ᠰᠢᠶᠠᠨ ᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠲᠤᠰᠬᠠᠶ ᠰᠡᠳᠦᠪᠲᠦ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/12/2
  11 ᠰᠠᠷ᠎ᠠ ᠶᠢᠨ 28 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠲᠤᠰᠬᠠᠶ ᠰᠡᠳᠦᠪᠲᠦ ᠬᠤᠷᠠᠯ ᠬᠤᠷᠠᠯᠳᠤᠪᠠ᠃ ᠰᠢᠶᠠᠨ ᠤ ᠨᠠᠮ ᠤᠨ ᠬᠤᠷᠢᠶᠠᠨ ᠤ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠶᠠᠩ ᠸᠧᠨ ᠾᠦᠢ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠭᠦᠸᠧ ᠱᠸᠤ ᠢᠦᠶ᠂ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠭᠦᠸᠧ ᠢᠦᠶ ᠭᠤᠸᠠᠩ ᠵᠡᠷᠭᠡ ᠰᠢᠶᠠᠨ ᠭᠠᠵᠠᠷ ᠤᠨ ᠲᠠᠰ ᠤᠨ ᠤᠳᠤᠷᠢᠳᠤᠯᠭ᠎ᠠ ᠬᠤᠷᠠᠯ ᠳᠤ ᠣᠷᠣᠯᠴᠠᠵᠤ᠂ ᠡᠯ᠎ᠡ ᠰᠢᠶᠠᠩ ᠪᠠᠯᠭᠠᠰᠤ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃    ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠭᠰᠠᠨ ᠪᠥᠭᠡᠳ ᠤᠢᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ ᠴᠢᠬᠤᠯᠠᠴᠢᠯᠠᠭᠰᠠᠨ ᠨᠢ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠪᠣᠯ ᠬᠥᠳᠡᠭᠡ ᠲᠣᠰᠬᠤᠨ ᠤ ᠠᠵᠢᠯ ᠤᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠤᠨ᠎ᠠ᠂ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠤᠯᠤᠰ ᠲᠦᠷᠦ ᠶᠢᠨ ᠬᠠᠷᠢᠭᠤᠴᠠᠯᠭ᠎ᠠ ᠪᠠᠨ ᠡᠷᠡᠰ ᠪᠠᠲᠤ ᠡᠭᠦᠷᠭᠡᠯᠡᠵᠦ᠂ ᠰᠢ ᠶᠢᠨ ᠫᠢᠩ ᠶᠡᠷᠦᠩᠬᠡᠢ ᠱᠦᠵᠢ ᠶᠢᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠣᠰᠣᠭᠠᠷ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠬᠦ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠡᠪᠦᠯ ᠤᠨ ᠤᠯᠠᠷᠢᠯ ᠤᠨ ᠰᠤᠯᠠ ᠰᠡᠯᠡᠭᠦᠦ ᠴᠠᠭ ᠢ ᠭᠦᠢᠴᠡᠳ ᠠᠰᠢᠭᠯᠠᠨ ᠡᠷᠦᠭᠡ ᠳᠤ ᠬᠦᠷᠴᠦ ᠰᠤᠷᠪᠤᠯᠵᠢᠯᠠᠬᠤ᠂ ᠠᠵᠤ ᠦᠢᠯᠡᠰ ᠢ ᠲᠥᠯᠥᠪᠵᠢᠭᠦᠯᠬᠦ ᠵᠡᠷᠭᠡ ᠠᠵᠢᠯ ᠢ ᠢᠳᠡᠪᠬᠢᠲᠡᠢ ᠥᠷᠨᠢᠭᠦᠯᠬᠦ ᠬᠡᠷᠡᠭᠲᠡᠢ᠃ ᠤᠨᠴᠠᠯᠢᠬᠳᠤ ᠠᠵᠤ ᠦᠢᠯᠡᠰ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠳᠤᠲᠠᠭᠤᠳᠠᠯ ᠢ ᠨᠥᠬᠦᠪᠥᠷᠢᠯᠡᠬᠦ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠳᠤ ᠰᠠᠭᠤᠷᠢᠯᠠᠵᠤ᠂ ᠪᠡᠯᠡ ᠮᠥᠩᠭᠦ ᠶᠢ ᠲᠥᠪᠯᠡᠷᠡᠭᠦᠯᠦᠨ ᠠᠵᠤ ᠦᠢᠯᠡᠰ ᠤᠨ ᠲᠦᠷᠦ ᠶᠢᠨ ᠪᠤᠳᠤᠯᠭ᠎ᠠ ᠳᠤ ᠨᠡᠶᠢᠴᠡᠭᠰᠡᠨ᠂ ᠬᠥᠭᠵᠢᠯᠲᠡ ᠶᠢᠨ ᠠᠯᠤᠰ ᠢᠷᠡᠭᠡᠳᠦᠢ ᠲᠠᠢ ᠰᠠᠶᠢᠨ ᠲᠦᠷᠦᠯ ᠵᠦᠢᠯ ᠢ ᠲᠥᠯᠥᠪᠵᠢᠭᠦᠯᠵᠦ᠂ ᠪᠣᠳᠠᠲᠤ ᠠᠮᠵᠢᠯᠲᠠ ᠪᠠᠷ ᠢᠶᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ ᠠᠬᠢᠭᠤᠯᠵᠤ᠂ ᠬᠥᠳᠡᠭᠡ ᠲᠣᠰᠬᠤᠨ ᠤ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2