ᠪᠡᠭᠡᠵᠢᠩ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠬᠠᠮᠵᠢᠯᠴᠠᠭ᠎ᠠ ᠶᠢ ᠢᠳᠡᠪᠬᠢᠲᠡᠶ ᠳᠠᠭᠠᠵᠤ᠂ ᠬᠥᠳᠡᠭᠡ | ᠲᠣᠰᠬᠤᠨ ᠤ ᠰᠤᠷᠭᠠᠨ ᠬᠥᠮᠦᠵᠢᠯ ᠢ ᠬᠥᠭᠵᠢᠭᠦᠯᠦᠨ ᠮᠠᠨᠳᠤᠭᠤᠯᠬᠤ ᠪᠠᠷ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢᠨ ᠲᠥᠯᠥᠭᠡ᠂ ︽ᠬᠤᠤᠰ ᠪᠠᠭᠰᠢ ᠶᠢᠨ ᠬᠢᠴᠢᠶᠡᠯ ᠤᠨ ᠲᠠᠩᠬᠢᠮ︾ ᠤᠨ ᠠᠵᠢᠯ ᠥᠷᠨᠢᠭᠦᠯᠬᠦ ᠶᠢ ᠤᠯᠠᠮ | ᠨᠢᠭᠡ ᠠᠯᠬᠤᠮ ᠭᠦᠨᠵᠡᠭᠡᠶᠢᠷᠡᠭᠦᠯᠬᠦ ᠶᠢᠨ ᠲᠥᠯᠥᠭᠡ᠂ 12 ᠰᠠᠷ᠎ᠠ ᠶᠢᠨ 16 ᠤ ᠡᠳᠦᠷ᠂ ᠪᠡᠭᠡᠵᠢᠩ ᠬᠤᠳᠠ ᠶᠢᠨ ᠫᠢᠩ ᠭᠦ᠋ | ᠲᠣᠭᠤᠷᠢᠭ ᠪᠡᠭᠡᠵᠢᠩ ᠤᠨ ᠰᠠᠷᠮᠠᠭᠴᠢᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠲᠠᠢ ᠬᠠᠮᠲᠤᠷᠠᠨ | ᠱᠠᠩᠳᠤ ᠰᠢᠶᠠᠨ ᠤ ᠲᠤᠷᠰᠢᠯᠲᠠ ᠶᠢᠨ ᠪᠠᠭ᠎ᠠ ᠰᠤᠷᠭᠠᠭᠤᠯᠢ ᠳᠤ ︽ᠨᠢᠰᠬᠦ ᠲᠦᠷᠰᠦ ᠶᠢᠨ ᠬᠤᠣᠰ ᠪᠠᠭᠰᠢ ᠶᠢᠨ ᠬᠢᠴᠢᠶᠡᠯ ᠤᠨ | ᠲᠠᠩᠬᠢᠮ︾ ᠤᠨ ᠬᠡᠪ ᠴᠢᠨᠠᠷ ᠤᠨ ᠰᠤᠷᠭᠠᠨ ᠬᠥᠮᠦᠵᠢᠯ ᠤᠨ ᠦᠷ᠎ᠡ ᠪᠦᠲᠦᠭᠡᠯ ᠢ ᠳᠡᠯᠭᠡᠨ ᠦᠵᠡᠭᠦᠯᠬᠦ ᠠᠵᠢᠯᠯᠠᠭ᠎ᠠ | ᠥᠷᠨᠢᠭᠦᠯᠪᠡ᠃ | ᠢᠯᠡ ᠬᠢᠴᠢᠶᠡᠯ ᠤᠨ ᠠᠭᠤᠯᠭ᠎ᠠ ᠶᠢ ᠬᠠᠷᠠᠭᠠᠨ ᠳᠠᠪᠲᠠᠮᠵᠢ ᠪᠠᠷ ᠣᠷᠣᠭᠤᠯᠬᠤ᠂ ᠬᠢᠴᠢᠶᠡᠯ ᠤᠨ ᠲᠠᠩᠬᠢᠮ ᠤᠨ ᠬᠠᠷᠢᠯᠴᠠᠨ | ᠬᠥᠳᠡᠯᠦᠯᠴᠡᠬᠦ᠂ ᠠᠰᠠᠭᠤᠯᠲᠠ ᠬᠠᠷᠢᠭᠤᠯᠲᠠ ᠶᠢᠨ ᠦᠢᠯᠡᠳᠦᠯᠴᠡᠯ ᠵᠡᠷᠭᠡ ᠵᠠᠭᠪᠤᠷ ᠢᠶᠠᠷ ᠳᠠᠮᠵᠢᠭᠤᠯᠤᠨ᠂ ᠥᠪᠡᠷᠮᠢᠴᠡ | ᠣᠨᠴᠠᠯᠢᠭ ᠲᠠᠢ᠂ ᠭᠤᠶᠢᠳᠠ ᠰᠠᠶᠢᠬᠠᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠭᠤᠤᠯ ᠰᠡᠳᠦᠪᠲᠦ ᠠᠵᠢᠯᠯᠠᠭ᠎ᠠ ᠶᠢ | ᠢᠯᠡᠷᠡᠭᠦᠯᠪᠡ᠃ | ᠢᠯᠡ ᠬᠢᠴᠢᠶᠡᠯ ᠳᠠᠭᠤᠰᠤᠭᠰᠠᠨ ᠤ ᠳᠠᠷᠠᠭ᠎ᠠ᠂ ᠪᠥᠬᠦ ᠪᠠᠭᠰᠢ ᠰᠤᠷᠤᠭᠴᠢᠳ ᠬᠢᠴᠢᠶᠡᠯ ᠡᠬᠢᠯᠡᠭᠦᠯᠦᠭᠰᠡᠨ ᠲᠥᠷᠥᠭᠳᠡᠯ ᠪᠠ | ᠬᠤᠪᠢᠷᠠᠯᠲᠠ ᠶᠢ ᠬᠠᠮᠲᠤ ᠪᠠᠷ ᠬᠤᠪᠢᠶᠠᠯᠴᠠᠭᠰᠠᠨ ᠪᠥᠭᠡᠳ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠦᠷ᠎ᠡ | ᠪᠦᠲᠦᠭᠡᠯ ᠤᠨ ᠲᠤᠬᠠᠶ ᠰᠠᠨᠠᠯ ᠢᠶᠠᠨ ᠰᠣᠯᠢᠯᠴᠠᠵᠤ ᠰᠤᠳᠤᠯᠤᠨ ᠶᠠᠷᠢᠯᠴᠠᠪᠠ᠃ | ᠣᠶᠢᠯᠠᠭᠠᠭᠰᠠᠨ ᠢᠶᠠᠷ᠂ ᠱᠠᠩᠳᠤ ᠰᠢᠶᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠲᠤ ᠨᠠᠩ ᠰᠢᠯᠢᠳᠡᠭ | ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠡᠬᠢ ᠪᠠᠶᠠᠯᠢᠭ ᠢ ᠬᠦᠷᠲᠡᠭᠡᠬᠦ ᠶᠢᠨ ᠲᠥᠯᠥᠭᠡ᠂ ᠪᠡᠭᠡᠵᠢᠩ ᠬᠤᠲᠠ ᠶᠢᠨ ᠫᠢᠩ | ᠬᠥ᠋ ᠲᠣᠭᠤᠷᠢᠭ ᠤᠨ ᠬᠠᠪᠰᠤᠷᠤᠨ ᠲᠡᠳᠬᠦᠬᠦ ᠪᠦᠯᠬᠦᠮ ᠪᠠ ᠱᠠᠩᠳᠤ ᠰᠢᠶᠠᠨ ᠤ ᠬᠠᠮᠲᠤ ᠶᠢᠨ ᠴᠢᠷᠮᠠᠶᠢᠯᠭ᠎ᠠ ᠳᠣᠤᠷ᠎ᠠ᠂ | 2024 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠨ᠂ ᠪᠡᠭᠡᠵᠢᠩ ᠤᠨ ᠰᠠᠷᠮᠠᠭᠴᠢᠨ ᠤ | ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠲᠤᠭ ᠳᠣᠣᠷᠠᠬᠢ ︽ᠹᠸᠢ ᠯᠢ ᠬᠤᠤᠰ ᠪᠠᠭᠰᠢ ᠶᠢᠨ | ᠬᠢᠴᠢᠶᠡᠯ ᠤᠨ ᠲᠠᠩᠬᠢᠮ︾ ᠢ ᠣᠷᠣᠭᠤᠯᠤᠨ ᠠᠪᠴᠢᠷᠠᠵᠤ ᠱᠠᠩᠳᠤ ᠰᠢᠶᠠᠨ ᠤ ᠪᠠᠭ᠎ᠠ ᠰᠤᠷᠭᠠᠭᠤᠯᠢ ᠶᠢᠨ ᠱᠠᠲᠤᠨ ᠳᠤ | ᠥᠷᠨᠢᠭᠦᠯᠵᠦ᠂ ᠵᠢᠭᠠᠨ ᠰᠤᠷᠭᠠᠯᠲᠠ ᠪᠠᠷ ᠰᠡᠳᠬᠢᠬᠦᠶ ᠶᠢᠨ ᠪᠣᠯᠪᠠᠰᠤᠷᠠᠯ᠂ ᠢᠨᠵᠧᠨᠧᠷᠢᠩ ᠤᠨ ᠰᠢᠨᠵᠢᠯᠡᠬᠦ ᠤᠬᠠᠭᠠᠨ ᠮᠡᠷᠭᠡᠵᠢᠯ | ᠂ ᠤᠷᠠᠯᠢᠭ ᠤᠨ ᠰᠡᠩᠬᠡᠷᠡᠭᠦᠯᠦᠯ ᠵᠡᠷᠭᠡ 10 ᠭᠠᠷᠤᠶ ᠲᠥᠷᠥᠯ ᠤᠨ ᠬᠢᠴᠢᠶᠡᠯ ᠬᠠᠩᠭᠠᠵᠤ᠂ ᠰᠢᠨᠵᠢᠯᠡᠬᠦ ᠤᠬᠠᠭᠠᠨ | ᠮᠡᠷᠭᠡᠵᠢᠯ ᠢᠶᠠᠷ ᠱᠠᠩᠳᠤ ᠰᠢᠶᠠᠨ ᠤ ᠬᠡᠪ ᠴᠢᠨᠠᠷ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ | ᠨᠡᠮᠡᠷᠢᠯᠡᠵᠦ᠂ ᠱᠠᠩᠳᠤ ᠰᠢᠶᠠᠨ ᠤ ᠬᠡᠦᠬᠡᠳ ᠤᠳ ᠲᠠᠢ ᠠᠳᠠᠯᠢ ᠪᠠᠷ ᠰᠢᠯᠢᠳᠡᠭ ᠬᠡᠪ ᠴᠢᠨᠠᠷ ᠤᠨ ᠰᠤᠷᠭᠠᠨ ᠬᠥᠮᠦᠵᠢᠯ ᠤᠨ ᠡᠬᠢ | ᠪᠠᠶᠠᠯᠢᠭ ᠢ ᠬᠠᠮᠲᠤ ᠪᠠᠷ ᠡᠳ᠋ᠯᠡᠭᠦᠯᠵᠦ᠂ ᠬᠡᠦᠬᠡᠳ ᠤᠨ ᠡᠷᠡᠭᠦᠯ ᠪᠥᠭᠡᠳ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠪᠠ᠃ | ᠣᠯᠠᠨ ᠵᠢᠯ ᠤᠨ ᠲᠤᠷᠰᠢ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ | ᠴᠢᠳᠠᠪᠤᠷᠢ ᠶᠢ ᠳᠡᠭᠡᠭᠰᠢᠯᠡᠭᠦᠯᠬᠦ᠂ ᠪᠦᠯᠬᠦᠮ ᠪᠠᠶᠢᠭᠤᠯᠤᠨ ᠬᠠᠪᠰᠤᠷᠤᠨ ᠲᠡᠳᠬᠦᠬᠦ᠂ ᠬᠤᠤᠰ ᠴᠢᠭᠯᠡᠯ ᠢᠶᠠᠷ ᠰᠣᠯᠢᠯᠴᠠᠬᠤ ᠵᠡᠷᠭᠡ | ᠬᠡᠯᠪᠡᠷᠢ ᠪᠠᠷ ᠳᠠᠮᠵᠢᠭᠤᠯᠤᠨ᠂ ᠪᠡᠭᠡᠵᠢᠩ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠬᠠᠮᠵᠢᠯᠴᠠᠭᠠᠨ ᠤ ᠰᠢᠨ᠎ᠡ | ᠪᠠᠶᠢᠳᠠᠯ ᠢ ᠲᠠᠰᠤᠷᠠᠯᠲᠠ ᠥᠬᠡᠶ ᠡᠭᠦᠳᠴᠦ᠂ ᠰᠤᠷᠭᠠᠨ ᠬᠥᠮᠦᠵᠢᠯ ᠤᠨ ᠬᠠᠮᠵᠢᠯᠴᠠᠭ᠎ᠠ ᠶᠢ ᠭᠦᠨᠵᠡᠭᠡᠶᠢᠷᠡᠭᠦᠯᠦᠨ | ᠪᠣᠳᠠᠲᠠᠶᠢᠵᠢᠭᠤᠯᠬᠤ ᠶᠢ ᠦᠷᠭᠦᠯᠵᠢᠯᠡᠨ ᠠᠬᠢᠭᠤᠯᠪᠠ᠃ | ᠰᠢᠶᠠᠨ ᠤ ᠤᠳᠤᠷᠢᠳᠤᠯᠭ᠎ᠠ ᠵᠠᠩ ᠰᠢᠨ ᠭᠦᠸᠧ ᠠᠵᠢᠯᠯᠠᠭ᠎ᠠ ᠳᠤ ᠣᠷᠣᠯᠴᠠᠪᠠ᠃ | | | | | |