ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠠᠵᠢᠯ ᠤᠨ ᠡᠷᠡᠭᠦᠯ ᠪᠥᠭᠡᠳ | ᠡᠮᠬᠢ ᠵᠢᠷᠤᠮ ᠲᠠᠢ ᠬᠥᠭᠵᠢᠯᠲᠡ ᠶᠢ ᠭᠦᠨᠵᠡᠭᠡᠶ ᠠᠬᠢᠭᠤᠯᠵᠤ᠂ ᠪᠥᠬᠦ ᠤᠯᠤᠰ ᠤᠨ ᠪᠣᠯᠪᠠᠰᠤᠨ ᠬᠤᠲᠠ ᠶᠢᠨ ᠪᠥᠲᠥᠭᠡᠨ | ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠵᠠᠮ ᠬᠠᠷᠢᠯᠴᠠᠭᠠᠨ ᠤ ᠨᠡᠪᠲᠡᠷᠡᠬᠦ ᠣᠷᠴᠢᠨ ᠲᠣᠭᠤᠷᠢᠨ ᠢ ᠲᠠᠰᠤᠷᠠᠯᠲᠠ | ᠥᠬᠡᠶ ᠰᠢᠯᠢᠳᠡᠭᠵᠢᠭᠦᠯᠬᠦ ᠶᠢᠨ ᠲᠥᠯᠥᠭᠡ᠂ 11 ᠰᠠᠷ᠎ᠠ ᠶᠢᠨ 29 ᠤ ᠡᠳᠦᠷ᠂ ᠤᠯᠠᠭᠠᠨᠴᠠᠪ ᠬᠤᠲᠠ ᠶᠢᠨ ᠠᠷᠪᠠᠨ | ᠭᠤᠷᠪᠠᠳᠤᠭᠠᠷ 122 ︽ᠪᠥᠬᠦ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠡᠳᠦᠷ︾ ᠤᠨ ᠡᠬᠢᠯᠡᠯᠲᠡ ᠶᠢᠨ | ᠶᠣᠰᠣᠯᠠᠯ ᠵᠢᠴᠢ ᠪᠥᠬᠦ ᠣᠷᠣᠨ ᠤ ︽ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠠᠶᠠᠯᠠᠯ︾ ᠤᠨ ᠵᠠᠮ | ᠬᠠᠷᠢᠯᠴᠠᠭᠠᠨ ᠤ ᠠᠮᠤᠷ ᠲᠦᠪᠰᠢᠨ ᠤ ᠲᠣᠭᠤᠷᠢᠨ ᠤᠬᠠᠭᠤᠯᠬᠤ ᠠᠵᠢᠯᠯᠠᠭ᠎ᠠ ᠱᠠᠩᠳᠤ ᠰᠢᠶᠠᠨ ᠳᠤ ᠶᠠᠪᠤᠭᠳᠠᠪᠠ᠃ | ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶᠠᠨ ᠤ ᠭᠡᠰᠢᠭᠦᠨ᠂ ᠳᠡᠳ᠋ ᠲᠣᠪᠴᠢᠶᠠᠨ ᠳᠠᠷᠤᠭ᠎ᠠ | ᡂᠢ ᠽᠦᠩ ᠼᠠᠢ᠂ ᠰᠢᠶᠠᠨ ᠤ ᠤᠳᠤᠷᠢᠳᠤᠯᠭ᠎ᠠ ᠯᠢ ᠶᠠ ᠳ᠋ᠦᠩ᠂ ᠼᠤᠤ ᠵᠢᠶᠦ᠋ᠨ᠂ ᠼᠦᠢ ᡁᠢ ᠸᠧᠢ᠂ ᠴᠢᠶᠣᠤ ᠷᠦᠢ ᠫᠢᠩ | ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ | ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ ᠣᠯᠠᠨ ᠵᠠᠮ ᠬᠠᠷᠢᠯᠴᠠᠭᠠᠨ ᠤ ᠠᠮᠤᠷ ᠲᠦᠪᠰᠢᠨ ᠤ ᠮᠡᠳᠡᠯᠭᠡ ᠶᠢᠨ | ᠦᠵᠡᠭᠦᠯᠭᠡ ᠶᠢᠨ ᠰᠠᠮᠪᠠᠷ᠎ᠠ ᠪᠠ ᠠᠰᠠᠭᠤᠨ ᠯᠠᠪᠯᠠᠬᠤ ᠲᠠᠪᠴᠠᠩ ᠭᠠᠷᠭᠠᠵᠤ᠂ ᠠᠵᠢᠯᠲᠠᠳ ᠵᠠᠮ ᠬᠠᠷᠢᠯᠴᠠᠭᠠᠨ ᠤ ᠠᠮᠤᠷ | ᠲᠦᠪᠰᠢᠨ ᠤ ᠬᠠᠮᠢᠶ᠎ᠠ ᠪᠥᠬᠦᠶ ᠠᠰᠠᠭᠤᠳᠠᠯ ᠢ ᠬᠦᠯᠢᠴᠡᠩᠭᠦᠶ ᠪᠠᠷ ᠬᠠᠷᠢᠭᠤᠯᠵᠤ᠂ ᠵᠠᠮ ᠬᠠᠷᠢᠯᠴᠠᠭᠠᠨ ᠤ ᠠᠮᠤᠷ ᠲᠦᠪᠰᠢᠨ ᠤ | ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠵᠤ᠂ ᠥᠷᠭᠡᠨ ᠣᠯᠠᠨ ᠬᠤᠲᠠ ᠶᠢᠨ ᠠᠷᠠᠳ ᠤᠨ ᠵᠠᠮ ᠬᠠᠷᠢᠯᠴᠠᠭᠠᠨ ᠤ ᠠᠮᠤᠷ | ᠲᠦᠪᠰᠢᠨ ᠤ ᠦᠵᠡᠯ ᠤᠬᠠᠮᠰᠠᠷ ᠪᠠ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠳᠬᠠᠪᠠ᠃ | ᠡᠬᠢᠯᠡᠯᠲᠡ ᠶᠢᠨ ᠶᠣᠰᠣᠯᠠᠯ ᠳᠡᠭᠡᠷ᠎ᠡ᠂ ᠪᠠᠶᠠᠯᠢᠭ ᠰᠠᠶᠢᠬᠠᠨ ᠤᠷᠠᠨ ᠰᠠᠶᠢᠬᠠᠨ ᠤ ᠲᠣᠭᠯᠠᠯᠲᠠ ᠡᠭᠡᠯᠵᠢᠯᠡᠨ ᠶᠠᠪᠤᠭᠳᠠᠵᠤ᠂ | ᠲᠤᠬᠠᠢ ᠶᠢᠨ ᠲᠠᠯᠠᠪᠠᠢ ᠶᠢᠨ ᠦᠵᠡᠭᠴᠢᠳ ᠲᠤ ᠨᠢᠭᠡ ᠤᠳᠠᠭᠠᠨ ᠤ ᠬᠠᠷᠠᠭᠠᠨ ᠰᠡᠷᠡᠯ ᠪᠣᠯᠤᠨ ᠰᠣᠨᠣᠷ ᠤᠨ ᠦᠪᠡᠳᠡᠭᠰᠢ | ᠨᠠᠶᠢᠷ ᠢ ᠠᠪᠴᠢᠷᠠᠭᠰᠠᠨ ᠪᠠᠶᠢᠨ᠎ᠠ᠃ ᠨᠡᠪᠲᠡᠷᠡᠭᠦᠯᠭᠡ ᠳᠤ ᠳᠠᠭᠤᠤ᠂ ᠵᠠᠮ ᠬᠠᠷᠢᠯᠴᠠᠭᠠᠨ ᠤ ᠭᠠᠷ ᠳᠣᠬᠢᠶᠠᠨ ᠤ ᠪᠡᠶ᠎ᠡ ᠶᠢᠨ | ᠲᠠᠮᠢᠷ᠂ ᠪᠥᠵᠢᠭ᠂ ᠱᠤᠭ ᠶᠠᠷᠢᠶ᠎ᠠ ᠪᠠ ᠲᠦᠷᠭᠡᠨ ᠬᠠᠪᠲᠠᠰᠤ ᠵᠡᠷᠭᠡ ᠶᠢ ᠪᠠᠭᠲᠠᠭᠠᠵᠤ᠂ ᠫᠷᠤᠭ᠍ᠷᠠᠮ ᠨᠢᠭᠡᠪᠦᠷᠢ ᠨᠢ ᠴᠥᠮ ᠵᠠᠮ | ᠬᠠᠷᠢᠯᠴᠠᠭᠠᠨ ᠤ ᠠᠮᠤᠷ ᠲᠦᠪᠰᠢᠨ ᠤ ᠭᠤᠣᠯ ᠰᠡᠳᠦᠪ ᠲᠠᠢ ᠨᠢᠭᠲᠠ ᠤᠶᠠᠯᠳᠤᠭᠤᠯᠤᠨ᠂ ᠵᠢᠭᠠᠨ ᠰᠤᠷᠭᠠᠯᠲᠠ ᠶᠢ ᠪᠠᠶᠠᠷ | ᠴᠡᠩᠭᠡᠯ ᠲᠠᠢ ᠪᠠᠶᠢᠯᠭᠠᠵᠤ᠂ ᠦᠵᠡᠭᠴᠢᠳ ᠲᠤ ᠲᠣᠭᠯᠠᠯᠲᠠ ᠰᠣᠨᠢᠷᠬᠠᠬᠤ ᠶᠢᠨ ᠬᠠᠮᠲᠤ ᠵᠠᠮ ᠬᠠᠷᠢᠯᠴᠠᠭᠠᠨ ᠤ ᠠᠮᠤᠷ | ᠲᠦᠪᠰᠢᠨ ᠤ ᠴᠢᠬᠤᠯᠠ ᠴᠢᠨᠠᠷ ᠢ ᠭᠦᠨᠵᠡᠭᠡᠢ ᠲᠠᠨᠢᠭᠤᠯᠵᠠᠢ᠃ | ︽ᠥᠨᠥᠳᠦᠷ ᠠᠵᠠ ᠪᠠᠷ 13 ᠳ᠋ᠤᠭᠠᠷ 122 ᠳ᠋ᠤᠭᠠᠷ ᠪᠦᠬᠦ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ | ᠡᠳᠦᠷ ᠤᠨ ᠡᠬᠢᠯᠡᠯᠲᠡ ᠶᠢᠨ ᠶᠣᠰᠣᠯᠠᠯ ᠳᠤ ᠣᠷᠣᠯᠴᠠᠵᠤ᠂ ᠵᠠᠮ ᠬᠠᠷᠢᠯᠴᠠᠭᠠᠨ ᠤ ᠠᠮᠤᠷ ᠲᠦᠪᠰᠢᠨ ᠤ ᠪᠢᠳᠡᠨ ᠳᠤ ᠠᠪᠴᠤ | ᠬᠡᠯᠡᠪᠡᠯ ᠮᠠᠰᠢ ᠴᠢᠬᠤᠯᠠ ᠭᠡᠳᠡᠭ ᠢ ᠨᠠᠳᠠ ᠳᠤ ᠣᠶᠢᠯᠠᠭᠠᠭᠤᠯᠤᠭᠰᠠᠨ ᠶᠤᠮ᠃ ᠪᠢᠳᠡ ᠵᠠᠮ ᠬᠠᠷᠢᠯᠴᠠᠭᠠᠨ ᠤ ᠳᠦᠷᠢᠮ ᠢ | ᠤᠬᠠᠮᠰᠠᠷ ᠠᠴᠠ ᠪᠠᠨ ᠵᠢᠷᠤᠮᠯᠠᠵᠤ᠂ ᠵᠠᠮ ᠬᠠᠷᠢᠯᠴᠠᠭᠠᠨ ᠤ ᠬᠠᠤᠯᠢ ᠳᠦᠷᠢᠮ ᠢ ᠰᠤᠷᠤᠯᠴᠠᠵᠤ᠂ ᠵᠠᠮ ᠬᠠᠷᠢᠯᠴᠠᠭᠠᠨ ᠤ ᠠᠮᠤᠷ | ᠲᠦᠪᠰᠢᠨ ᠤ ᠰᠡᠷᠡᠮᠵᠢ ᠶᠢᠨ ᠬᠤᠩᠬᠤ ᠶᠢ ᠮᠠᠨ ᠤ ᠬᠠᠵᠠᠭᠤ ᠳᠤ ᠤᠷᠲᠤ ᠬᠤᠭᠤᠴᠠᠭ᠎ᠠ ᠪᠠᠷ ᠳᠤᠤᠭᠠᠷᠭᠠᠬᠤ ᠬᠡᠷᠡᠭᠲᠡᠶ︾ | ᠬᠡᠵᠡᠢ᠃ | ︽ᠡᠨᠡ ᠵᠢᠯ ᠪᠣᠯ 13 ᠳ᠋ᠤᠭᠠᠷ 122 ᠳ᠋ᠤᠭᠠᠷ ᠪᠥᠬᠦ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠡᠳᠦᠷ | ᠮᠥᠨ᠂ ᠲᠣᠰ ᠤᠳᠠᠭᠠᠨ ᠤ ᠠᠵᠢᠯᠯᠠᠭ᠎ᠠ ᠶᠢ ᠡᠷᠭᠢᠯᠡᠬᠦ ᠳᠤ ᠵᠠᠮ ᠬᠠᠷᠢᠯᠴᠠᠭᠠᠨ ᠤ ᠠᠮᠤᠷ ᠲᠦᠪᠰᠢᠨ ᠤ ᠮᠡᠳᠡᠯᠭᠡ ᠶᠢ | ᠥᠷᠭᠡᠨ ᠢᠶᠠᠷ ᠤᠬᠠᠭᠤᠯᠵᠤ ᠴᠢᠳᠠᠬᠤ ᠪᠣᠯᠤᠨ᠎ᠠ᠂ ᠵᠢᠱᠢᠶᠡᠯᠡᠪᠡᠯ ᠵᠠᠮ ᠬᠠᠷᠢᠯᠴᠠᠭᠠᠨ ᠤ ᠬᠠᠤᠯᠢ ᠲᠣᠭᠲᠠᠭᠠᠯ᠂ ᠠᠮᠤᠷ | ᠲᠦᠪᠰᠢᠨ ᠢᠶᠠᠷ ᠶᠠᠪᠤᠵᠤ ᠰᠠᠭᠤᠬᠤ ᠳᠠᠳᠬᠠᠯ ᠵᠡᠷᠭᠡ ᠪᠠᠶᠢᠵᠤ᠂ ᠣᠯᠠᠨ ᠨᠡᠶᠢᠲᠡ ᠶᠢᠨ ᠲᠠᠨᠢᠯᠲᠠ ᠶᠢ ᠳᠡᠭᠡᠭᠰᠢᠯᠡᠭᠦᠯᠦᠨ᠎ᠡ᠃ | ᠲᠠᠷᠠᠭ᠎ᠠ ᠳᠤᠨᠢ᠂ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ᠵᠠᠮ ᠬᠠᠷᠢᠯᠴᠠᠭᠠᠨ ᠤ ᠠᠮᠤᠷ ᠲᠦᠪᠰᠢᠨ ᠤ ᠭᠦᠨ ᠵᠤᠵᠠᠭᠠᠨ | ᠠᠭᠤᠷ ᠠᠮᠢᠰᠬᠤᠯ ᠢ ᠪᠤᠢ ᠪᠣᠯᠭᠠᠵᠤ᠂ ᠬᠥᠮᠦᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠦᠵᠡᠯ ᠤᠬᠠᠮᠰᠠᠷ ᠢ | ᠨᠡᠮᠡᠭᠳᠡᠭᠦᠯᠵᠦ᠂ ᠵᠠᠮ ᠬᠠᠷᠢᠯᠴᠠᠭᠠᠨ ᠤ ᠠᠳᠡᠯ ᠢ ᠪᠠᠭᠠᠰᠬᠠᠨ᠎ᠠ᠃ | | | | | |