ᠶᠠᠩ ᠸᠧᠨ ᠾᠦᠢ ᠪᠦᠯᠬᠦᠮ ᠳᠠᠭᠠᠭᠤᠯᠤᠨ ᠪᠡᠭᠡᠵᠢᠩ ᠬᠤᠲᠠ ᠳᠤ ᠬᠦᠷᠴᠦ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠥᠷᠥᠯ ᠵᠦᠢᠯ ᠢ ᠵᠣᠯᠭᠠᠭᠤᠯᠪᠠ
ᠨᠡᠶᠢᠲᠡᠯᠡᠭᠰᠡᠨ ᠴᠠᠭ᠄
2024/12/16
 ᠮᠠᠨ ᠤ ᠰᠢᠶᠠᠨ ᠤ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠵᠦ ᠬᠡᠯᠬᠢᠶ᠎ᠡ ᠶᠢ ᠴᠢᠩᠭᠠᠳᠬᠠᠬᠤ ᠵᠢᠴᠢ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠬᠤ ᠶᠢᠨ ᠲᠥᠯᠥᠭᠡ᠂ 12 ᠰᠠᠷ᠎ᠠ ᠶᠢᠨ 14 ᠠᠴᠠ 15 ᠤ ᠡᠳᠦᠷ ᠪᠣᠯᠲᠠᠯ᠎ᠠ᠂ ᠰᠢᠶᠠᠨ ᠤ ᠨᠠᠮ ᠤᠨ ᠬᠤᠷᠢᠶᠠᠨ ᠤ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠶᠠᠩ ᠸᠧᠨ ᠾᠦᠢ ᠪᠦᠯᠬᠦᠮ ᠳᠠᠭᠠᠭᠤᠯᠤᠨ ᠪᠡᠭᠡᠵᠢᠩ ᠬᠤᠲᠠ ᠳᠤ ᠬᠦᠷᠴᠦ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠥᠷᠥᠯ ᠵᠦᠢᠯ ᠢ ᠵᠣᠯᠭᠠᠭᠤᠯᠪᠠ᠃ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠪᠠᠶᠢᠩᠭᠤ ᠶᠢᠨ ᠳᠡᠳ᠋ ᠳᠠᠷᠤᠭ᠎ᠠ ᠸᠠᠩ ᠬᠠᠶ ᠵᠢᠶᠦ᠋ᠨ ᠤᠷᠢᠯᠭ᠎ᠠ ᠪᠠᠷ ᠣᠷᠣᠯᠴᠠᠵᠤ᠂ ᠰᠢᠶᠠᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠲᠣᠰ ᠲᠣᠰ ᠣᠷᠣᠯᠴᠠᠵᠠᠶ᠃    ᠶᠠᠩ ᠸᠧᠨ ᠾᠦᠢ ᠨᠠᠷ ᠤᠷᠢᠳ ᠬᠤᠵᠢᠳ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠦ᠋ᠲ᠋ᠣᠴᠢᠯᠠᠭᠰᠠᠨ ᠰᠤᠳᠤᠯᠭᠠᠨ ᠤ ᠭᠠᠵᠠᠷ᠂ ᠵᠢᠩ ᠭᠤᠸᠠᠩ ᠡᠨᠧᠷᠭᠢ ᠶᠢᠨ ᠪᠦᠯᠦᠭᠯᠡᠯ ᠳᠤ ᠭᠦᠨᠵᠡᠭᠡᠶᠢᠷᠡᠨ ᠵᠣᠯᠭᠠᠭᠤᠯᠬᠤ ᠶᠠᠷᠢᠯᠴᠠᠬᠤ ᠬᠤᠷᠠᠯ ᠬᠢᠵᠡᠢ᠃    ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠦ᠋ᠲ᠋ᠣᠴᠢᠯᠠᠯᠲᠠ ᠶᠢᠨ ᠰᠤᠳᠤᠯᠭᠠᠨ ᠤ ᠭᠠᠵᠠᠷ ᠲᠤ᠂ ᠬᠤᠶᠠᠷ ᠲᠠᠯ᠎ᠠ ᠪᠠᠷ ᠢᠶᠠᠨ ᠣᠶᠤᠨᠴᠢ ᠰᠣᠯᠢᠯᠴᠠᠭ᠎ᠠ ᠵᠡᠷᠭᠡ ᠬᠦᠷᠢᠶᠡᠨ ᠳᠠᠬᠢ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠰᠣᠶᠣᠯ ᠤᠨ ᠤᠯᠠᠮᠵᠢᠯᠠᠯ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠰᠤᠳᠤᠯᠭᠠᠨ᠂ ᠵᠢᠭᠤᠯᠴᠢᠯᠠᠯ ᠤᠨ ᠨᠡᠭᠡᠭᠡᠨ ᠬᠥᠭᠵᠢᠭᠦᠯᠦᠯᠲᠡ ᠵᠡᠷᠭᠡ ᠲᠠᠯ᠎ᠠ ᠪᠠᠷ ᠬᠢ ᠨᠡᠶᠢᠭᠡᠮᠴᠢᠯᠡᠭᠰᠡᠨ ᠬᠡᠷᠡᠭᠯᠡᠭᠡᠨ ᠤ ᠬᠤᠪᠢᠷᠠᠭᠤᠯᠤᠯᠲᠠ ᠶᠢᠨ ᠲᠤᠬᠠᠶ ᠭᠦᠨᠵᠡᠭᠡᠶ ᠰᠣᠯᠢᠯᠴᠠᠭᠰᠠᠨ ᠪᠥᠭᠡᠳ ᠲᠠᠷᠠᠭᠠᠴᠢ ᠶᠢᠨ ᠠᠯᠬᠤᠮ ᠤᠨ ᠬᠠᠮᠲᠤᠷᠠᠯᠴᠠᠭᠠᠨ ᠤ ᠲᠥᠷᠥᠯ ᠵᠦᠢᠯ ᠤᠨ ᠲᠤᠬᠠᠶ ᠨᠠᠷᠢᠨ ᠵᠣᠯᠭᠠᠭᠤᠯᠪᠠ᠃ ᠵᠢᠩ ᠭᠤᠸᠠᠩ ᠡᠨᠧᠷᠭᠢ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠳᠤ᠂ ᠬᠤᠶᠠᠷ ᠲᠠᠯ᠎ᠠ ᠪᠠᠷ ᠢᠶᠠᠨ ᠰᠢᠨ᠎ᠡ ᠡᠨᠧᠷᠭᠢ ᠶᠢᠨ ᠲᠤᠨᠤᠭ ᠲᠥᠬᠦᠭᠡᠷᠦᠮᠵᠢ ᠦᠢᠯᠡᠳᠬᠦ ᠬᠤᠯᠪᠣᠭᠳᠠᠯ ᠪᠦᠬᠦᠢ ᠲᠦᠷᠦᠯ ᠵᠦᠢᠯ ᠤᠨ ᠲᠤᠬᠠᠢ ᠤᠯᠠᠮ ᠴᠢᠨᠠᠭᠰᠢᠳᠠ ᠵᠣᠯᠭᠠᠭᠤᠯᠪᠠ᠃ ᠶᠠᠩ ᠸᠧᠨ ᠾᠦᠢ ᠢᠯᠡᠷᠬᠡᠶᠢᠯᠡᠬᠦ ᠳᠡᠭᠡᠨ᠂ ᠱᠠᠩᠳᠤ ᠰᠢᠶᠠᠨ ᠳᠤ ᠰᠠᠶᠢᠨ ᠰᠠᠶᠢᠬᠠᠨ ᠠᠵᠤ ᠦᠢᠯᠡᠰ ᠤᠨ ᠰᠠᠭᠤᠷᠢ ᠪᠠ ᠰᠣᠶᠣᠯ ᠵᠢᠭᠤᠯᠴᠢᠯᠠᠯ ᠤᠨ ᠡᠬᠢ ᠪᠠᠶᠠᠯᠢᠭ ᠲᠠᠢ ᠪᠠᠶᠢᠵᠤ᠂ ᠣᠯᠠᠨ ᠢᠶᠠᠷ ᠢᠶᠠᠨ ᠱᠠᠩᠳᠤ ᠰᠢᠶᠠᠨ ᠳᠤ ᠬᠦᠷᠴᠦ ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ᠂ ᠭᠦᠨᠵᠡᠭᠡᠶ ᠵᠥᠪᠳᠡᠯᠴᠡᠵᠦ᠂ ᠱᠠᠩᠳᠤ ᠰᠢᠶᠠᠨ ᠬᠠᠮᠤᠭ ᠤᠨ ᠪᠣᠳᠠᠲᠠᠶ ᠠᠷᠭ᠎ᠠ ᠬᠡᠮᠵᠢᠶ᠎ᠡ᠂ ᠬᠠᠮᠤᠭ ᠤᠨ ᠰᠢᠯᠢᠳᠡᠭ ᠣᠷᠴᠢᠨ ᠲᠣᠭᠤᠷᠢᠨ ᠢᠶᠠᠷ ᠠᠵᠤ ᠠᠬᠤᠶᠢᠯᠠᠯ ᠤᠨ ᠪᠠᠯᠠ ᠣᠷᠣᠭᠤᠯᠤᠨ ᠨᠡᠭᠡᠭᠡᠨ ᠬᠥᠭᠵᠢᠭᠦᠯᠬᠦ ᠶᠢ ᠳᠡᠮᠵᠢᠵᠦ᠂ ᠪᠥᠬᠦ ᠰᠡᠳᠬᠢᠯ ᠪᠥᠬᠦ ᠬᠦᠴᠦᠨ ᠢᠶᠠᠷ ᠢᠶᠠᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠬᠠᠮᠤᠭ ᠤᠨ ᠰᠢᠯᠢᠳᠡᠭ ᠦᠢᠯᠡᠴᠢᠯᠡᠭᠡ ᠬᠠᠩᠭᠠᠵᠤ᠂ ᠲᠥᠷᠥᠯ ᠵᠦᠢᠯ ᠢ ᠲᠦᠷᠭᠡᠬᠡᠨ ᠨᠠᠶᠢᠳᠠᠪᠤᠷᠢᠵᠢᠭᠤᠯᠬᠤ ᠶᠢ ᠬᠦᠴᠦᠯᠡᠨ ᠠᠬᠢᠭᠤᠯᠵᠤ᠂ ᠬᠠᠮᠲᠤᠷᠠᠯᠴᠠᠭ᠎ᠠ ᠬᠢᠵᠦ ᠬᠠᠮᠲᠤ ᠪᠠᠷ ᠠᠰᠢᠭ ᠭᠥᠷᠳᠡᠬᠦ ᠶᠢ ᠪᠡᠶᠡᠯᠡᠭᠦᠯᠦᠨ᠎ᠡ ᠭᠡᠵᠡᠶ᠃ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2