ᠱᠠᠩᠳᠤ ᠰᠢᠶᠠᠨ ᠬᠤᠶᠠᠳᠤᠭᠠᠷ ᠬᠤᠭᠤᠴᠠᠭᠠᠨ ᠤ ︽ᠽᠢ ᠶᠢᠩ ᠬᠤᠨᠳᠠᠭᠠᠲᠤ︾ ᠳᠤᠯᠤᠭᠠᠨ ᠬᠦᠮᠦᠨ ᠤ ᠬᠦᠯ ᠪᠦᠮᠪᠦᠭᠡ ᠶᠢᠨ ᠤᠷᠤᠯᠳᠤᠭᠠᠨ ᠡᠷᠬᠢᠯᠡᠪᠡ
ᠨᠡᠶᠢᠲᠡᠯᠡᠭᠰᠡᠨ ᠴᠠᠭ᠄
2024/12/14
   12 ᠰᠠᠷ᠎ᠠ ᠶᠢᠨ 14 ᠤ ᠡᠳᠦᠷ ᠱᠠᠩᠳᠤ ᠱᠢᠶᠠᠩ ᠬᠤᠶᠠᠳᠤᠭᠠᠷ ᠬᠤᠭᠤᠴᠠᠭᠠᠨ ᠤ ︽ᠽᠢ ᠶᠢᠩ ᠬᠤᠨᠳᠠᠭᠠᠲᠤ︾ ᠳᠣᠯᠣᠭᠠᠨ ᠬᠥᠮᠦᠨ ᠤ ᠳᠦᠷᠢᠮᠲᠦ ᠡᠷᠡᠭᠲᠡᠢ ᠶᠢᠨ ᠬᠥᠯ ᠪᠥᠮᠪᠦᠭᠡ ᠶᠢᠨ ᠤᠷᠤᠯᠳᠤᠭᠠᠨ ᠡᠷᠬᠢᠯᠡᠭᠰᠡᠨ᠃ ᠲᠤᠰ ᠤᠳᠠᠭᠠᠨ ᠤ ᠤᠷᠤᠯᠳᠤᠭᠠᠨ ᠭᠤᠷᠪᠠᠨ ᠡᠳᠦᠷ ᠶᠠᠪᠤᠭᠳᠠᠵᠤ᠂ ᠱᠠᠩᠳᠤ ᠰᠢᠶᠠᠨ ᠤ ᠬᠥᠯ ᠪᠥᠮᠪᠦᠭᠡ ᠶᠢᠨ ᠨᠡᠶᠢᠭᠡᠮᠯᠢᠭ ᠠᠴᠠ ᠭᠤᠤᠯᠯᠠᠨ ᠡᠷᠬᠢᠯᠡᠵᠦ᠂ ᠱᠠᠩᠳᠤ ᠰᠢᠶᠠᠨ ᠤ ᠨᠡᠶᠢᠳᠡᠮ ᠬᠡᠷᠡᠭᠯᠡᠬᠦ ᠪᠠᠭ᠎ᠠ ᠰᠤᠷᠭᠠᠭᠤᠯᠢ ᠬᠠᠮᠵᠢᠯᠴᠠᠨ ᠡᠷᠬᠢᠯᠡᠵᠦ᠂ ᠪᠦᠬᠦ ᠰᠢᠶᠠᠨ ᠤ ᠡᠯ᠎ᠡ ᠨᠢᠭᠡᠴᠡ᠂ ᠰᠤᠷᠭᠠᠭᠤᠯᠢ ᠵᠡᠷᠭᠡ ᠪᠠᠷ ᠪᠦᠷᠢᠯᠳᠦᠭᠰᠡᠨ ᠵᠢᠷᠭᠤᠭᠠᠨ ᠬᠥᠯ ᠪᠥᠮᠪᠦᠭᠡ ᠶᠢᠨ ᠠᠩᠭᠢ ᠤᠷᠤᠯᠳᠤᠭᠠᠨ ᠳᠤ ᠣᠷᠣᠯᠴᠠᠪᠠ᠃    ᠱᠦᠭᠯᠦ ᠦᠯᠢᠶᠡᠬᠦ ᠶᠢᠨ ᠳᠠᠭᠠᠤ ᠤᠷᠤᠯᠳᠤᠭᠠᠨ ᠵᠢᠩᠬᠢᠨᠢ ᠪᠠᠷ ᠡᠬᠢᠯᠡᠪᠡ᠃ ᠤᠷᠤᠯᠳᠤᠭᠠᠨ ᠳᠤ ᠣᠷᠣᠯᠴᠠᠭᠰᠠᠨ ᠡᠯ᠎ᠡ ᠲᠥᠯᠥᠭᠡᠯᠡᠭᠴᠢᠳ ᠤᠨ ᠠᠩᠭᠢ ᠶᠢᠨ ᠲᠠᠮᠢᠷᠴᠢᠳ ᠪᠤᠯᠢᠶᠠᠯᠳᠤᠨ ᠪᠤᠯᠢᠶᠠᠯᠳᠤᠵᠤ᠂ ᠲᠠᠰᠤᠷᠠᠯᠲᠠ ᠦᠭᠡᠢ ᠪᠠᠶᠢᠷᠢ ᠪᠤᠯᠢᠶᠠᠯᠳᠤᠵᠤ ᠂ ᠪᠤᠯᠢᠶᠠᠯᠳᠤᠨ ᠠᠪᠤᠷᠠᠵᠤ᠂ ᠭᠠᠯ ᠤᠨᠲᠠᠷᠠᠭᠠᠵᠤ᠂ ᠪᠥᠮᠪᠦᠭᠡ ᠶᠢ ᠢᠰᠬᠦᠯᠵᠦ ᠪᠠᠶᠢᠪᠠ ᠁ ᠲᠡᠳᠡ ᠨᠣᠭᠤᠭᠠᠨ ᠵᠦᠯᠭᠡ ᠲᠠᠯᠠᠪᠠᠶ ᠳᠤ ᠰᠡᠳᠬᠢᠯ ᠨᠢᠭᠡᠳᠦᠨ ᠬᠠᠮᠵᠢᠯᠴᠠᠵᠤ᠂ ᠨᠠᠷᠢᠯᠢᠭ ᠣᠨᠣᠴᠠᠲᠠᠶ ᠪᠠᠷ ᠣᠷᠳᠣ ᠬᠤᠭᠤᠴᠠᠭ᠎ᠠ ᠪᠠᠷ ᠤᠯᠠᠮᠵᠢᠯᠠᠭᠳᠠᠵᠤ᠂ ᠠᠵᠢᠯᠯᠠᠭ᠎ᠠ ᠪᠣᠯᠭᠠᠨ ᠳᠤ ᠬᠦᠴᠦᠨ ᠴᠢᠳᠠᠯ ᠪᠠ ᠭᠤᠸ᠎ᠠ ᠰᠠᠶᠢᠬᠠᠨ ᠤ ᠲᠥᠷᠥᠭᠳᠡᠯ ᠢᠶᠠᠷ ᠪᠢᠯᠬᠠᠵᠤ ᠪᠠᠶᠢᠪᠠ᠃    ᠡᠨᠡ ᠤᠳᠠᠭᠠᠨ ᠤ ᠤᠷᠤᠯᠳᠤᠭᠠᠨ ᠳᠤ ᠣᠷᠣᠯᠴᠠᠭᠰᠠᠨ ᠳᠠᠭᠠᠨ ᠲᠣᠩ ᠪᠠᠶᠠᠷᠲᠠᠢ ᠪᠠᠶᠢᠨ᠎ᠠ᠃ ᠪᠦᠮᠪᠦᠭᠡᠨ ᠲᠠᠯᠠᠪᠤᠷ ᠳᠡᠭᠡᠷ᠎ᠡ ᠣᠯᠠᠨ ᠢᠶᠠᠷ ᠢᠶᠠᠨ ᠪᠦᠮᠪᠦᠭᠡᠨ ᠡᠶᠡᠷ ᠡᠶᠡᠨ ᠨᠠᠶᠢᠵᠠ ᠪᠠᠶᠢᠭᠰᠠᠨ ᠪᠥᠭᠡᠳ᠋ ᠬᠦᠯ ᠪᠦᠮᠪᠦᠭᠡᠨ ᠬᠥᠳᠡᠯᠭᠡᠭᠡᠨ ᠤ ᠷᠢᠳᠢ ᠰᠢᠳᠢ ᠶᠢ ᠲᠠᠶᠢᠯᠪᠤᠷᠢᠯᠠᠵᠠᠢ᠃ ᠣᠯᠠᠨ ᠢᠶᠠᠷ ᠢᠶᠠᠨ ᠪᠥᠮᠪᠥᠭᠡᠨ ᠲᠠᠯᠠᠪᠤᠷ ᠳᠡᠭᠡᠷ᠎ᠡ ᠬᠥᠯ ᠪᠥᠮᠪᠦᠭᠡ ᠶᠢᠨ ᠬᠥᠳᠡᠯᠭᠡᠭᠡᠨ ᠤ ᠠᠪᠴᠢᠷᠠᠭᠰᠠᠨ ᠪᠠᠶᠠᠷ ᠪᠠᠶᠠᠰᠤᠯ ᠪᠠ ᠣᠷᠭᠢᠯᠤᠮ᠎ᠠ ᠰᠡᠳᠬᠢᠯᠭᠡ ᠶᠢ ᠡᠳ᠋ᠯᠡᠵᠦ᠂ ᠡᠨᠡ ᠤᠳᠠᠭᠠᠨ ᠤ ᠤᠷᠤᠯᠳᠤᠭᠠᠨ ᠢ ᠰᠠᠶᠢᠨ ᠡᠷᠬᠢᠯᠡᠭᠰᠡᠨ ᠳᠤ ᠰᠠᠨᠠᠭᠳᠠᠵᠤ ᠪᠠᠶᠢᠨ᠎ᠠ᠂ ᠬᠤᠶᠢᠰᠢᠳᠠ ᠡᠶᠢᠮᠦ ᠬᠥᠳᠡᠯᠭᠡᠭᠡᠨ ᠢ ᠢᠯᠡᠭᠦᠦ ᠥᠷᠨᠢᠭᠦᠯᠬᠦ ᠶᠢ ᠬᠦᠰᠡᠵᠦ ᠪᠠᠶᠢᠨ᠎ᠠ︾ ᠭᠡᠵᠡᠶ᠃ ᠱᠠᠩ ᠳᠤ ᠰᠢᠶᠠᠨ ᠤ ᠠᠵᠢᠯ ᠮᠡᠷᠭᠡᠵᠢᠯ ᠤᠨ ᠰᠤᠷᠭᠠᠭᠤᠯᠢ ᠶᠢᠨ ᠳᠡᠭᠡᠳᠦ ᠵᠡᠷᠭᠡ ᠶᠢᠨ ᠭᠤᠷᠪᠠᠳᠤᠭᠠᠷ ᠠᠩᠬᠢ ᠶᠢᠨ ᠰᠤᠷᠤᠭᠴᠢ ᠶᠤᠸᠠᠨ ᠺᠡ ᠬᠡᠯᠡᠪᠡ᠃    12 ᠰᠠᠷ᠎ᠠ ᠶᠢᠨ 16 ᠤ ᠡᠳᠦᠷ᠂ ᠤᠷᠤᠯᠳᠤᠭᠠᠨ ᠲᠡᠭᠦᠰ ᠠᠮᠵᠢᠯᠲᠠ ᠤᠯᠪᠠ᠃ ᠨᠢᠭᠡ ᠤᠳᠠᠭᠠᠨ ᠤ ᠰᠢᠷᠦᠭᠦᠨ ᠢᠶᠠᠷ ᠳᠠᠮᠵᠢᠨ᠂ ᠣᠶᠤᠨ ᠤ ᠪᠡᠶ᠎ᠡ ᠲᠠᠮᠢᠷ ᠤᠨ ᠺᠯᠦ᠋ᠪ ᠭᠠᠷᠮᠠᠭᠠᠶ ᠪᠦᠯᠬᠦᠮ ᠤᠨ ᠬᠠᠮᠵᠢᠯᠴᠠᠭ᠎ᠠ ᠪᠠᠷ ᠮᠠᠩᠯᠠᠶᠢᠯᠠᠪᠠ᠃    ᠤᠷᠤᠯᠳᠤᠭᠠᠨ ᠤ ᠪᠡᠶ᠎ᠡ ᠶᠢᠨ ᠲᠠᠮᠢᠷ ᠪᠠ ᠣᠯᠠᠨ ᠲᠦᠮᠡᠨ ᠤ ᠪᠡᠶ᠎ᠡ ᠶᠢᠨ ᠲᠠᠮᠢᠷ ᠬᠠᠷᠢᠯᠴᠠᠨ ᠨᠥᠬᠦᠴᠡᠯᠳᠦᠵᠦ ᠪᠠᠶᠢᠳᠠᠭ᠃ ᠲᠣᠰ ᠤᠳᠠᠭᠠᠨ ᠤ ᠤᠷᠤᠯᠳᠤᠭᠠᠨ ᠤ ᠵᠣᠷᠢᠯᠭ᠎ᠠ ᠨᠢ ᠥᠷᠭᠡᠨ ᠣᠯᠠᠨ ᠠᠷᠠᠳ ᠲᠦᠮᠡᠨ ᠢ ᠬᠥᠲᠥᠯᠦᠨ ᠵᠢᠯᠣᠭᠤᠳᠬᠤ ᠪᠠ ᠵᠣᠷᠢᠭᠵᠢᠭᠤᠯᠵᠤ ᠪᠠᠶᠢᠭᠠᠳ ᠪᠡᠶ᠎ᠡ ᠶᠢᠨ ᠲᠠᠮᠢᠷ ᠤᠨ ᠪᠣᠯᠪᠠᠰᠤᠷᠠᠯ ᠳᠤ ᠣᠷᠣᠯᠴᠠᠭᠤᠯᠵᠤ᠂ ᠪᠡᠶ᠎ᠡ ᠮᠠᠬᠠᠪᠣᠳ ᠤᠨ ᠬᠡᠪ ᠴᠢᠨᠠᠷ ᠢ ᠨᠢ ᠨᠡᠮᠡᠭᠳᠡᠭᠦᠯᠦᠨ᠂ ᠲᠡᠮᠡᠴᠡᠬᠦ ᠤᠬᠠᠮᠰᠠᠷ ᠪᠠ ᠪᠦᠯᠬᠦᠮ ᠨᠡᠶᠢᠲᠡ ᠶᠢᠨ ᠵᠣᠷᠢᠭ ᠰᠠᠨᠠᠭ᠎ᠠ ᠶᠢ ᠬᠥᠮᠦᠵᠢᠭᠦᠯᠵᠦ᠂ ᠣᠯᠠᠨ ᠲᠦᠮᠡᠨ ᠤ ᠪᠡᠶ᠎ᠡ ᠶᠢᠨ ᠲᠠᠮᠢᠷ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠬᠠᠮᠲᠤ᠂ ᠣᠯᠠᠨ ᠤ ᠠᠵᠢᠯ ᠬᠢᠵᠦ ᠠᠳᠠᠯ ᠦᠢᠯᠡᠰ ᠴᠣᠭᠴᠠᠯᠠᠬᠤ ᠬᠠᠯᠠᠭᠤᠨ ᠰᠡᠳᠬᠢᠯᠭᠡ ᠶᠢ ᠤᠯᠠᠮ ᠨᠢᠭᠡ ᠠᠯᠬᠤᠮ ᠬᠥᠭᠵᠢᠭᠡᠵᠦ᠂ ᠨᠠᠩ ᠴᠤᠭ ᠪᠠᠳᠠᠷᠠᠩᠭᠤᠶ ᠥᠭᠡᠳᠡᠯᠡᠨ ᠳᠠᠪᠰᠢᠬᠤ ᠣᠶᠤᠨ ᠰᠠᠨᠠᠭᠠᠨ ᠤ ᠳᠦᠷᠰᠦ ᠪᠠᠶᠢᠳᠠᠯ ᠢ ᠪᠣᠶ ᠪᠣᠯᠭᠠᠬᠤ ᠶᠢᠨ ᠲᠥᠯᠥᠭᠡ ᠶᠤᠮ᠃
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2