ᠳᠤᠮᠳᠠᠳᠤ ᠤᠯᠤᠰ ᠤᠨ ᠨᠡᠶᠢᠳᠡᠮ ᠬᠡᠷᠡᠭᠯᠡᠬᠦ ᠮᠡᠷᠭᠡᠵᠢᠯ ᠤᠨ ᠪᠦᠯᠦᠭᠯᠡᠯ ᠤᠨ ᠠᠮᠤᠷ ᠲᠦᠪᠰᠢᠨ ᠤ ᠶᠠᠰᠤ ᠴᠢᠨᠠᠷ ᠲᠤ ᠬᠢᠨᠠᠯᠲᠠ ᠲᠠᠯᠪᠢᠬᠤ ᠬᠡᠯᠲᠡᠰ ᠤᠨ ᠳᠡᠳ᠋ ᠶᠡᠷᠦᠩᠬᠡᠶ ᠳᠠᠭᠠᠭᠠᠮᠠᠯ ᠯᠢᠦ ᡁᠢ ᠸᠧᠶ ᠮᠠᠨ ᠤ ᠰᠢᠶᠠᠨ ᠳᠤ ᠢᠷᠡᠵᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/12/2
   11 ᠰᠠᠷ᠎ᠠ ᠶᠢᠨ 30 ᠤ ᠡᠳᠦᠷ᠂ ᠳᠤᠮᠳᠠᠳᠤ ᠤᠯᠤᠰ ᠤᠨ ᠨᠡᠶᠢᠳᠡᠮ ᠬᠡᠷᠡᠭᠯᠡᠬᠦ ᠮᠡᠷᠭᠡᠵᠢᠯ ᠤᠨ ᠪᠦᠯᠦᠭᠯᠡᠯ ᠤᠨ ᠠᠮᠤᠷ ᠲᠦᠪᠰᠢᠨ ᠤ ᠶᠠᠰᠤ ᠴᠢᠨᠠᠷ ᠲᠤ ᠬᠢᠨᠠᠯᠲᠠ ᠲᠠᠯᠪᠢᠬᠤ ᠬᠡᠯᠲᠡᠰ ᠤᠨ ᠳᠡᠳ᠋ ᠶᠡᠷᠦᠩᠬᠡᠶ ᠳᠠᠭᠠᠭᠠᠮᠠᠯ ᠯᠢᠦ ᡁᠢ ᠸᠧᠶ ᠨᠡᠷ ᠮᠠᠨ ᠤ ᠰᠢᠶᠠᠨ ᠳᠤ ᠢᠷᠡᠵᠦ ᠪᠠᠶᠢᠴᠠᠭᠠᠨ ᠰᠤᠳᠤᠯᠤᠯᠲᠠ ᠬᠢᠪᠡ᠃ ᠰᠢᠶᠠᠨ ᠤ ᠤᠳᠤᠷᠢᠳᠤᠯᠭ᠎ᠠ ᠸᠠᠩ ᠲᠢᠶᠠᠨ ᠢᠦᠢ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃    ᠯᠢᠦ ᡁᠢ ᠸᠧᠢ ᠨᠠᠷ ᠱᠢ ᠪᠠ ᠴᠢᠩ ᠪᠠᠯᠭᠠᠰᠤ ᠶᠢᠨ ᠴᠢᠤᠸᠠᠨ ᠨᠤᠤ ᠽᠢ ᠲᠣᠰᠬᠤᠨ ᠤ ᠱᠠᠩᠳᠤ ᠰᠢᠶᠠᠨ ᠤ ᠢᠦᠢ ᠲᠢᠶᠠᠨ ᠲᠠᠷᠢᠵᠤ ᠲᠡᠵᠢᠭᠡᠨ ᠦᠷᠡᠵᠢᠭᠦᠯᠬᠦ ᠲᠤᠰᠬᠠᠢ ᠬᠤᠷᠰᠢᠶ᠎ᠠ ᠳᠤ ᠭᠦᠨᠵᠡᠭᠡᠶᠢᠷᠡᠵᠦ᠂ ᠬᠤᠷᠰᠢᠶ᠎ᠠ ᠶᠢᠨ ᠠᠯᠠᠰᠢᠨ ᠬᠤᠨᠢ ᠲᠡᠵᠢᠭᠡᠨ ᠦᠷᠡᠵᠢᠭᠦᠯᠬᠦ ᠲᠦᠷᠦᠯ ᠵᠦᠢᠯ ᠤᠨ ᠡᠵᠡᠩᠨᠡᠯᠲᠡ ᠶᠢᠨ ᠪᠠᠶᠢᠳᠠᠯ ᠢ ᠨᠠᠷᠢᠨ ᠣᠶᠢᠯᠠᠭᠠᠪᠠ᠃ ᠲᠣᠰ ᠲᠥᠷᠥᠯ ᠵᠦᠢᠯ ᠪᠣᠯ ᠳᠤᠮᠳᠠᠳᠤ ᠤᠯᠤᠰ ᠤᠨ ᠨᠡᠶᠢᠳᠡᠮ ᠬᠡᠷᠡᠭᠯᠡᠬᠦ ᠮᠡᠷᠭᠡᠵᠢᠯ ᠤᠨ ᠪᠦᠯᠦᠭᠯᠡᠯ ᠠᠴᠠ 50 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠪᠡᠭᠡᠵᠢᠩ ᠤᠨ ᠫᠢᠩ ᠭᠦ᠋ ᠲᠣᠭᠤᠷᠢᠭ ᠲᠤ 30 ᠲᠦᠮᠡᠨ ᠲᠥᠭᠦᠷᠢᠭ ᠤᠨ ᠪᠡᠯᠡ ᠣᠷᠣᠭᠤᠯᠵᠤ ᠪᠠᠶᠢᠭᠤᠯᠵᠤ᠂ ᠱᠠᠩᠳᠤ ᠰᠢᠶᠠᠨ ᠤ ᠬᠥᠳᠡᠭᠡ ᠲᠣᠰᠬᠤᠨ ᠤ ᠲᠡᠵᠢᠭᠡᠨ ᠦᠷᠡᠵᠢᠭᠦᠯᠬᠦ ᠦᠢᠯᠡᠰ ᠤᠨ ᠬᠥᠭᠵᠢᠯᠲᠡ ᠳᠤ ᠬᠡᠷᠡᠭᠯᠡᠨ᠎ᠡ᠃ ᠲᠡᠷᠡ ᠲᠤᠰ ᠲᠦᠷᠦᠯ ᠵᠦᠢᠯ ᠨᠢ ᠱᠠᠩᠳᠤ ᠰᠢᠶᠠᠨ ᠤ ᠣᠷᠭᠠᠨᠢᠭ ᠪᠣᠬᠢᠷᠲᠤᠯ ᠦᠭᠡᠢ ᠠᠯᠠᠰᠢᠨ ᠬᠤᠨᠢᠨ ᠤ ᠲᠦᠷᠦᠯ ᠲᠡᠮᠳᠡᠭ ᠢ ᠰᠠᠶᠢᠲᠤᠷ ᠪᠠᠶᠢᠭᠤᠯᠬᠤ ᠪᠠᠷ ᠴᠢᠷᠮᠠᠶᠢᠵᠤ᠂ ᠡᠷᠬᠢᠨ ᠲᠣᠭᠤᠷᠢᠨ ᠤ ᠨᠡᠩ ᠤᠯᠠᠨ ᠲᠠᠷᠢᠶᠠᠴᠢᠨ ᠡᠷᠦᠬᠡ ᠶᠢ ᠲᠠᠶᠢᠴᠢᠯᠠᠨ ᠠᠯᠠᠰᠢᠨ ᠬᠤᠨᠢ ᠲᠡᠵᠢᠭᠡᠨ ᠦᠷᠡᠵᠢᠭᠦᠯᠬᠦ ᠠᠵᠤ ᠦᠢᠯᠡᠰ ᠢ ᠬᠥᠭᠵᠢᠭᠦᠯᠵᠦ᠂ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠶᠢ ᠬᠦᠰᠡᠪᠡ᠃    ᠴᠢᠤᠸᠠᠨ ᠨᠤᠤ ᠽᠢ ᠲᠣᠰᠬᠤᠨ ᠤ ᠠᠷᠠᠳ ᠤᠨ ᠵᠥᠪᠯᠡᠯ ᠳᠤ᠂ ᠯᠢᠦ ᡁᠢ ᠸᠧᠶ ᠳᠤᠮᠳᠠᠳᠤ ᠤᠯᠤᠰ ᠤᠨ ᠨᠡᠶᠢᠳᠡᠮ ᠬᠡᠷᠡᠭᠯᠡᠬᠦ ᠮᠡᠷᠭᠡᠵᠢᠯ ᠤᠨ ᠪᠦᠯᠦᠭᠯᠡᠯ ᠤᠨ ᠴᠢᠤᠸᠠᠨ ᠨᠣᠣ ᠵᠢᠴᠢ ᠪᠥᠬᠦ ᠰᠢᠶᠠᠨ ᠤ ᠬᠤᠤᠰᠯᠠᠯ ᠪᠣᠯᠵᠤ ᠬᠠᠪᠰᠤᠷᠤᠨ ᠲᠡᠳᠬᠦᠭᠰᠡᠨ ᠦᠷ᠎ᠡ ᠪᠦᠲᠦᠮᠵᠢ ᠶᠢ ᠨᠠᠷᠢᠨ ᠬᠢᠨᠠᠮᠠᠭᠠᠶ ᠰᠣᠨᠣᠰᠪᠠ᠃ ᠤᠢᠢᠷ᠎ᠠ ᠶᠢᠨ ᠵᠢᠯ ᠠᠴᠠ᠂ ᠳᠤᠮᠳᠠᠳᠤ ᠤᠯᠤᠰ ᠤᠨ ᠨᠡᠶᠢᠳᠡᠮ ᠬᠡᠷᠡᠭᠯᠡᠬᠦ ᠮᠡᠷᠭᠡᠵᠢᠯ ᠤᠨ ᠪᠦᠯᠦᠭᠯᠡᠯ ᠮᠡᠷᠭᠡᠵᠢᠯ᠂ ᠴᠢᠳᠠᠪᠤᠷᠢᠲᠠᠨ᠂ ᠬᠠᠮᠢᠶᠠᠷᠤᠯᠲᠠ ᠵᠡᠷᠭᠡ ᠲᠠᠯ᠎ᠠ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠱᠠᠩᠳᠤ ᠰᠢᠶᠠᠨ ᠤ ᠨᠡᠶᠢᠭᠡᠮ᠂ ᠠᠵᠤ ᠠᠬᠤᠢ᠂ ᠰᠣᠶᠣᠯ ᠵᠡᠷᠭᠡ ᠶᠢᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠪᠠ᠃ ᠯᠢᠦ ᡁᠢ ᠸᠧᠢ ᠱᠠᠩᠳᠤ ᠰᠢᠶᠠᠨ ᠤ ᠪᠦᠯᠦᠭᠯᠡᠯ ᠤᠨ ᠲᠣᠮᠢᠯᠠᠨ ᠰᠠᠭᠤᠯᠭᠠᠭᠰᠠᠨ ᠬᠥᠮᠦᠰ ᠲᠤ ᠬᠠᠩᠭᠠᠭᠰᠠᠨ ᠠᠵᠢᠯ ᠤᠨ ᠳᠡᠮᠵᠢᠯᠭᠡ ᠪᠠ ᠬᠠᠯᠠᠮᠵᠢᠯᠠᠯ ᠳᠤ ᠲᠠᠯᠠᠷᠬᠠᠵᠤ ᠪᠠᠶᠢᠬᠤ ᠪᠠᠨ ᠢᠯᠡᠳᠬᠡᠵᠦ᠂ ᠳᠤᠮᠳᠠᠳᠤ ᠤᠯᠤᠰ ᠤᠨ ᠨᠡᠶᠢᠳᠡᠮ ᠬᠡᠷᠡᠭᠯᠡᠬᠦ ᠮᠡᠷᠭᠡᠵᠢᠯ ᠤᠨ ᠪᠦᠯᠦᠭᠯᠡᠯ ᠤᠨ ᠠᠮᠤᠷ ᠲᠦᠪᠰᠢᠨ ᠤ ᠶᠠᠰᠤ ᠴᠢᠨᠠᠷ ᠲᠤ ᠬᠢᠨᠠᠯᠲᠠ ᠲᠠᠯᠪᠢᠬᠤ ᠶᠠᠮᠤᠨ ᠰᠠᠯᠠᠭ᠎ᠠ ᠮᠥᠴᠢᠷ ᠤᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠱᠠᠩᠳᠤ ᠰᠢᠶᠠᠨ ᠤ ᠬᠥᠭᠵᠢᠯᠲᠡ ᠶᠢᠨ ᠪᠣᠳᠠᠲᠤ ᠪᠠᠶᠢᠳᠠᠯ ᠳᠤ ᠰᠠᠭᠤᠷᠢᠯᠠᠵᠤ᠂ ᠴᠢᠳᠠᠯ ᠤᠨ ᠬᠢᠷᠢ ᠪᠠᠷ ᠢᠶᠠᠨ ᠱᠠᠩᠳᠤ ᠰᠢᠶᠠᠨ ᠳᠤ ᠳᠡᠮᠵᠢᠯᠭᠡ ᠪᠠ ᠬᠠᠪᠰᠤᠷᠤᠯᠭ᠎ᠠ ᠬᠠᠩᠭᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠬᠤ ᠰᠠᠭᠤᠷᠢ ᠶᠢ ᠴᠢᠨᠠᠭᠰᠢᠳᠠ ᠪᠠᠬᠢᠵᠢᠭᠦᠯᠵᠦ᠂ ᠣᠷᠣᠨ ᠪᠦᠰᠡ ᠶᠢᠨ ᠠᠵᠤ ᠠᠬᠤᠢ ᠨᠡᠶᠢᠭᠡᠮ ᠤᠨ ᠰᠢᠨ᠎ᠡ ᠬᠥᠭᠵᠢᠯᠲᠡ ᠲᠠᠢ ᠪᠣᠯᠬᠤ ᠶᠢ ᠴᠢᠷᠮᠠᠶᠢᠨ ᠠᠬᠢᠭᠤᠯᠤᠨ᠎ᠠ ᠭᠡᠵᠦ ᠢᠯᠡᠳᠬᠡᠪᠡ᠃    ᠯᠢᠦ ᡁᠢ ᠸᠧᠢ ᠨᠡᠷ ᠪᠠᠰᠠ ᠴᠢᠤᠸᠠᠨ ᠨᠤᠤ ᠽᠢ ᠲᠣᠰᠬᠤᠨ ᠤ ᠲᠠᠷᠢᠶᠠᠴᠢᠨ ᠡᠷᠦᠬᠡ ᠳᠤ ᠭᠦᠨᠵᠡᠭᠡᠶᠢᠷᠡᠵᠦ᠂ ᠲᠠᠷᠢᠶᠠᠴᠢᠨ ᠡᠷᠦᠬᠡ ᠶᠢᠨ ᠠᠮᠢᠳᠤᠷᠠᠯ᠂ ᠦᠢᠯᠡᠳᠪᠦᠷᠢᠯᠡᠯ ᠤᠨ ᠪᠠᠶᠢᠳᠠᠯ ᠢ ᠣᠶᠢᠯᠠᠭᠠᠬᠤ ᠶᠢᠨ ᠬᠠᠮᠲᠤ ᠲᠣᠬᠤᠨᠢᠭᠤᠯᠬᠤ ᠪᠣᠳᠠᠰ ᠪᠣᠯᠤᠨ ᠬᠠᠯᠠᠮᠵᠢᠯᠠᠯ ᠢ ᠬᠦᠷᠭᠡᠪᠡ᠃ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2