2024 ᠣᠨ ᠤ 11 ᠰᠠᠷ᠎ᠠ ᠶᠢᠨ 20 ᠤ ᠡᠳᠦᠷ᠂ ᠶᠡᠭᠡ ᠬᠦᠷᠢᠶ᠎ᠡ ᠰᠢᠶᠠᠩ ᠲᠠᠪᠤᠳᠤᠭᠠᠷ ᠬᠤᠭᠤᠴᠠᠭᠠᠨ ᠤ | ᠠᠷᠠᠳ ᠤᠨ ᠶᠡᠭᠡ ᠬᠤᠷᠠᠯ ᠤᠨ ᠵᠢᠷᠭᠤᠳᠤᠭᠠᠷ ᠤᠳᠠᠭ᠎ᠠ ᠶᠢᠨ ᠬᠤᠷᠠᠯ ᠢ ᠬᠤᠷᠠᠯᠳᠤᠭᠤᠯᠵᠤ᠂ ᠶᠡᠭᠡ ᠬᠦᠷᠢᠶ᠎ᠡ | ᠰᠢᠶᠠᠩ ᠤᠨ ᠪᠦᠬᠦ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠬᠤᠷᠠᠯ ᠳᠤ ᠣᠷᠣᠯᠴᠠᠵᠤ᠂ | ᠰᠢᠶᠠᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠷᠢᠯᠴᠠᠵᠤ ᠵᠢᠭᠠᠨ ᠵᠢᠯᠣᠭᠤᠳᠬᠤ | ᠳᠤᠭᠤᠶᠢᠯᠠᠩ ᠯᠢ ᠶᠢᠩ ᠨᠥᠬᠦᠷ᠂ ᠷᠦᠩ ᠵᠢᠢ ᠹᠧᠩ ᠨᠥᠬᠦᠷ᠂ ᠰᠢᠨ ᠴᠤᠸᠠᠨ ᠹᠸᠢ ᠨᠥᠬᠦᠷ ᠶᠡᠭᠡ ᠬᠤᠷᠠᠯ ᠳᠤ | ᠣᠷᠣᠯᠴᠠᠵᠤ ᠵᠢᠭᠠᠨ ᠵᠢᠯᠣᠭᠤᠳᠪᠠ᠃ | ᠲᠤᠰ ᠤᠳᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠡᠭᠡᠷ᠎ᠡ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ 44 ᠲᠥᠯᠥᠭᠡᠯᠡᠭᠴᠢ ᠬᠤᠷᠠᠯ ᠳᠤ ᠣᠷᠣᠯᠴᠠᠵᠤ᠂ ᠬᠤᠷᠠᠯ ᠳᠡᠭᠡᠷ᠎ᠡ ᠶᠡᠭᠡ | ᠬᠦᠷᠢᠶ᠎ᠡ ᠰᠢᠶᠠᠩ ᠤᠨ ᠪᠦᠬᠦ ᠲᠥᠯᠥᠭᠡᠯᠡᠭᠴᠢᠳ ᠪᠢᠯᠧᠲ ᠥᠭᠴᠦ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠦᠷᠢᠯᠳᠦᠬᠦᠨ ᠵᠢᠴᠢ ᠨᠠᠷᠢᠨ ᠪᠢᠴᠢᠭ ᠤᠨ ᠳᠠᠷᠤᠭ᠎ᠠ ᠶᠢᠨ ᠵᠥᠪᠯᠡᠯᠭᠡ | ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠠᠵᠢᠯ ᠤᠨ | ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠵᠦ᠂ ︽ᠡᠳ᠋ ᠤᠨ ᠵᠠᠰᠠᠭ ᠤᠨ ᠲᠥᠰᠦᠪ ᠪᠠ ᠲᠥᠰᠦᠪ ᠤᠨ | ᠭᠦᠢᠴᠡᠳᠬᠡᠯ ᠤᠨ ᠮᠡᠳᠡᠭᠦᠯᠦᠯᠲᠡ︾ ᠪᠠ ︽ᠶᠡᠭᠡ ᠬᠦᠷᠢᠶ᠎ᠡ ᠰᠢᠶᠠᠩ ᠤᠨ ᠤᠯᠤᠰ ᠤᠨ ᠭᠠᠵᠠᠷ ᠰᠢᠷᠣᠢ ᠶᠢᠨ ᠣᠷᠣᠨ | ᠵᠠᠢ ᠶᠢᠨ ᠶᠡᠷᠦᠩᠬᠡᠢ ᠲᠥᠯᠥᠪᠵᠢᠭᠦᠯᠭᠡ ︵2021 - 2035︶︾ ᠶᠢ ᠬᠢᠨᠠᠨ ᠵᠥᠪᠯᠡᠵᠦ᠂ ᠲᠠᠪᠤᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠡᠭᠦᠷᠭᠡ | ᠲᠤᠰᠢᠶᠠᠯ ᠢᠶᠠᠨ ᠭᠦᠢᠴᠡᠳᠬᠡᠬᠦ ᠮᠡᠳᠡᠭᠦᠯᠦᠯᠲᠡ ᠶᠢ ᠰᠣᠨᠣᠰᠴᠤ᠂ ᠲᠥᠯᠥᠭᠡᠯᠡᠭᠴᠢᠳ ᠲᠤ ᠬᠤᠶᠢᠰᠢᠳᠠ ᠶᠢᠨ ᠠᠵᠢᠯ ᠤᠨ | ᠴᠢᠭᠯᠡᠯ ᠪᠠ ᠲᠥᠯᠥᠪᠵᠢᠭᠦᠯᠭᠡ ᠶᠢ ᠤᠢᠢᠯᠠᠭᠠᠭᠤᠯᠵᠤ᠂ ᠲᠥᠯᠥᠭᠡᠯᠡᠭᠴᠢᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ | ᠠᠵᠢᠯ ᠢ ᠠᠬᠢᠭᠤᠯᠬᠤ ᠳᠤ ᠵᠢᠯᠣᠭᠤᠳᠬᠤ ᠴᠢᠨᠠᠷᠲᠠᠢ ᠠᠴᠢ ᠬᠤᠯᠪᠣᠭᠳᠠᠯ ᠲᠠᠢ ᠶᠤᠮ᠃ | ᠲᠤᠰ ᠤᠳᠠᠭ᠎ᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠪᠠᠰᠠ 2024 ᠣᠨ ᠤ | ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠤᠨ ᠤᠯᠠᠨ ᠲᠦᠮᠡᠨ ᠤ ᠬᠠᠨᠤᠮᠵᠢ ᠶᠢᠨ | ᠬᠡᠮᠵᠢᠶ᠎ᠡ ᠶᠢᠨ ᠲᠤᠬᠠᠢ ᠪᠢᠯᠧᠲ ᠥᠭᠴᠦ᠂ ᠤᠯᠠᠨ ᠲᠦᠮᠡᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ | ᠲᠦᠷᠦᠯ ᠵᠦᠢᠯ ᠤᠨ ᠲᠤᠬᠠᠢ ᠪᠣᠳᠠᠲᠠᠢ ᠬᠠᠨᠤᠮᠵᠢ ᠶᠢᠨ ᠬᠡᠮᠵᠢᠶ᠎ᠡ ᠶᠢ ᠣᠶᠢᠯᠠᠭᠠᠵᠤ᠂ ᠤᠯᠠᠨ ᠲᠦᠮᠡᠨ ᠤ ᠡᠯ᠎ᠡ | ᠲᠠᠯ᠎ᠠ ᠶᠢᠨ ᠬᠠᠷᠢᠭᠤ ᠲᠤᠰᠬᠠᠯ ᠢ ᠣᠯᠵᠤ᠂ ᠳᠠᠷᠠᠭᠠᠴᠢ ᠶᠢᠨ ᠠᠯᠬᠤᠮ ᠤᠨ ᠠᠷᠠᠳ ᠤᠨ ᠠᠮᠢᠳᠤᠷᠠᠯ ᠤᠨ ᠪᠣᠳᠠᠲᠤ | ᠶᠠᠪᠤᠳᠠᠯ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠳᠤ ᠪᠠᠲᠤ ᠪᠠᠬᠢ ᠤᠯᠠᠨ ᠲᠦᠮᠡᠨ ᠤ ᠰᠠᠭᠤᠷᠢ ᠶᠢ | ᠬᠠᠩᠭᠠᠵᠠᠢ᠃ | ᠲᠣᠰ ᠤᠳᠠᠭᠠᠨ ᠤ ᠶᠡᠭᠡ ᠬᠤᠷᠠᠯ ᠠᠴᠠ ᠪᠠᠰᠠ ᠪᠢᠯᠧᠲ ᠥᠭᠴᠦ ᠶᠡᠭᠡ ᠬᠦᠷᠢᠶ᠎ᠡ ᠰᠢᠶᠠᠩ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠪᠣᠯᠤᠨ ᠠᠷᠠᠳ ᠤᠨ ᠵᠠᠰᠠᠭ ᠤᠨ ᠣᠷᠳᠣᠨ ᠤ ᠰᠢᠶᠠᠩ ᠤᠨ | ᠳᠠᠷᠤᠭ᠎ᠠ ᠪᠠᠷ ᠰᠣᠩᠭᠤᠭᠳᠠᠭᠰᠠᠨ ᠱᠢ ᡁᠢ ᠭᠤᠸᠠᠩ᠂ ᠯᠢ ᠴᠢᠶᠠᠩ ᠬᠤᠶᠠᠷ ᠨᠥᠬᠦᠷ ᠢ ᠤᠯᠤᠰ ᠤᠨ ᠰᠦᠯᠳᠡ ᠠᠴᠠ | ᠡᠮᠦᠨ᠎ᠡ ᠦᠨᠳᠦᠰᠦᠨ ᠬᠠᠤᠯᠢ ᠳᠤ ᠲᠠᠩᠭᠠᠷᠢᠭᠯᠠᠵᠤ᠂ ᠲᠡᠳᠡᠨ ᠤ ᠡᠬᠡ ᠤᠯᠤᠰ ᠲᠠᠭᠠᠨ ᠦᠨᠡᠨᠴᠢ ᠰᠢᠳᠤᠷᠭᠤ᠂ ᠠᠷᠠᠳ | ᠲᠦᠮᠡᠨ ᠳᠡᠭᠡᠨ ᠦᠨᠡᠨᠴᠢ ᠰᠢᠳᠤᠷᠭᠤ᠂ ᠡᠭᠦᠷᠭᠡ ᠲᠤᠰᠢᠶᠠᠯ ᠢᠶᠠᠨ ᠬᠢᠴᠢᠶᠡᠩᠭᠦ᠋ᠢᠯᠡᠨ ᠭᠦᠢᠴᠡᠳᠬᠡᠵᠦ᠂ ᠠᠷᠢᠭᠤᠨ | ᠴᠢᠬᠡᠴᠢ ᠪᠠᠷ ᠠᠯᠪᠠᠨ ᠤ ᠲᠥᠯᠥᠭᠡ ᠵᠢᠳᠬᠦᠵᠦ᠂ ᠣᠯᠠᠨ ᠲᠦᠮᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠬᠦ | ᠵᠣᠷᠢᠭ ᠢᠶᠠᠨ ᠭᠦᠨ ᠢᠯᠡᠳᠬᠡᠵᠡᠶ᠃ | ᠲᠣᠰ ᠤᠳᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ | ᠪᠥᠬᠦᠳᠡ ᠬᠤᠷᠠᠯ ᠳᠡᠭᠡᠷ᠎ᠡ᠂ ᠰᠢᠶᠠᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠢᠯᠣᠭᠤᠳᠬᠤ | ᠳᠤᠭᠤᠶᠢᠯᠠᠩ ᠯᠢ ᠶᠢᠩ ᠨᠥᠬᠦᠷ ᠲᠠᠢ ᠬᠠᠷᠢᠯᠴᠠᠵᠤ ᠶᠡᠭᠡ ᠬᠦᠷᠢᠶ᠎ᠡ ᠰᠢᠶᠠᠩ ᠤᠨ ᠲᠠᠪᠤᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠢᠷᠭᠤᠳᠤᠭᠠᠷ ᠬᠤᠷᠠᠯᠳᠤᠭᠠᠨ ᠤ ᠠᠮᠵᠢᠯᠲᠠ ᠲᠠᠢ ᠬᠤᠷᠠᠯᠳᠤᠬᠤ | ᠲᠤᠬᠠᠶ ᠴᠢᠬᠤᠯᠠ ᠵᠢᠯᠣᠭᠤᠳᠬᠤ ᠶᠠᠷᠢᠶ᠎ᠠ ᠲᠠᠯᠪᠢᠪᠠ᠂ ᠲᠡᠷᠡ᠂ ᠶᠡᠭᠡ ᠬᠦᠷᠢᠶ᠎ᠡ ᠰᠢᠶᠠᠩ ᠤᠨ ᠲᠠᠪᠤᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠲᠥᠯᠥᠭᠡᠯᠡᠭᠴᠢᠳ ᠪᠣᠯᠤᠨ ᠠᠵᠢᠯᠲᠠᠳ ᠤᠨ | ᠬᠠᠮᠲᠤ ᠶᠢᠨ ᠴᠢᠷᠮᠠᠶᠢᠯᠭ᠎ᠠ ᠪᠠᠷ᠂ ᠡᠯ᠎ᠡ ᠵᠦᠢᠯ ᠤᠨ ᠵᠥᠪᠯᠡᠬᠦ ᠵᠦᠢᠯ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ | ᠶᠡᠭᠡ ᠬᠦᠷᠢᠶ᠎ᠡ ᠰᠢᠶᠠᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯᠤᠨ | ᠠᠵᠢᠯᠲᠠᠨ ᠤ ᠢᠳᠡᠪᠬᠢᠲᠡᠶ ᠪᠠᠷ ᠥᠭᠡᠳᠡᠯᠡᠨ ᠳᠠᠪᠰᠢᠬᠤ ᠣᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠵᠦ᠂ | ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠬᠥᠮᠦᠰ ᠢ ᠵᠣᠷᠢᠭᠵᠢᠭᠤᠯᠤᠨ ᠤᠷᠤᠭᠰᠢᠯᠠᠭᠤᠯᠬᠤ ᠶᠡᠭᠡ | ᠬᠤᠷᠠᠯ ᠪᠣᠯᠵᠠᠶ᠃ ᠲᠡᠷᠡ ᠴᠢᠬᠤᠯᠠᠴᠢᠯᠠᠭᠰᠠᠨ ᠨᠢ᠂ ᠬᠤᠷᠠᠯ ᠳᠤ ᠣᠷᠣᠯᠴᠠᠭᠰᠠᠳ ᠬᠤᠷᠠᠯ ᠤᠨ ᠵᠣᠷᠢᠭ ᠰᠠᠨᠠᠭ᠎ᠠ | ᠪᠣᠯᠤᠨ ᠨᠢᠭᠡᠨᠲᠡ ᠲᠣᠭᠲᠠᠭᠠᠭᠰᠠᠨ ᠲᠡᠮᠡᠴᠡᠬᠦ ᠬᠠᠷᠠᠯᠲᠠ ᠪᠠᠨ ᠪᠠᠲᠤ ᠴᠡᠭᠡᠵᠢᠯᠡᠵᠦ᠂ ᠠᠷᠠᠳ ᠲᠦᠮᠡᠨ ᠤ ᠬᠦᠨᠳᠦ | ᠨᠠᠶᠢᠳᠠᠯᠭ᠎ᠠ ᠶᠢ ᠭᠦᠨᠵᠡᠭᠡᠶ ᠪᠠᠲᠤ ᠴᠡᠭᠡᠵᠢᠯᠡᠵᠦ᠂ ᠰᠤᠷᠤᠯᠴᠠᠯᠭ᠎ᠠ ᠪᠠᠨ ᠲᠠᠰᠤᠷᠠᠯᠲᠠ ᠦᠭᠡᠢ ᠴᠢᠩᠭᠠᠳᠬᠠᠵᠤ᠂ | ᠶᠡᠷᠦᠩᠬᠡᠶᠢᠯᠡᠭᠰᠡᠨ ᠬᠡᠪ ᠴᠢᠨᠠᠷ ᠪᠣᠯᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠤᠯᠠᠮ ᠨᠢᠭᠡ | ᠠᠯᠬᠤᠮ ᠳᠡᠭᠡᠭᠰᠢᠯᠡᠭᠦᠯᠵᠦ᠂ ᠰᠢᠶᠠᠩ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠣᠯ ᠠᠵᠢᠯ ᠤᠨ | ᠲᠣᠭᠤᠷᠢᠨ ᠳᠤ ᠶᠡᠭᠡ ᠶᠠᠪᠤᠳᠠᠯ ᠢ ᠵᠥᠪᠯᠡᠵᠦ᠂ ᠪᠦᠬᠦ ᠲᠠᠯ᠎ᠠ ᠶᠢ ᠪᠣᠳᠣᠯᠬᠢᠯᠠᠵᠤ᠂ ᠠᠷᠭ᠎ᠠ ᠤᠬᠠᠭᠠᠨ ᠭᠠᠷᠭᠠᠵᠤ᠂ | ᠲᠥᠯᠥᠭᠡᠯᠡᠭᠴᠢ ᠶᠢᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠲᠥᠯᠥᠭᠡᠯᠡᠭᠴᠢ ᠶᠢᠨ | ᠦᠢᠯᠡᠳᠦᠯ ᠢᠶᠠᠨ ᠭᠦᠢᠴᠡᠳ ᠪᠠᠳᠠᠷᠠᠭᠤᠯᠬᠤ ᠬᠡᠷᠡᠭᠲᠡᠢ᠃ | ᠳᠠᠷᠠᠭ᠎ᠠ ᠨᠢ᠂ ᠶᠡᠭᠡ ᠬᠦᠷᠢᠶ᠎ᠡ ᠰᠢᠶᠠᠩ ᠤᠨ ᠨᠠᠮ ᠤᠨ ᠬᠤᠷᠢᠶᠠᠨ ᠤ ᠱᠦᠵᠢ ᠾᠧ ᠶᠦᠩ ᠯᠠᠢ ᠨᠥᠬᠦᠷ | ᠰᠢᠶᠠᠩ ᠤᠨ ᠨᠠᠮ ᠤᠨ ᠬᠤᠷᠢᠶ᠎ᠠ ᠶᠢ ᠲᠥᠯᠥᠭᠡᠯᠡᠨ ᠶᠠᠷᠢᠶ᠎ᠠ ᠲᠠᠯᠪᠢᠵᠤ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢ ᠶᠡᠭᠡ ᠬᠦᠷᠢᠶ᠎ᠡ ᠰᠢᠶᠠᠩ ᠤᠨ ᠭᠤᠣᠯᠯᠠᠭᠴᠢ ᠬᠦᠴᠦᠨ ᠪᠠ ᠭᠤᠣᠯ ᠬᠦᠴᠦᠨ | ᠪᠣᠯᠤᠭᠰᠠᠨ ᠤ ᠬᠤᠪᠢ ᠳᠤ᠂ ᠡᠷᠬᠡᠪᠰᠢ ᠬᠤᠶᠢᠰᠢᠳᠠ ᠶᠢᠨ ᠠᠵᠢᠯ ᠤᠨ ᠳᠤᠮᠳᠠ ᠵᠢᠱᠢᠶᠡᠴᠢ ᠳᠠᠭᠠᠭᠤᠯᠬᠤ | ᠦᠢᠯᠡᠳᠦᠯ ᠢᠶᠠᠨ ᠨᠡᠩ ᠰᠠᠶᠢᠲᠤᠷ ᠪᠠᠳᠠᠷᠠᠭᠤᠯᠵᠤ᠂ ᠤᠶᠤᠨ ᠴᠢᠳᠠᠯ ᠢᠶᠠᠨ ᠲᠥᠪᠯᠡᠷᠡᠭᠦᠯᠦᠨ ᠬᠥᠭᠵᠢᠯᠲᠡ ᠶᠢ | ᠠᠳᠬᠤᠵᠤ᠂ ᠤᠬᠠᠮᠰᠠᠷ ᠠᠴᠠ ᠪᠠᠨ ᠲᠦᠷᠦᠭᠦᠯᠡᠨ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ᠂ ᠴᠢᠨᠠᠷ ᠰᠠᠶᠢᠲᠠᠢ᠂ | ᠬᠠᠨᠳᠤᠯᠭᠠᠲᠤ ᠴᠢᠨᠠᠷᠲᠠᠢ ᠰᠠᠨᠠᠯ ᠰᠠᠨᠠᠭᠤᠯᠭ᠎ᠠ ᠳᠤᠷᠠᠳᠴᠤ᠂ ᠤᠬᠠᠮᠰᠠᠷ ᠠᠴᠠ ᠪᠠᠨ ᠲᠦᠷᠦᠭᠦᠯᠡᠨ ᠬᠦᠴᠢᠷ ᠢ | ᠲᠤᠭᠤᠯᠤᠨ ᠪᠡᠷᠬᠡ ᠶᠢ ᠳᠠᠪᠠᠵᠤ᠂ ᠡᠯ᠎ᠡ ᠵᠦᠢᠯ ᠤᠨ ᠵᠥᠷᠢᠴᠡᠯ ᠢ ᠰᠠᠨᠠᠭᠠᠴᠢᠯᠠᠭ᠎ᠠ ᠠᠴᠠ ᠪᠠᠨ ᠰᠢᠢᠳᠪᠦᠷᠢᠯᠡᠵᠦ᠂ ᠡᠯ᠎ᠡ | ᠵᠦᠢᠯ ᠤᠨ ᠬᠦᠴᠢᠷᠳᠡᠯ ᠢ ᠰᠠᠨᠠᠭᠠᠴᠢᠯᠠᠭ᠎ᠠ ᠠᠴᠠ ᠪᠠᠨ ᠰᠢᠢᠳᠪᠦᠷᠢᠯᠡᠵᠦ᠂ ᠤᠬᠠᠮᠰᠠᠷ ᠠᠴᠠ ᠪᠠᠨ ᠲᠦᠷᠦᠭᠦᠯᠡᠨ ᠬᠦᠨᠳᠦ | ᠡᠭᠦᠷᠭᠡ ᠶᠢ ᠡᠭᠦᠷᠭᠡᠯᠡᠵᠦ᠂ ᠵᠢᠱᠢᠶ᠎ᠡ ᠦᠵᠡᠭᠦᠯᠵᠦ ᠳᠠᠭᠠᠭᠤᠯᠬᠤ ᠦᠢᠯᠡᠳᠦᠯ ᠢᠶᠠᠨ ᠦᠨᠡᠨ ᠬᠦ ᠰᠠᠶᠢᠲᠤᠷ | ᠪᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠾᠧ ᠶᠦᠩ ᠯᠠᠢ ᠱᠦᠵᠢ ᠬᠤᠷᠠᠯ ᠳᠤ ᠣᠷᠣᠯᠴᠠᠭᠰᠠᠳ ᠢ ᠰᠢᠶᠠᠩ ᠤᠨ ᠨᠠᠮ ᠤᠨ ᠬᠤᠷᠢᠶᠠᠨ ᠤ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠨᠠᠮ ᠤᠨ ᠡᠯ᠎ᠡ ᠵᠦᠢᠯ ᠤᠨ ᠴᠢᠭᠯᠡᠯᠲᠡ᠂ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ | ᠲᠤᠤᠱᠯᠠᠭᠤᠯᠤᠨ ᠬᠡᠷᠡᠭᠵᠢᠭᠦᠯᠵᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ | ᠪᠠᠶᠢᠭᠤᠯᠬᠤ ᠰᠢᠨ᠎ᠡ ᠠᠶᠠᠨ ᠢ ᠡᠬᠢᠯᠡᠭᠦᠯᠵᠦ᠂ ᠢᠲᠡᠭᠡᠯ ᠵᠣᠷᠢᠭ ᠢᠶᠠᠨ ᠪᠠᠲᠤᠳᠬᠠᠵᠤ᠂ ᠴᠤᠭ ᠰᠦᠯᠳᠡ ᠪᠠᠨ | ᠪᠠᠳᠠᠷᠠᠭᠤᠯᠵᠤ᠂ ᠡᠷᠡᠰ ᠰᠢᠭᠤᠷᠬᠠᠢ ᠪᠠᠷ ᠤᠷᠤᠭᠰᠢᠯᠠᠨ ᠲᠠᠪᠰᠢᠵᠦ᠂ ᠵᠠᠮ ᠨᠡᠭᠡᠭᠡᠨ ᠰᠢᠨ᠎ᠡ ᠶᠢ ᠡᠭᠦᠳᠴᠦ᠂ ᠲᠦᠯᠬᠢᠨ | ᠠᠬᠢᠭᠤᠯᠬᠤ ᠬᠡᠷᠡᠭᠲᠡᠢ ᠭᠡᠵᠦ ᠤᠷᠢᠶᠠᠯᠠᠪᠠ᠃ | ᠣᠷᠴᠢᠭᠤᠯᠣᠭᠴᠢ᠄ ᠬᠠᠨᠠᠭᠠᠷ | ᠬᠢᠨᠠᠭᠴᠢ᠄ ᠬᠠᠨᠠᠭᠠᠷ |