ᠱᠠᠩᠳᠤ ᠰᠢᠶᠠᠨ ᠤ ᠵᠣᠬᠢᠶᠠᠯᠴᠢᠳ ᠤᠨ ᠡᠪᠯᠡᠯ ᠤᠨ ᠠᠩᠬᠠᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/12/16
    ᠥᠷᠭᠡᠨ ᠤᠯᠠᠨ ᠤᠳᠬ᠎ᠠ ᠵᠣᠬᠢᠶᠠᠯ ᠳᠤ ᠪᠠᠭ᠋ᠠᠲᠠᠶ ᠬᠥᠮᠦᠰ ᠢ ᠪᠦᠯᠬᠦᠮᠳᠡᠭᠦᠯᠦᠨ ᠳᠠᠶᠢᠴᠢᠯᠠᠵᠤ ᠳᠠᠪᠠᠭᠤᠯᠢᠭ ᠢᠶᠠᠨ ᠪᠠᠳᠠᠷᠠᠭᠤᠯᠵᠤ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠨᠡᠩ ᠶᠡᠭᠡ ᠤᠶᠤᠨ ᠰᠠᠨᠠᠭᠠᠨ ᠤ ᠬᠥᠳᠡᠯᠭᠡᠬᠦ ᠬᠦᠴᠦᠨ ᠬᠠᠩᠭᠠᠬᠤ ᠶᠢᠨ ᠲᠥᠯᠥᠭᠡ᠂ 12 ᠰᠠᠷ᠎ᠠ ᠶᠢᠨ 13 ᠤ ᠡᠳᠦᠷ ᠂ ᠱᠠᠩᠳᠤ ᠰᠢᠶᠠᠨ ᠤ ᠵᠣᠬᠢᠶᠠᠯᠴᠢᠳ ᠤᠨ ᠡᠪᠯᠡᠯ ᠤᠨ ᠠᠩᠬᠠᠳᠤᠭᠠᠷ ᠤᠳᠠᠭ᠎ᠠ ᠶᠢᠨ ᠭᠡᠰᠢᠭᠦᠳ ᠤᠨ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠪᠠ᠃    ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠰᠢᠶᠠᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ᠵᠡᠷᠭᠡ ᠬᠤᠯᠪᠣᠭᠳᠠᠯ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠵᠢᠴᠢ ᠪᠦᠬᠦ ᠰᠢᠶᠠᠨ ᠤ ᠡᠯ᠎ᠡ ᠹᠷᠣᠨᠲ ᠠᠴᠠ ᠢᠷᠡᠭᠰᠡᠨ 40 ᠭᠠᠷᠤᠢ ᠲᠥᠯᠥᠭᠡᠯᠡᠭᠴᠢ ᠬᠤᠷᠠᠯ ᠳᠤ ᠣᠷᠣᠯᠴᠠᠪᠠ᠃    ᠱᠠᠩᠳᠤ ᠰᠢᠶᠠᠨ ᠤ ᠵᠣᠬᠢᠶᠠᠯᠴᠢᠳ ᠤᠨ ᠨᠡᠶᠢᠭᠡᠮᠯᠢᠭ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠱᠠᠩᠳᠤ ᠰᠢᠶᠠᠨ ᠤ ᠬᠤᠷᠢᠶᠠᠨ ᠤ ᠤᠳᠤᠷᠢᠳᠤᠯᠭ᠎ᠠ ᠳᠣᠤᠷ᠎ᠠ᠂ ᠱᠠᠩᠳᠤ ᠰᠢᠶᠠᠨ ᠤ ᠡᠯ᠎ᠡ ᠦᠨᠳᠦᠰᠦᠲᠡᠨ ᠤ ᠵᠣᠬᠢᠶᠠᠯᠴᠢ ᠪᠣᠯᠤᠨ ᠤᠳᠬ᠎ᠠ ᠤᠷᠠᠯᠢᠭ ᠤᠨ ᠠᠵᠢᠯᠴᠢᠨ ᠤ ᠡᠪᠯᠡᠯ ᠠᠴᠠ ᠪᠦᠷᠢᠯᠳᠦᠭᠰᠡᠨ ᠲᠤᠰᠬᠠᠶ ᠮᠡᠷᠭᠡᠵᠢᠯ ᠤᠨ ᠴᠢᠨᠠᠷᠲᠠᠶ ᠠᠷᠠᠳ ᠤᠨ ᠪᠦᠯᠬᠦᠮ ᠮᠥᠨ᠂ ᠤᠯᠠᠭᠠᠨᠴᠠᠪ ᠬᠤᠲᠠ ᠶᠢᠨ ᠵᠣᠬᠢᠶᠠᠯᠴᠢᠳ ᠤᠨ ᠨᠡᠶᠢᠭᠡᠮᠯᠢᠭ ᠪᠣᠯᠤᠨ ᠱᠠᠩᠳᠤ ᠰᠢᠶᠠᠨ ᠤ ᠤᠳᠬ᠎ᠠ ᠤᠷᠠᠯᠢᠭ ᠤᠨ ᠡᠲᠡᠭᠡᠳ ᠤᠨ ᠬᠤᠯᠪᠣᠭᠠᠲᠤ ᠬᠤᠷᠠᠯ ᠤᠨ ᠪᠦᠯᠬᠦᠮ ᠤᠨ ᠭᠡᠰᠢᠭᠦᠨ ᠮᠥᠨ᠂ ᠲᠤᠰ ᠨᠡᠶᠢᠭᠡᠮᠯᠢᠭ ᠠᠷᠠᠳ ᠲᠦᠮᠡᠨ ᠢᠶᠠᠷ ᠭᠤᠣᠯ ᠪᠣᠯᠭᠠᠬᠤ ᠠᠵᠢᠯ ᠤᠨ ᠤᠳᠤᠷᠢᠳᠤᠮᠵᠢ ᠶᠢ ᠪᠠᠷᠢᠮᠲᠠᠯᠠᠵᠤ᠂ ᠤᠳᠬ᠎ᠠ ᠤᠷᠠᠯᠢᠭ ᠨᠢ ᠪᠣᠳᠠᠲᠤ ᠪᠠᠶᠢᠳᠠᠯ ᠲᠠᠢ ᠣᠶᠢᠷᠠᠳᠬᠤ᠂ ᠠᠮᠢᠳᠤᠷᠠᠯ ᠳᠤ ᠣᠶᠢᠷᠠᠳᠬᠤ᠂ ᠣᠯᠠᠨ ᠲᠦᠮᠡᠨ ᠲᠠᠢ ᠣᠶᠢᠷᠠᠳᠬᠤ ᠵᠠᠷᠴᠢᠮ ᠢ ᠪᠠᠷᠢᠮᠲᠠᠯᠠᠵᠤ᠂ ᠭᠤᠤᠯ ᠬᠥᠭ ᠠᠶᠠᠰ ᠢ ᠴᠤᠤᠷᠢᠶᠠᠲᠤᠭᠤᠯᠵᠤ᠂ ᠣᠯᠠᠨ ᠶᠠᠩᠵᠤᠴᠢᠯᠠᠬᠤ ᠶᠢ ᠰᠠᠨᠠᠭᠠᠴᠢᠯᠠᠵᠤ᠂ ᠤᠳᠬ᠎ᠠ ᠤᠷᠠᠯᠢᠭ ᠤᠨ ᠵᠢᠮ᠎ᠡ ᠶᠣᠰᠣ ᠶᠢ ᠬᠦᠨᠳᠦᠳᠬᠡᠨ ᠵᠢᠷᠤᠮᠯᠠᠵᠤ᠂ ᠡᠷᠳᠡᠮ ᠰᠢᠨᠵᠢᠯᠡᠭᠡᠨ ᠤ ᠠᠷᠠᠳᠴᠢᠯᠠᠯ᠂ ᠤᠷᠠᠯᠢᠭ ᠤᠨ ᠠᠷᠠᠳᠴᠢᠯᠠᠯ ᠢ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠵᠤ᠂ ᠤᠳᠬ᠎ᠠ ᠤᠷᠠᠯᠢᠭ ᠤᠨ ᠰᠢᠨ᠎ᠡ ᠶᠢ ᠡᠭᠦᠳᠬᠦ ᠶᠢ ᠠᠬᠢᠭᠤᠯᠵᠤ᠂ ᠨᠡᠶᠢᠭᠡᠮ ᠵᠢᠷᠤᠮ ᠤᠨ ᠤᠳᠬ᠎ᠠ ᠤᠷᠠᠯᠢᠭ ᠢ ᠴᠡᠴᠡᠭᠯᠡᠭᠦᠯᠦᠨ ᠬᠥᠭᠵᠢᠭᠦᠯᠬᠦ᠂ ᠲᠡᠷᠢᠭᠦᠨ ᠤ ᠰᠣᠶᠣᠯ ᠢ ᠬᠥᠭᠵᠢᠭᠦᠯᠬᠦ ᠳᠤ ᠴᠢᠬᠤᠯᠠ ᠬᠦᠴᠦᠨ ᠴᠢᠳᠠᠯ ᠢᠶᠠᠨ ᠪᠠᠳᠠᠷᠠᠭᠤᠯᠤᠨ᠎ᠠ᠃    ᠬᠤᠷᠠᠯ ᠠᠴᠠ ᠬᠤᠳᠠ ᠶᠢᠨ ᠵᠣᠬᠢᠶᠠᠯᠴᠢᠳ ᠤᠨ ᠡᠪᠯᠡᠯ ᠤᠨ ᠪᠠᠶᠠᠷ ᠤᠨ ᠵᠠᠬᠢᠳᠠᠯ ᠢ ᠤᠩᠰᠢᠨ ᠨᠡᠶᠢᠲᠡᠯᠡᠪᠡ︔ ᠲᠤᠰ ᠬᠤᠭᠤᠴᠠᠭᠠᠨ ᠤ ᠣᠨᠴᠠ ᠤᠷᠢᠭᠰᠠᠨ ᠨᠡᠷ᠎ᠡ ᠬᠦᠨᠳᠦᠲᠦ ᠲᠡᠷᠢᠭᠦᠯᠡᠭᠴᠢ ᠹᠧᠩ ᠰᠦ᠋ ᠵᠧᠨ ᠨᠥᠬᠦᠷ ᠤᠨ ᠪᠠᠶᠠᠷ ᠤᠨ ᠵᠠᠬᠢᠳᠠᠯ ᠢ ᠤᠩᠰᠢᠨ ᠨᠡᠶᠢᠲᠡᠯᠡᠪᠡ︔ ᠰᠢᠨ᠎ᠡ ᠪᠠᠷ ᠰᠣᠩᠭᠤᠭᠳᠠᠭᠰᠠᠨ ᠵᠣᠬᠢᠶᠠᠯᠴᠢᠳ ᠤᠨ ᠨᠡᠶᠢᠭᠡᠮᠯᠢᠭ ᠤᠨ ᠲᠡᠷᠢᠭᠦᠯᠡᠭᠴᠢ ᠭᠦᠸᠧ ᠫᠸᠢ ᠹᠧᠩ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃    ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠰᠢᠶᠠᠨ ᠤ ᠥᠷᠭᠡᠨ ᠣᠯᠠᠨ ᠤᠳᠬ᠎ᠠ ᠵᠣᠬᠢᠶᠠᠯ ᠤᠨ ᠠᠵᠢᠯᠲᠠᠳ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠤᠭ ᠰᠠᠨᠠᠭ᠎ᠠ ᠪᠠᠨ ᠪᠠᠲᠤ ᠴᠡᠭᠡᠵᠢᠯᠡᠵᠦ᠂ ᠡᠷᠡᠰ ᠰᠢᠭᠤᠷᠬᠠᠢ ᠪᠠᠷ ᠤᠷᠤᠭᠰᠢᠯᠠᠨ ᠲᠠᠪᠰᠢᠵᠤ᠂ ᠬᠦᠴᠦᠯᠡᠨ ᠴᠢᠷᠮᠠᠶᠢᠵᠤ ᠦᠢᠯᠡᠰ ᠪᠦᠲᠦᠭᠡᠵᠦ᠂ ᠠᠷᠠᠳ ᠲᠦᠮᠡᠨ ᠢᠶᠠᠷ ᠭᠤᠣᠯ ᠪᠣᠯᠭᠠᠭᠰᠠᠨ ᠵᠣᠬᠢᠶᠠᠨ ᠪᠦᠲᠦᠭᠡᠬᠦ ᠤᠳᠤᠷᠢᠳᠤᠮᠵᠢ ᠶᠢ ᠢᠮᠠᠭᠲᠠ ᠪᠠᠷᠢᠮᠲᠠᠯᠠᠵᠤ᠂ ︽ᠬᠤᠶᠠᠷ ᠲᠤ ᠦᠢᠯᠡᠴᠢᠯᠡᠬᠦ︾ ᠴᠢᠭᠯᠡᠯ ᠪᠣᠯᠤᠨ ︽ᠬᠤᠣᠰ ᠵᠠᠭᠤᠨ︾ ᠤ ᠴᠢᠭᠯᠡᠯᠲᠡ ᠶᠢ ᠲᠤᠭᠤᠰᠢᠯᠠᠭᠤᠯᠵᠤ᠂ ᠪᠦᠲᠦᠭᠡᠯᠴᠢ ᠴᠢᠨᠠᠷᠲᠠᠢ ᠪᠠᠷ ᠬᠤᠪᠢᠷᠠᠭᠤᠯᠬᠤ᠂ ᠰᠢᠨ᠎ᠡ ᠶᠢ ᠡᠭᠦᠳᠬᠦ ᠴᠢᠨᠠᠷᠲᠠᠢ ᠪᠠᠷ ᠬᠥᠭᠵᠢᠭᠦᠯᠬᠦ ᠶᠢ ᠪᠠᠷᠢᠮᠲᠠᠯᠠᠵᠤ᠂ ᠣᠷᠭᠢᠯᠤᠮ᠎ᠠ ᠬᠠᠯᠠᠭᠤᠨ ᠰᠡᠳᠬᠢᠯᠭᠡ ᠪᠠᠷ ᠠᠷᠠᠳ ᠲᠦᠮᠡᠨ ᠳᠤ ᠦᠢᠯᠡᠴᠢᠯᠡᠵᠦ᠂ ᠡᠷᠡᠰ ᠰᠢᠭᠤᠷᠬᠠᠢ ᠪᠠᠷ ᠰᠢᠨ᠎ᠡ ᠴᠠᠭ ᠦᠶ᠎ᠡ ᠶᠢᠨ ᠱᠠᠩᠳᠤ ᠰᠢᠶᠠᠨ ᠢ ᠪᠢᠴᠢᠭᠯᠡᠬᠦ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠪᠡ᠃ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2