ᠶᠠᠩ ᠸᠧᠨ ᠾᠦᠢ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ ᠳᠤ ᠬᠦᠷᠴᠦ ᠰᠤᠷᠪᠤᠯᠵᠢᠯᠠᠬᠤ ᠪᠠᠷ ᠢᠷᠡᠭᠰᠡᠨ ᠣᠯᠠᠨ ᠲᠦᠮᠡᠨ ᠢ ᠬᠦᠯᠢᠶᠡᠨ ᠠᠪᠤᠪᠠ
ᠨᠡᠶᠢᠲᠡᠯᠡᠭᠰᠡᠨ ᠴᠠᠭ᠄
2024/12/2
 11 ᠰᠠᠷ᠎ᠠ ᠶᠢᠨ 29 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠶᠠᠩ ᠸᠧᠨ ᠾᠦᠢ ᠰᠢᠶᠠᠨ ᠤ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠳᠤ ᠬᠦᠷᠴᠦ᠂ ᠤᠯᠠᠨ ᠲᠦᠮᠡᠨ ᠤ ᠰᠡᠳᠬᠢᠯ ᠤᠨ ᠦᠭᠡ ᠶᠢ ᠨᠢᠭᠤᠷᠳᠠᠨ ᠰᠣᠨᠣᠰᠴᠤ᠂ ᠲᠤᠬᠠᠢ ᠶᠢᠨ ᠲᠠᠯᠠᠪᠤᠷ ᠲᠤ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠵᠣᠬᠢᠴᠠᠭᠤᠯᠤᠨ ᠰᠢᠢᠳᠪᠦᠷᠢᠯᠡᠪᠡ᠃ ᠰᠢᠶᠠᠨ ᠤ ᠤᠳᠤᠷᠢᠳᠤᠯᠭ᠎ᠠ ᠴᠧᠨ ᠶᠠ ᠮᠢᠩ ᠣᠷᠣᠯᠴᠠᠪᠠ᠃    ᠰᠢᠶᠠᠨ ᠤ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠶᠢᠨ ᠰᠤᠷᠪᠤᠯᠵᠢᠯᠠᠬᠤ ᠪᠠᠷ ᠢᠷᠡᠭᠰᠡᠨ ᠤᠯᠠᠨ ᠲᠦᠮᠡᠨ ᠤ ᠬᠦᠯᠢᠶᠡᠨ ᠠᠪᠬᠤ ᠲᠠᠰᠤᠭ ᠲᠤ᠂ ᠶᠠᠩ ᠸᠧᠨ ᠾᠦᠢ ᠰᠤᠷᠪᠤᠯᠵᠢᠯᠠᠬᠤ ᠪᠠᠷ ᠢᠷᠡᠭᠰᠡᠨ ᠤᠯᠠᠨ ᠲᠦᠮᠡᠨ ᠲᠠᠢ ᠬᠠᠮᠲᠤ ᠰᠠᠭᠤᠵᠤ᠂ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠤᠨ ᠤᠴᠢᠷ ᠰᠢᠯᠲᠠᠭᠠᠨ ᠢ ᠬᠦᠯᠢᠴᠡᠩᠭᠦᠢ ᠪᠠᠷ ᠯᠠᠪᠯᠠᠨ ᠠᠰᠠᠭᠤᠵᠤ᠂ ᠲᠡᠳᠡᠨ ᠤ ᠬᠦᠰᠡᠯ ᠱᠠᠭᠠᠷᠳᠠᠯᠭ᠎ᠠ ᠶᠢ ᠰᠣᠨᠣᠰᠴᠤ᠂ ᠵᠠᠬᠢᠳᠠᠯ ᠰᠤᠷᠪᠤᠯᠵᠢᠯᠠᠭ᠎ᠠ ᠶᠢᠨ ᠤᠯᠠᠨ ᠲᠦᠮᠡᠨ ᠳᠤ ᠲᠦᠷᠦ ᠶᠢᠨ ᠪᠤᠳᠤᠯᠭ᠎ᠠ ᠶᠢ ᠬᠦᠯᠢᠴᠡᠩᠭᠦᠢ ᠪᠠᠷ ᠨᠠᠷᠢᠨ ᠨᠢᠮᠪᠠᠢ ᠲᠠᠶᠢᠯᠪᠤᠷᠢᠯᠠᠵᠤ᠂ ᠠᠰᠠᠭᠤᠳᠠᠯ ᠤᠨ ᠪᠤᠢ ᠪᠣᠯᠤᠭᠰᠠᠨ ᠰᠢᠯᠲᠠᠭᠠᠨ ᠢ ᠵᠠᠳᠠᠯᠵᠤ᠂ ᠲᠤᠬᠠᠢ ᠶᠢᠨ ᠲᠠᠯᠠᠪᠠᠢ ᠳᠤ ᠰᠢᠢᠳᠪᠦᠷᠢᠯᠡᠬᠦ ᠠᠷᠭ᠎ᠠ ᠶᠢ ᠰᠤᠳᠤᠯᠵᠠᠢ᠃    ᠶᠠᠩ ᠸᠧᠨ ᠾᠦᠢ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠪᠣᠯ ᠠᠷᠠᠳ ᠤᠨ ᠪᠠᠶᠢᠳᠠᠯ ᠢ ᠣᠶᠢᠯᠠᠭᠠᠬᠤ᠂ ᠠᠷᠠᠳ ᠤᠨ ᠤᠶᠤᠨ ᠤᠬᠠᠭᠠᠨ ᠢ ᠲᠥᠪᠯᠡᠷᠡᠭᠦᠯᠬᠦ᠂ ᠠᠷᠠᠳ ᠤᠨ ᠠᠰᠢᠭ ᠲᠤᠰᠠ ᠶᠢ ᠬᠠᠮᠠᠭᠠᠯᠠᠬᠤ᠂ ᠠᠷᠠᠳ ᠤᠨ ᠰᠡᠳᠬᠢᠯ ᠢ ᠨᠢᠭᠲᠠᠷᠠᠭᠤᠯᠬᠤ ᠨᠢᠭᠡ ᠵᠦᠢᠯ ᠤᠨ ᠴᠢᠬᠤᠯᠠ ᠠᠵᠢᠯ ᠪᠣᠯᠤᠨ᠎ᠠ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠰᠠᠶᠢᠲᠤᠷ ᠨᠠᠶᠢᠳᠠᠪᠤᠷᠢᠵᠢᠭᠤᠯᠵᠤ᠂ ᠤᠯᠠᠨ ᠲᠦᠮᠡᠨ ᠤ ᠵᠦᠢ ᠶᠣᠰᠣᠨ ᠤ ᠬᠦᠰᠡᠯ ᠱᠠᠭᠠᠷᠳᠠᠯᠭ᠎ᠠ ᠶᠢ ᠬᠠᠷᠢᠭᠤᠴᠠᠯᠭ᠎ᠠ ᠪᠠ ᠬᠠᠶᠢᠷ᠎ᠠ ᠰᠡᠳᠬᠢᠯᠭᠡ ᠲᠠᠢ ᠪᠠᠷ ᠰᠠᠶᠢᠲᠤᠷ ᠰᠢᠢᠳᠪᠦᠷᠢᠯᠡᠬᠦ ᠬᠡᠷᠡᠭᠲᠡᠢ᠃ ᠵᠠᠬᠢᠳᠠᠯ ᠰᠣᠷᠪᠤᠯᠵᠢᠯᠠᠭ᠎ᠠ ᠶᠢᠨ ᠠᠰᠠᠭᠤᠳᠠᠯ ᠢ ᠦᠨᠳᠦᠰᠦ ᠠᠴᠠ ᠨᠢ ᠰᠢᠢᠳᠪᠦᠷᠢᠯᠡᠬᠦ ᠶᠢ ᠴᠢᠬᠤᠯᠠᠴᠢᠯᠠᠵᠤ᠂ ᠵᠠᠬᠢᠳᠠᠯ ᠰᠣᠷᠪᠤᠯᠵᠢᠯᠠᠭ᠎ᠠ ᠶᠢᠨ ᠬᠦᠰᠡᠯ ᠱᠠᠭᠠᠷᠳᠠᠯᠭ᠎ᠠ ᠶᠢ ᠡᠬᠢ ᠡᠭᠦᠰᠦᠯ ᠠᠴᠠ ᠨᠢ ᠪᠠᠭᠠᠰᠬᠠᠬᠤ ᠬᠡᠷᠡᠭᠲᠡᠢ᠃ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2