ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠶᠢ ᠭᠦᠨᠵᠡᠭᠡᠶ ᠦᠶ᠋ᠯᠡᠳᠦᠯᠭᠡᠵᠢᠭᠦᠯᠵᠦ᠂ ︽ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ | ᠰᠣᠨᠣᠰᠬᠤ᠂ ᠨᠠᠮ ᠢᠶᠠᠨ ᠳᠠᠭᠠᠬᠤ︾ ᠣᠯᠠᠨ ᠲᠦᠮᠡᠨᠴᠢ ᠬᠥᠮᠦᠵᠢᠯ ᠤᠨ ᠠᠵᠢᠯᠯᠠᠭ᠎ᠠ ᠶᠢ ᠪᠠᠶᠢᠩᠭᠤᠵᠢᠭᠤᠯᠤᠨ | ᠥᠷᠨᠢᠭᠦᠯᠬᠦ ᠶᠢᠨ ᠲᠥᠯᠥᠭᠡ᠃ ᠵᠢᠯ ᠤᠨ ᠡᠴᠦᠰ ᠵᠢᠯ ᠤᠨ ᠡᠬᠢᠨ ᠳᠤ᠂ ᠳ᠋ᠦᠩ ᠵᠢᠶᠠ ᠼᠦᠨ ᠲᠣᠰᠬᠤᠨ ︽ | ᠲᠥᠷᠥ ᠶᠢᠨ ᠪᠣᠳᠣᠯᠭ᠎ᠠ ᠶᠢ ᠰᠠᠶᠢᠲᠤᠷ ᠲᠠᠯᠠᠷᠬᠠᠨ ᠰᠠᠶᠢᠨ ᠠᠮᠢᠳᠤᠷᠠᠯ ᠢ ᠰᠠᠶᠢᠬᠠᠨ ᠶᠠᠷᠢᠯᠴᠠᠬᠤ︾ ᠭᠡᠬᠦ ᠭᠤᠤᠯ | ᠰᠡᠳᠦᠪᠲᠦ ᠴᠠᠶᠢᠯᠠᠯᠭ᠎ᠠ ᠵᠢᠴᠢ ︽ᠬᠠᠮᠤᠭ ᠤᠨ ᠭᠤᠶᠣ ᠬᠡᠷ ᠪᠦᠯᠢ︾ ᠶᠢ ᠰᠢᠯᠭᠠᠷᠠᠭᠤᠯᠬᠤ ᠬᠤᠷᠠᠯ ᠥᠷᠨᠢᠭᠦᠯᠵᠦ᠂ | ᠥᠷᠭᠡᠨ ᠣᠯᠠᠨ ᠺᠠᠳ᠋ᠷ ᠣᠯᠠᠨ ᠲᠦᠮᠡᠨ ᠨᠢᠭᠡ ᠲᠠᠩᠬᠢᠮ ᠳᠤ ᠴᠤᠭᠯᠠᠷᠠᠵᠤ᠂ ᠠᠷᠠᠳ ᠲᠤ ᠠᠰᠢᠭ ᠬᠦᠷᠲᠡᠭᠡᠬᠦ | ᠲᠥᠷᠥ ᠶᠢᠨ ᠪᠣᠳᠣᠯᠭ᠎ᠠ ᠶᠢ ᠬᠥᠭᠵᠢᠶᠡᠨᠲᠡᠶ ᠶᠠᠷᠢᠯᠴᠠᠵᠤ᠂ ᠠᠮᠢᠳᠤᠷᠠᠯ ᠤᠨ ᠲᠤᠤᠷ ᠢ ᠠᠭᠤᠵᠢᠷᠠᠲᠠᠯ᠎ᠠ ᠶᠠᠷᠢᠯᠴᠠᠵᠤ᠂ | ᠢᠷᠡᠭᠡᠳᠦᠶ ᠶᠢᠨ ᠬᠥᠭᠵᠢᠯᠲᠡ ᠶᠢ ᠬᠠᠮᠲᠤ ᠪᠠᠷ ᠶᠠᠷᠢᠯᠴᠠᠪᠠ᠃ | ᠴᠠᠶᠢᠯᠠᠯᠭ᠎ᠠ ᠶᠢᠨ ᠬᠤᠷᠠᠯ ᠳᠡᠭᠡᠷ᠎ᠡ᠂ ᠨᠠᠮ ᠤᠨ ᠡᠭᠦᠷ ᠤᠨ ᠱᠦᠵᠢ ᠡᠨᠡ ᠵᠢᠯ ᠤᠨ ᠠᠵᠢᠯ ᠢᠶᠠᠨ ᠪᠡᠶᠡᠯᠡᠭᠦᠯᠦᠭᠰᠡᠨ | ᠪᠠᠶᠢᠳᠠᠯ ᠢᠶᠠᠨ ᠬᠠᠷᠢᠭᠤ ᠮᠡᠳᠡᠭᠦᠯᠵᠦ᠂ ᠠᠮᠵᠢᠯᠲᠠ ᠪᠠᠨ ᠶᠠᠷᠢᠬᠤ ᠪᠠᠷ ᠪᠠᠷᠠᠬᠤ ᠦᠭᠡᠢ ᠤᠯᠠᠨ ᠤ ᠬᠠᠮᠲᠤ ᠶᠢᠨ | ᠵᠥᠪᠰᠢᠶᠡᠷᠡᠯ ᠪᠠ ᠳᠡᠭᠡᠳᠦ ᠬᠡᠮᠵᠢᠶᠡᠨ ᠤ ᠰᠠᠶᠢᠨ ᠦᠨᠡᠯᠡᠯᠲᠡ ᠶᠢ ᠣᠯᠵᠠᠢ᠃ ᠡᠭᠦᠨ ᠤ ᠬᠠᠮᠲᠤ ᠳᠠᠷᠠᠭᠠᠴᠢ ᠶᠢᠨ | ᠱᠠᠲᠤᠨ ᠤ ᠬᠥᠳᠡᠭᠡ ᠲᠣᠰᠬᠤᠨ ᠤ ᠬᠥᠭᠵᠢᠯᠲᠡ ᠶᠢᠨ ᠲᠤᠬᠠᠢ ᠬᠤᠷᠠᠯ ᠳᠤ ᠣᠷᠣᠯᠴᠠᠭᠰᠠᠳ ᠤᠨ ᠰᠠᠨᠠᠯ | ᠰᠠᠨᠠᠭᠤᠯᠭ᠎ᠠ ᠶᠢ ᠬᠤᠷᠢᠶᠠᠵᠤ᠂ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠬᠦᠷ ᠬᠥᠭᠵᠢᠶᠡᠨ ᠲᠠᠢ ᠪᠠᠶᠢᠯ᠎ᠠ᠃ | ᠲᠣᠰᠬᠤᠨ ᠤ ᠠᠷᠠᠳ ᠤᠨ ᠲᠥᠯᠥᠭᠡᠯᠡᠭᠴᠢ ᠥᠪᠡᠷ ᠥᠪᠡᠷ ᠤᠨ ᠠᠮᠢᠳᠤᠷᠠᠯ ᠳᠤᠮᠳᠠ ᠪᠠᠨ ᠡᠳ᠋ᠯᠡᠭᠰᠡᠨ ᠲᠥᠷᠥ ᠶᠢᠨ | ᠪᠣᠳᠣᠯᠭ᠎ᠠ ᠶᠢᠨ ᠠᠰᠢᠭ ᠲᠤᠰᠠ ᠪᠠᠨ ᠬᠤᠪᠢᠶᠠᠯᠴᠠᠵᠤ᠂ ᠨᠠᠮ ᠪᠠ ᠵᠠᠰᠠᠭ ᠤᠨ ᠣᠷᠳᠣᠨ ᠤ ᠬᠠᠪᠰᠤᠷᠤᠯᠭ᠎ᠠ ᠳᠣᠤᠷ᠎ᠠ | ᠠᠮᠢᠳᠤᠷᠠᠯ ᠢᠶᠠᠨ ᠬᠡᠷᠬᠢᠨ ᠡᠳᠦᠷ ᠠᠴᠠ ᠡᠳᠦᠷ ᠥᠭᠡᠳᠡᠯᠡᠭᠦᠯᠬᠦ ᠲᠤᠬᠠᠶ ᠦᠨᠡᠨ ᠪᠣᠳᠠᠲᠠᠶ ᠥᠩᠭᠡᠷᠡᠯᠲᠡ ᠪᠠᠨ ᠶᠠᠷᠢᠪᠠ᠃ | | ᠲᠣᠰᠬᠤᠨ ᠤ ᠠᠷᠠᠳ ᠤᠨ ᠵᠥᠪᠯᠡᠯ ᠪᠠᠰᠠ ᠬᠤᠯᠪᠣᠭᠳᠠᠯ ᠪᠦᠬᠦᠢ ᠠᠵᠢᠯᠯᠠᠭ᠎ᠠ ᠶᠢ ᠨᠠᠷᠢᠨ ᠨᠢᠮᠪᠠᠢ ᠵᠣᠬᠢᠶᠠᠨ | ᠪᠠᠶᠢᠭᠤᠯᠵᠤ᠂ ᠰᠠᠨ ᠳ᠋ᠠ ᠴᠢᠩ ᠰᠢᠶᠠᠩ ᠤᠨ ᠳᠡᠳ᠋ ᠳᠠᠷᠤᠭ᠎ᠠ ᠵᠠᠩ ᠸᠧᠨ ᠪᠢᠨ᠂ ᠲᠣᠰᠬᠤᠨ ᠤ ᠱᠦᠵᠢ ᠬᠤᠸᠠᠩ | ᠵᠢᠶᠠᠩ 8 ᠡᠷᠦᠬᠡ ︽ᠬᠠᠮᠤᠭ ᠤᠨ ᠭᠤᠶᠤ ᠭᠡᠷ ᠪᠦᠯᠢ︾ ᠳᠤ ᠢᠷᠠᠭᠤ ᠠᠯᠳᠠᠷ ᠤᠨ ᠦᠨᠡᠮᠯᠡᠯ ᠣᠯᠭᠤᠪᠠ᠃ | ᠲᠣᠰᠬᠤᠨ ᠤ ᠠᠷᠠᠳ ᠯᠢ ᠦ᠋ ᠵᠢᠶᠠᠩ ᠥᠪᠡᠷ ᠢᠶᠠᠨ ᠨᠠᠶᠢᠷᠠᠭᠤᠯᠤᠭᠰᠠᠨ ᠳ᠋ᠦᠩ ᠵᠢᠶᠠ ᠲᠣᠰᠬᠤᠨ ᠤ ᠳᠠᠭᠤᠤ ᠶᠢ | ᠳᠠᠭᠤᠯᠠᠵᠤ᠂ ᠤᠯᠠᠨ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠵᠢᠴᠢ ᠨᠠᠮ ᠪᠣᠯᠤᠨ | ᠤᠯᠤᠰ ᠢ ᠳᠡᠭᠡᠳᠦ ᠬᠡᠮᠵᠢᠶ᠎ᠡ ᠪᠠᠷ ᠮᠡᠳᠡᠷᠡᠵᠦ ᠪᠠᠶᠢᠬᠤ ᠪᠠ ᠲᠠᠯᠠᠷᠬᠠᠵᠤ ᠪᠠᠶᠢᠬᠤ ᠰᠡᠳᠬᠢᠯᠭᠡ ᠪᠠᠨ ᠢᠯᠡᠷᠡᠭᠦᠯᠪᠡ᠃ | ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠣᠯᠠᠨ ᠲᠦᠮᠡᠨ ᠤ ᠲᠥᠷᠥ ᠶᠢᠨ ᠪᠣᠳᠣᠯᠭ᠎ᠠ ᠶᠢ ᠮᠡᠳᠡᠬᠦ | ᠨᠣᠷᠮ᠎ᠠ ᠪᠠ ᠣᠷᠣᠯᠴᠠᠬᠤ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠵᠦ᠂ ᠣᠯᠠᠨ ᠲᠦᠮᠡᠨ ᠳᠤ ᠨᠠᠮ ᠤᠨ ᠬᠠᠶᠢᠷ᠎ᠠ | ᠬᠠᠯᠠᠮᠵᠢ ᠶᠢ ᠮᠡᠳᠡᠷᠡᠭᠦᠯᠵᠦ᠂ ᠨᠠᠮ ᠪᠠ ᠣᠯᠠᠨ ᠲᠦᠮᠡᠨ᠂ ᠺᠠᠳ᠋ᠷ ᠪᠠ ᠣᠯᠠᠨ ᠲᠦᠮᠡᠨ ᠤ ᠬᠠᠷᠢᠴᠠᠭ᠎ᠠ ᠶᠢ ᠤᠯᠠᠮ ᠨᠢᠭᠡ | ᠠᠯᠬᠤᠮ ᠣᠶᠢᠷᠠᠲᠤᠭᠤᠯᠵᠤ᠂ ᠥᠷᠭᠡᠨ ᠣᠯᠠᠨ ᠨᠠᠮ ᠤᠨ ᠭᠡᠰᠢᠭᠦᠨ ᠣᠯᠠᠨ ᠲᠦᠮᠡᠨ ᠤ ᠨᠠᠮ ᠤᠨ ᠦᠭᠡ ᠶᠢ | ᠰᠣᠨᠣᠰᠬᠤ᠂ ᠨᠠᠮ ᠤᠨ ᠠᠴᠢ ᠳᠤ ᠲᠠᠯᠠᠷᠬᠠᠬᠤ᠂ ᠨᠠᠮ ᠢᠶᠠᠨ ᠳᠠᠭᠠᠬᠤ ᠢᠲᠡᠭᠡᠯ ᠵᠣᠷᠢᠭ ᠢ ᠪᠠᠲᠤᠳᠬᠠᠪᠠ᠃ | ᠣᠷᠴᠢᠭᠤᠯᠣᠭᠴᠢ᠄ ᠬᠠᠨᠠᠭᠠᠷ | ᠬᠢᠨᠠᠭᠴᠢ᠄ ᠬᠠᠨᠠᠭᠠᠷ |