪᠡᠭᠴᠢᠯᠡᠵᠦ᠂ ᠬᠠᠮᠲᠤᠷᠠᠯᠴᠠᠭ᠎ᠠ ᠪᠠ ᠰᠢᠨ᠎ᠡ ᠶᠢ ᠡᠭᠦᠳᠬᠦ ᠪᠠᠷ ᠳᠠᠮᠵᠢᠭᠤᠯᠤᠨ᠂ ᠲᠤᠬᠠᠢ ᠶᠢᠨ ᠭᠠᠵᠠᠷ ᠤᠨ ᠪᠦᠬᠦᠯᠢ ᠴᠣᠭᠴᠠ ᠶᠢᠨ ᠰᠤᠷᠭᠠᠨ ᠬᠥᠮᠦᠵᠢᠯ ᠤᠨ ᠲᠦᠪᠰᠢᠨ ᠢ ᠳᠡᠭᠡᠭᠰᠢᠯᠡᠭᠦᠯᠵᠦ᠂ ᠰᠤᠷᠭᠠᠨ ᠬᠥᠮᠦᠵᠢᠯ ᠤᠨ ᠡᠷᠬᠡ ᠲᠡᠭᠰᠢ ᠬᠥᠭᠵᠢᠯᠲᠡ ᠶᠢ ᠠᠬᠢᠭᠤᠯᠵᠤ᠂ ᠰᠤᠷᠤᠯᠴᠠᠬᠤ ᠬᠡᠯᠪᠡᠷᠢ ᠶᠢᠨ ᠨᠡᠶᠢᠭᠡᠮ ᠢ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ᠃
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2