ᠱᠠᠩᠳᠤ ᠰᠢᠶᠠᠨ ᠤ 2025 ᠣᠨ ᠤ ᠴᠡᠷᠢᠭ ᠤᠨ ᠠᠯᠪᠠ ᠶᠢ ᠳᠠᠩᠰᠠᠯᠠᠬᠤ ᠵᠢᠴᠢ ᠴᠡᠷᠢᠭ ᠡᠯᠰᠡᠬᠦ ᠨᠡᠷ᠎ᠡ ᠮᠡᠳᠡᠭᠦᠯᠬᠦ ᠵᠠᠷᠯᠠᠯ
ᠨᠡᠶᠢᠲᠡᠯᠡᠭᠰᠡᠨ ᠴᠠᠭ᠄
2024/12/2
    ᠬᠠᠤᠯᠢ ᠶᠣᠰᠣᠭᠠᠷ ᠴᠡᠷᠢᠭ ᠤᠨ ᠠᠯᠪᠠ ᠬᠠᠭᠠᠬᠤ ᠪᠠ ᠴᠡᠷᠢᠭ ᠤᠨ ᠠᠯᠪᠠᠨ ᠤ ᠪᠦᠷᠢᠳᠬᠡᠯ ᠬᠢᠬᠦ ᠪᠣᠯ ᠵᠣᠬᠢᠬᠤ ᠨᠠᠰᠤᠨ ᠤ ᠠᠷᠠᠳ ᠢᠷᠭᠡᠨ ᠨᠢᠭᠡᠪᠦᠷᠢ ᠶᠢᠨ ᠭᠦᠢᠴᠡᠳᠭᠡᠪᠡᠯ ᠵᠣᠬᠢᠬᠤ ᠡᠭᠦᠷᠭᠡ ᠮᠥᠨ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠡᠷᠢᠭ ᠤᠨ ᠠᠯᠪᠠᠨ ᠤ ᠬᠠᠤᠯᠢ︾᠂ ︽ᠴᠡᠷᠢᠭ ᠡᠯᠰᠡᠬᠦ ᠠᠵᠢᠯ ᠤᠨ ᠳᠦᠷᠢᠮ︾ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠪᠡᠯ᠂ ᠡᠳᠦᠭᠡ ᠱᠠᠩᠳᠤ ᠰᠢᠶᠠᠨ ᠤ 2025 ᠣᠨ ᠤ ᠴᠡᠷᠢᠭ ᠤᠨ ᠠᠯᠪᠠ ᠶᠢ ᠳᠠᠩᠰᠠᠯᠠᠬᠤ ᠵᠢᠴᠢ ᠴᠡᠷᠢᠭ ᠡᠯᠰᠡᠬᠦ ᠨᠡᠷ᠎ᠡ ᠮᠡᠳᠡᠭᠦᠯᠬᠦ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠵᠠᠷᠯᠠᠶ᠎ᠠ᠄    ᠨᠢᠭᠡ᠂ ᠴᠡᠷᠢᠭ ᠤᠨ ᠠᠯᠪᠠ ᠶᠢ ᠳᠠᠩᠰᠠᠯᠠᠬᠤ    ︵ᠨᠢᠭᠡ︶ ᠴᠡᠷᠢᠭ ᠤᠨ ᠠᠯᠪᠠᠨ ᠤ ᠳᠠᠩᠰᠠᠯᠠᠯᠲᠠ ᠶᠢᠨ ᠴᠠᠭ    2025 ᠣᠨ ᠤ 1 ᠰᠠᠷ᠎ᠠ ᠶᠢᠨ 1 ᠤ ᠡᠳᠦᠷ ᠠᠴᠠ 2025 ᠣᠨ ᠤ 9 ᠰᠠᠷ᠎ᠠ ᠶᠢᠨ 30 ᠤ ᠡᠳᠦᠷ ᠪᠣᠯᠲᠠᠯ᠎ᠠ    ︵ᠬᠤᠶᠠᠷ︶ ᠴᠡᠷᠢᠭ ᠤᠨ ᠠᠯᠪᠠᠨ ᠳᠤ ᠳᠠᠩᠰᠠᠯᠠᠭᠤᠯᠬᠤ ᠡᠲᠡᠭᠡᠳ    ᠡᠷᠦᠬᠡ ᠠᠮᠠ ᠶᠢᠨ ᠲᠠᠩᠰᠠ ᠨᠢ ᠮᠠᠨ ᠤ ᠰᠢᠶᠠᠨ ᠤ ᠬᠠᠷᠢᠶ᠎ᠠ ᠣᠷᠣᠨ ᠳᠤ᠂ 2025 ᠣᠨ ᠤ 12 ᠰᠠᠷ᠎ᠠ ᠶᠢᠨ 31 ᠤ ᠡᠳᠦᠷ ᠠᠴᠠ ᠡᠮᠦᠨ᠎ᠡ ᠪᠦᠬᠦᠯᠢ 18 ᠨᠠᠰᠤ ︵2007 ᠣᠨ ᠤ 1 ᠰᠠᠷ᠎ᠠ ᠶᠢᠨ 1 ᠤ ᠡᠳᠦᠷ ᠠᠴᠠ 2007 ᠣᠨ ᠤ 12 ᠰᠠᠷ᠎ᠠ ᠶᠢᠨ 31 ᠤ ᠡᠳᠦᠷ ᠪᠣᠯᠲᠠᠯ᠎ᠠ︶ ᠪᠠᠶᠢᠭ᠎ᠠ ᠡᠷᠡᠭᠲᠡᠶ ᠠᠷᠠᠳ ᠢᠷᠭᠡᠳ ᠲᠤ ᠡᠷᠬᠡᠪᠰᠢ ᠲᠣᠰ ᠤᠳᠠᠭᠠᠨ ᠤ ᠳᠡᠩᠰᠡᠯᠡᠯᠲᠡ ᠳᠤ ᠣᠷᠣᠯᠴᠠᠬᠤ ᠬᠡᠷᠡᠭᠲᠡᠶ᠃    18 - 24 ᠪᠦᠬᠦᠯᠢ ᠨᠠᠰᠤᠨ ᠤ ᠡᠷᠡᠭᠲᠡᠶ ᠵᠠᠯᠠᠭᠤᠴᠤᠳ ᠴᠡᠷᠢᠭ ᠤᠨ ᠠᠯᠪᠠᠨ ᠤ ᠳᠠᠩᠰᠠᠯᠠᠯᠲᠠ ᠬᠢᠵᠦ ᠥᠩᠭᠡᠷᠡᠭᠰᠡᠨ ᠦᠭᠡᠢ ᠪᠣᠯ ᠨᠥᠬᠦᠨ ᠳᠠᠩᠰᠠᠯᠠᠵᠤ᠂ ᠥᠩᠭᠡᠷᠡᠭᠰᠡᠨ ᠵᠢᠯ ᠤᠳ ᠲᠤ ᠨᠢᠭᠡᠨᠲᠡ ᠳᠠᠩᠰᠠᠯᠠᠭᠤᠯᠤᠭᠰᠠᠨ ᠪᠣᠯ ᠵᠢᠯ ᠪᠦᠷᠢ ᠪᠦᠬᠦ ᠤᠯᠤᠰ ᠤᠨ ᠴᠡᠷᠢᠭ ᠡᠯᠰᠡᠬᠦ ᠰᠦᠯᠵᠢᠶᠡᠨ ᠤ ᠴᠡᠷᠢᠭ ᠤᠨ ᠠᠯᠪᠠᠨ ᠤ ᠪᠦᠷᠢᠳᠬᠡᠯ ᠤᠨ ᠬᠡᠰᠡᠭ ᠲᠤ ᠵᠠᠯᠠᠷᠠᠭᠤᠯᠬᠤ ᠰᠤᠷᠤᠯᠭ᠎ᠠ ᠶᠢᠨ ᠨᠠᠮᠲᠠᠷ᠂ ᠭᠡᠷ ᠪᠦᠯᠢ ᠶᠢᠨ ᠰᠠᠭᠤᠭ᠎ᠠ ᠭᠠᠵᠠᠷ ᠵᠢᠴᠢ ᠬᠠᠷᠢᠯᠴᠠᠬᠤ ᠠᠷᠭ᠎ᠠ ᠮᠠᠶ᠋ᠢᠭ ᠵᠡᠷᠭᠡ ᠬᠤᠪᠢ ᠬᠥᠮᠦᠨ ᠤ ᠮᠡᠳᠡᠭᠡ ᠵᠠᠩᠭᠢ ᠶᠢ ᠰᠢᠨᠡᠳᠬᠡᠬᠦ ᠬᠡᠷᠡᠭᠲᠡᠶ᠃    2025 ᠣᠨ ᠤ 12 ᠰᠠᠷ᠎ᠠ ᠶᠢᠨ 31 ᠤ ᠡᠳᠦᠷ ᠠᠴᠠ ᠡᠮᠦᠨ᠎ᠡ᠂ ᠪᠦᠬᠦᠯᠢ 17 ᠨᠠᠰᠤ ᠬᠦᠷᠦᠭᠡᠳᠦᠢ ᠪᠦᠬᠦᠯᠢ 18 ᠨᠠᠰᠤ ᠬᠦᠷᠦᠭᠡᠳᠦᠢ ᠡᠷᠡᠭᠲᠡᠢ ᠠᠷᠠᠳ ᠢᠷᠭᠡᠳ᠂ ᠲᠤᠰ ᠬᠥᠮᠥᠨ ᠨᠢ ᠲᠤᠰ ᠵᠢᠯ ᠤᠨ ᠶᠡᠭᠡ ᠰᠤᠷᠭᠠᠭᠤᠯᠢ ᠳᠤ ᠣᠷᠣᠬᠤ ᠪᠤᠶᠤ ᠪᠤᠰᠤᠳ ᠪᠠᠶᠢᠳᠠᠯ ᠠᠴᠠ ᠪᠣᠯᠵᠤ ︽ᠴᠡᠷᠢᠭ ᠤᠨ ᠠᠯᠪᠠᠨ ᠤ ᠳᠠᠩᠰᠠᠯᠠᠯ ᠤᠨ ᠦᠨᠡᠮᠯᠡᠯ︾ ᠠᠪᠬᠤ ᠴᠢᠬᠤᠯᠠᠲᠠᠢ ᠪᠣᠯ᠂ ᠴᠡᠷᠢᠭ ᠤᠨ ᠠᠯᠪᠠᠨ ᠳᠤ ᠳᠠᠩᠰᠠᠯᠠᠭᠤᠯᠬᠤ ᠠᠵᠢᠯ ᠳᠤ ᠣᠷᠣᠯᠴᠠᠵᠤ ᠪᠣᠯᠣᠨ᠎ᠠ᠃    ︵ᠭᠤᠷᠪᠠ︶ ᠴᠡᠷᠢᠭ ᠤᠨ ᠠᠯᠪᠠᠨ ᠤ ᠳᠠᠩᠰᠠᠯᠠᠯᠲᠠ ᠪᠠ ᠴᠡᠷᠢᠭ ᠲᠤ ᠡᠯᠰᠡᠬᠦ ᠪᠠᠷ ᠨᠡᠷ᠎ᠡ ᠮᠡᠳᠡᠭᠦᠯᠬᠦ ᠳᠤ ᠶᠠᠮᠠᠷ ᠢᠯᠭᠠᠭ᠎ᠠ ᠲᠠᠢ ᠪᠤᠢ︖    ᠴᠡᠷᠢᠭ ᠲᠤ ᠦᠯᠦ ᠣᠷᠣᠭᠰᠠᠨ ᠴᠤ ᠪᠦᠷ ᠴᠡᠷᠢᠭ ᠤᠨ ᠠᠯᠪᠠᠨ ᠤ ᠪᠦᠷᠢᠳᠬᠡᠯ ᠬᠢᠬᠦ ᠬᠡᠷᠡᠭᠲᠡᠢ᠃    ᠴᠡᠷᠢᠭ ᠤᠨ ᠠᠯᠪᠠ ᠶᠢ ᠳᠠᠩᠰᠠᠯᠠᠭᠰᠠᠨ ᠤ ᠳᠠᠷᠠᠭ᠎ᠠ ᠰᠠᠶ᠋ᠢ ᠴᠡᠷᠢᠭ ᠲᠤ ᠣᠷᠣᠬᠤ ᠪᠠᠷ ᠨᠡᠷ᠎ᠡ ᠮᠡᠳᠡᠭᠦᠯᠵᠦ ᠪᠣᠯᠣᠨ᠎ᠠ    ᠴᠡᠷᠢᠭ ᠤᠨ ᠠᠯᠪᠠ ᠶᠢ ᠳᠠᠩᠰᠠᠯᠠᠬᠤ ᠪᠣᠯ ᠨᠢᠭᠡ ᠵᠦᠢᠯ ᠤᠨ ᠴᠡᠷᠢᠭ ᠤᠨ ᠠᠯᠪᠠ ᠬᠠᠭᠠᠬᠤ ᠠᠵᠢᠯ ᠤᠨ ᠳᠦᠷᠢᠮ ᠪᠣᠯᠬᠤ ᠪᠥᠭᠡᠳ ᠤᠯᠤᠰ ᠠᠴᠠ ᠲᠣᠬᠢᠷᠠᠬᠤ ᠨᠠᠰᠤᠨ ᠤ ᠠᠷᠠᠳ ᠢᠷᠭᠡᠳ ᠲᠤ ᠬᠠᠤᠯᠢ ᠶᠣᠰᠣᠭᠠᠷ ᠪᠦᠷᠢᠳᠬᠡᠨ ᠳᠠᠩᠰᠠᠯᠠᠭᠤᠯᠬᠤ ᠬᠠᠮᠢᠶᠠᠷᠤᠯᠲᠠ ᠶᠢᠨ ᠠᠵᠢᠯ ᠪᠣᠯᠬᠤ ᠪᠥᠭᠡᠳ ᠴᠡᠷᠢᠭ ᠤᠨ ᠳᠠᠯᠳᠠ ᠬᠦᠴᠦᠨ ᠢ ᠡᠵᠡᠮᠰᠢᠨ᠂ ᠪᠣᠯᠤᠯᠴᠠᠭ᠎ᠠ ᠲᠠᠢ ᠪᠠᠴᠢᠮ ᠪᠠᠶᠢᠳᠠᠯ ᠢ ᠠᠷᠭᠠᠴᠠᠬᠤ ᠪᠣᠯᠤᠯᠴᠠᠭ᠎ᠠ ᠲᠠᠢ ᠶᠤᠮ᠃ ᠢᠮᠦ ᠠᠴᠠ ᠴᠡᠷᠢᠭ ᠲᠤ ᠣᠷᠣᠬᠤ ᠦᠭᠡᠢ ᠴᠦ ᠭᠡᠰᠡᠨ ᠵᠣᠬᠢᠬᠤ ᠨᠠᠰᠤᠨ ᠤ ᠡᠷᠡᠭᠲᠡᠢᠴᠦᠳ ᠴᠠᠭ ᠲᠤᠬᠠᠢ ᠲᠤᠨᠢ ᠳᠠᠩᠰᠠᠯᠠᠵᠤ ᠬᠢᠨᠠᠨ ᠰᠢᠯᠭᠠᠬᠤ ᠬᠡᠷᠡᠭᠲᠡᠢ    ︵ᠲᠦᠷᠪᠡ︶ ᠴᠡᠷᠢᠭ ᠤᠨ ᠠᠯᠪᠠᠨ ᠤ ᠳᠠᠩᠰᠠᠯᠠᠯᠲᠠ ᠶᠢᠨ ᠠᠷᠭ᠎ᠠ    1. ᠰᠦᠯᠵᠢᠶᠡᠨ ᠳᠡᠭᠡᠷ᠎ᠡ ᠮᠡᠳᠡᠭᠡ ᠵᠠᠩᠭᠢ ᠲᠠᠭᠯᠠᠨ ᠪᠢᠴᠢᠬᠦ    ︽ᠪᠥᠬᠦ ᠤᠯᠤᠰ ᠤᠨ ᠴᠡᠷᠢᠭ ᠡᠯᠰᠡᠬᠦ ᠰᠦᠯᠵᠢᠶ᠎ᠡ︾ ︵http://www.gfbzb.gov.cn︶ ᠳᠡᠭᠡᠷ᠎ᠡ ᠵᠡᠭᠦᠨ ᠲᠠᠯ᠎ᠠ ᠶᠢᠨ ︽ᠴᠡᠷᠢᠭ ᠤᠨ ᠠᠯᠪᠠᠨ ᠤ ᠳᠠᠩᠰᠠᠯᠠᠯ - ᠠᠩᠬᠠᠨ ᠤ ᠴᠡᠷᠢᠭ ᠤᠨ ᠠᠯᠪᠠᠨ ᠤ ᠳᠠᠩᠰᠠᠯᠠᠯ - ᠰᠤᠷᠤᠯᠭ᠎ᠠ ᠶᠢᠨ ᠮᠡᠳᠡᠭᠡ ᠵᠠᠩᠭᠢ ᠶᠢᠨ ᠰᠦᠯᠵᠢᠶ᠎ᠡ ᠶᠢᠨ ᠳᠠᠩᠰᠠᠨ ᠤ ᠨᠣᠮᠧᠷ︾ ᠢ ᠲᠣᠪᠴᠢᠯᠠᠵᠤ᠂ ᠱᠠᠭᠠᠷᠳᠠᠯᠭ᠎ᠠ ᠶᠣᠰᠣᠭᠠᠷ ᠦᠨᠳᠦᠰᠦᠨ ᠮᠡᠳᠡᠭᠡ ᠵᠠᠩᠭᠢ ᠶᠢ ᠦᠨᠡᠨ ᠪᠣᠳᠠᠲᠠᠢ᠂ ᠪᠦᠷᠢᠨ ᠪᠦᠲᠦᠨ ᠢᠶᠠᠷ ᠲᠠᠭᠯᠠᠨ ᠪᠢᠴᠢᠨ᠎ᠡ᠃    ᠡᠨᠡ ᠵᠢᠯ ᠴᠡᠷᠢᠭ ᠲᠤ ᠣᠷᠣᠬᠤ ᠰᠠᠨᠠᠭ᠎ᠠ ᠲᠠᠢ ᠦᠭᠡᠢ ᠵᠣᠬᠢᠬᠤ ᠨᠠᠰᠤᠨ ᠤ ᠡᠷᠬᠡᠲᠦ ᠠᠷᠠᠳ ᠲᠤ ︽ᠵᠥᠪᠬᠡᠨ ᠴᠡᠷᠢᠭ ᠤᠨ ᠠᠯᠪᠠᠨ ᠤ ᠳᠠᠩᠰᠠᠯᠠᠯᠲᠠ︾ ᠶᠢ ᠰᠣᠩᠭᠤᠵᠤ ᠪᠣᠯᠤᠨ᠎ᠠ︔ ᠡᠯᠰᠡᠭᠳᠡᠬᠦ ᠶᠣᠰᠣᠲᠠᠢ ᠨᠡᠷ᠎ᠡ ᠮᠡᠳᠡᠭᠦᠯᠬᠦ ᠬᠦᠰᠡᠯ ᠲᠠᠢ ᠵᠠᠯᠠᠭᠤᠴᠤᠳ ︽ᠦᠷᠭᠦᠯᠵᠢᠯᠡᠨ ᠲᠤᠰ ᠵᠢᠯ ᠳᠤ ᠴᠡᠷᠢᠭ ᠲᠤ ᠣᠷᠣᠬᠤ ᠨᠡᠷ᠎ᠡ ᠮᠡᠳᠡᠭᠦᠯᠬᠦ︾ ᠶᠢ ᠰᠣᠩᠭᠤᠵᠤ ᠪᠣᠯᠤᠨ᠎ᠠ᠃    2. ᠬᠦᠰᠦᠨᠦᠭ ᠳᠠᠷᠤᠮᠠᠯᠯᠠᠬᠤ    ︽ᠡᠷᠡᠭᠲᠡᠢ ᠡᠷᠬᠡᠲᠦ ᠠᠷᠠᠳ ᠤᠨ ᠴᠡᠷᠢᠭ ᠤᠨ ᠠᠯᠪᠠ ᠶᠢ ᠳᠠᠩᠰᠠᠯᠠᠬᠤ / ᠴᠡᠷᠢᠭ ᠲᠤ ᠡᠯᠰᠡᠬᠦ ᠨᠡᠷ᠎ᠡ ᠮᠡᠳᠡᠭᠦᠯᠬᠦ ᠬᠦᠰᠦᠨᠦᠭᠲᠦ︾ ᠪᠠ ︽ᠡᠷᠡᠭᠲᠡᠢ ᠡᠷᠬᠡᠲᠦ ᠠᠷᠠᠳ ᠤᠨ ᠴᠡᠷᠢᠭ ᠤᠨ ᠠᠯᠪᠠ ᠶᠢ ᠳᠠᠩᠰᠠᠯᠠᠬᠤ / ᠴᠡᠷᠢᠭ ᠲᠤ ᠡᠯᠰᠡᠬᠦ ᠨᠡᠷ᠎ᠡ ᠮᠡᠳᠡᠭᠦᠯᠬᠦ ᠬᠦᠰᠦᠨᠦᠭᠲᠦ ᠶᠢᠨ ᠦᠯᠡᠳᠡᠭᠡᠰᠦ︾ ᠶᠢ ᠪᠠᠭᠤᠯᠭᠠᠵᠤ᠂ ᠰᠢᠶᠠᠩ᠂ ᠪᠠᠯᠭᠠᠰᠤ ᠶᠢᠨ ᠵᠡᠪᠰᠡᠭᠲᠦ ᠬᠦᠴᠦᠨ ᠤ ᠬᠡᠯᠲᠡᠰ ᠲᠤ ᠬᠦᠷᠴᠦ ︽ᠴᠡᠷᠢᠭ ᠤᠨ ᠠᠯᠪᠠᠨ ᠤ ᠪᠦᠷᠢᠳᠬᠡᠯ ᠤᠨ ᠦᠨᠡᠮᠯᠡᠯ︾ ᠠᠪᠤᠪᠠ᠃    3. ︽ᠴᠡᠷᠢᠭ ᠤᠨ ᠠᠯᠪᠠᠨ ᠤ ᠪᠦᠷᠢᠳᠬᠡᠯ ᠤᠨ ᠦᠨᠡᠮᠯᠡᠯ︾ ᠠᠪᠤᠨ᠎ᠠ    ᠰᠢᠶᠠᠩ ᠪᠠᠯᠭᠠᠰᠤᠨ ᠤ ᠵᠡᠪᠰᠡᠭᠲᠦ ᠬᠦᠴᠦᠨ ᠤ ᠶᠠᠮᠤᠨ ᠠᠴᠠ ᠰᠢᠶᠠᠨ ᠤ ᠱᠠᠲᠤᠨ ᠤ ᠴᠡᠷᠢᠭ ᠤᠨ ᠠᠯᠪᠠᠨ ᠤ ᠪᠠᠶᠢᠭᠤᠯᠭ᠎ᠠ ᠶᠢᠨ ᠬᠢᠨᠠᠨ ᠬᠠᠷᠭᠤᠭᠤᠯᠵᠤ ᠲᠠᠮᠠᠭ᠎ᠠ ᠳᠠᠷᠤᠭᠰᠠᠨ ︽ᠴᠡᠷᠢᠭ ᠤᠨ ᠠᠯᠪᠠᠨ ᠤ ᠳᠠᠩᠰᠠᠯᠠᠯᠲᠠ ᠶᠢᠨ ᠦᠨᠡᠮᠯᠡᠯ︾ ᠢ ᠳᠠᠩᠰᠠᠯᠠᠬᠤ ᠵᠠᠯᠠᠭᠤᠴᠤᠳ ᠲᠤ ᠣᠯᠭᠤᠪᠠ᠃ ᠴᠡᠷᠢᠭ ᠤᠨ ᠠᠯᠪᠠ ᠶᠢ ᠳᠠᠩᠰᠠᠯᠠᠬᠤ ᠭᠡᠷᠡᠴᠢ - ᠬ᠋᠊ ᠬᠤᠯᠪᠣᠭᠳᠠᠯ ᠪᠦᠬᠦᠢ ᠰᠠᠯᠠᠭ᠎ᠠ ᠮᠢᠴᠡᠷ ᠤᠨ ᠵᠣᠬᠢᠬᠤ ᠨᠠᠰᠤᠨ ᠤ ᠡᠷᠡᠭᠲᠡᠢ ᠵᠠᠯᠠᠭᠤᠴᠤᠳ ᠤᠨ ᠴᠡᠷᠢᠭ ᠤᠨ ᠠᠯᠪᠠ ᠬᠠᠭᠠᠬᠤ ᠡᠭᠦᠷᠭᠡ ᠪᠠᠨ ᠭᠦᠢᠴᠡᠳᠭᠡᠵᠦ ᠪᠠᠶᠢᠭ᠎ᠠ ᠪᠠᠶᠢᠳᠠᠯ ᠢ ᠪᠠᠶᠢᠴᠠᠭᠠᠨ ᠰᠢᠯᠭᠠᠬᠤ ᠦᠨᠳᠦᠰᠦᠯᠡᠯ ᠪᠣᠯᠭᠠᠨ᠎ᠠ᠃    ︵ᠲᠠᠪᠤ︶ ᠬᠠᠤᠯᠢ ᠴᠠᠭᠠᠵᠠ ᠶᠢᠨ ᠬᠠᠷᠢᠭᠤᠴᠠᠯᠭ᠎ᠠ    ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠡᠷᠢᠭ ᠤᠨ ᠠᠯᠪᠠᠨ ᠤ ᠬᠠᠤᠯᠢ︾ ︽ᠴᠡᠷᠢᠭ ᠡᠯᠰᠡᠬᠦ ᠠᠵᠢᠯ ᠤᠨ ᠳᠦᠷᠢᠮ︾ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠡᠷᠡᠭᠲᠡᠶ ᠨᠢ ᠵᠣᠬᠢᠬᠤ ᠨᠠᠰᠤᠨ ᠤ ᠠᠷᠠᠳ ᠢᠷᠭᠡᠨ ᠴᠡᠷᠢᠭ ᠤᠨ ᠠᠯᠪᠠᠨ ᠤ ᠳᠠᠩᠰᠠᠯᠠᠭᠤᠯᠬᠤ ᠶᠢ ᠲᠡᠪᠴᠢᠭᠰᠡᠨ᠂ ᠵᠠᠶᠢᠯᠠᠭᠰᠠᠨ᠂ ᠪᠠᠶᠢᠭᠤᠯᠤᠯᠭ᠎ᠠ᠂ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠠᠷᠠᠳ ᠢᠷᠭᠡᠳ ᠤᠨ ᠴᠡᠷᠢᠭ ᠤᠨ ᠠᠯᠪᠠ ᠶᠢᠨ ᠳᠠᠩᠰᠠᠯᠠᠭᠤᠯᠤᠯᠲᠠ ᠪᠠᠨ ᠭᠦᠢᠴᠡᠳᠬᠡᠬᠦ ᠶᠢ ᠬᠠᠷᠰᠢᠯᠠᠭᠰᠠᠨ ᠪᠤᠶᠤ ᠴᠡᠷᠢᠭ ᠤᠨ ᠠᠯᠪᠠᠨ ᠤ ᠠᠵᠢᠯ ᠢ ᠬᠠᠷᠰᠢᠯᠠᠭᠰᠠᠨ ᠦᠢᠯᠡ ᠠᠵᠢᠯᠯᠠᠭ᠎ᠠ ᠲᠠᠢ ᠪᠣᠯ᠂ ᠲᠤᠬᠠᠶ ᠶᠢᠨ ᠭᠠᠵᠠᠷ ᠤᠨ ᠠᠷᠠᠳ ᠤᠨ ᠵᠠᠰᠠᠭ ᠤᠨ ᠣᠷᠳᠣᠨ ᠤ ᠴᠡᠷᠢᠭ ᠡᠯᠰᠡᠬᠦ ᠠᠯᠪᠠᠨ ᠭᠡᠷ ᠠᠴᠠ ᠬᠤᠯᠪᠣᠭᠳᠠᠯ ᠪᠦᠬᠦᠢ ᠵᠦᠢᠯ ᠵᠤᠷᠪᠤᠰ ᠤᠨ ᠶᠣᠰᠣᠭᠠᠷ ᠰᠢᠳᠬᠡᠨ ᠲᠣᠷᠭᠠᠵᠤ᠂ ᠶᠠᠯ᠎ᠠ ᠳᠤ ᠬᠦᠷᠦᠭᠰᠡᠨ ᠪᠣᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃ ᠲᠥᠷᠥ ᠶᠢᠨ ᠶᠠᠪᠤᠳᠠᠯ ᠤᠨ ᠬᠤᠷᠢᠶᠠᠨ ᠠᠴᠠ ᠨᠡᠶᠢᠲᠡᠯᠡᠭᠰᠡᠨ ︽ᠤᠯᠤᠰ ᠤᠨ ᠢᠲᠡᠭᠡᠮᠵᠢ ᠲᠠᠢ ᠪᠠᠶᠢᠬᠤ ᠶᠢ ᠬᠠᠮᠲᠤᠷᠠᠨ ᠤᠷᠮᠠᠰᠢᠭᠤᠯᠬᠤ ᠪᠠ ᠢᠲᠡᠭᠡᠯ ᠠᠯᠳᠠᠭᠰᠠᠳ ᠢ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ ᠨᠡᠶᠢᠭᠡᠮ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠲᠤᠬᠠᠢ ᠵᠢᠯᠣᠭᠤᠳᠬᠤ ᠰᠠᠨᠠᠯ︾ ᠳᠤ ︽ᠤᠯᠤᠰ ᠤᠨ ᠪᠠᠲᠤᠯᠠᠨ ᠬᠠᠮᠠᠭᠠᠯᠠᠯᠲᠠ ᠶᠢᠨ ᠡᠭᠦᠷᠭᠡ ᠪᠠᠨ ᠭᠦᠢᠴᠡᠳᠬᠡᠬᠦ ᠶᠢ ᠲᠡᠪᠴᠢᠵᠦ᠂ ᠴᠡᠷᠢᠭ ᠤᠨ ᠠᠯᠪᠠᠨ ᠠᠴᠠ ᠵᠠᠶᠢᠯᠠᠬᠤ︾ ᠵᠡᠷᠭᠡ ᠦᠢᠯᠡ ᠠᠵᠢᠯᠯᠠᠭ᠎ᠠ ᠳᠤ᠂ ᠬᠠᠮᠲᠤᠷᠠᠨ ᠵᠠᠯᠬᠠᠭᠠᠨ ᠴᠡᠭᠡᠷᠯᠡᠭᠦᠯᠵᠦ᠂ ᠦᠷ᠎ᠡ ᠤᠷᠰᠢᠭ ᠨᠢ ᠬᠦᠨᠳᠦ ᠨᠣᠴᠢᠲᠠᠶ ᠪᠠᠶᠢᠪᠠᠯ᠂ ᠳᠣᠣᠷᠠᠬᠢ ᠬᠠᠤᠯᠢ ᠴᠠᠭᠠᠵᠠ ᠶᠢᠨ ᠰᠢᠢᠳᠬᠡᠯ ᠳᠤ ᠲᠤᠯᠭᠠᠷᠠᠵᠤ ᠪᠣᠯᠬᠤ ᠥᠬᠡᠶ᠄ ᠠᠯᠪᠠᠲᠠᠨ᠂ ᠠᠵᠢᠯ ᠦᠢᠯᠡᠰ ᠤᠨ ᠨᠢᠭᠡᠴᠢ ᠪᠠ ᠤᠯᠤᠰ ᠤᠨ ᠥᠮᠴᠢᠯᠡᠯ ᠤᠨ ︵ᠤᠯᠤᠰ ᠤᠨ ᠥᠮᠴᠢᠯᠡᠯ ᠤᠨ ᠬᠤᠪᠢ ᠡᠵᠡᠮᠳᠡᠬᠦ︶ ᠠᠵᠤ ᠠᠬᠤᠶᠢᠯᠠᠯ ᠵᠡᠷᠭᠡ ᠨᠢᠭᠡᠴᠢ ᠶᠢᠨ ᠠᠵᠢᠯᠲᠠᠨ ᠡᠯᠰᠡᠬᠦ ᠳᠤ ᠣᠷᠣᠯᠴᠠᠵᠤ ᠪᠣᠯᠬᠤ ᠥᠬᠡᠶ᠂ ᠭᠠᠳᠠᠭᠠᠳᠤ ᠳᠤ ︵ᠬᠢᠯᠢ︶ ᠭᠠᠷᠴᠤ ᠪᠣᠯᠬᠤ ᠥᠬᠡᠶ᠂ ᠲᠡᠭᠦᠰᠬᠦ ᠦᠨᠡᠮᠯᠡᠯ ᠣᠯᠵᠤ ᠪᠣᠯᠬᠤ ᠥᠬᠡᠶ᠂ ᠶᠡᠭᠡ ᠳᠡᠭᠡᠳᠦ ᠰᠤᠷᠭᠠᠭᠤᠯᠢ ᠶᠢᠨ ᠰᠤᠷᠭᠠᠭᠤᠯᠢ ᠳᠤ ᠣᠷᠣᠬᠤ᠂ ᠰᠤᠷᠭᠠᠭᠤᠯᠢ ᠳᠡᠪᠰᠢᠬᠦ ᠭᠠᠷ ᠭᠦᠢᠴᠡᠳᠬᠡᠯ ᠬᠢᠵᠦ ᠪᠣᠯᠬᠤ ᠥᠬᠡᠶ᠂ ᠪᠡᠶ᠎ᠡ ᠶᠢᠨ ᠦᠨᠡᠮᠯᠡᠯ᠂ ᠡᠷᠦᠬᠡ ᠠᠮᠠ ᠶᠢᠨ ᠳᠡᠪᠲᠡᠷ᠂ ᠵᠢᠯᠣᠭᠤᠴᠢ ᠶᠢᠨ ᠦᠨᠡᠮᠯᠡᠯ ᠠᠪᠴᠤ ᠪᠣᠯᠬᠤ ᠥᠬᠡᠶ᠂ ᠪᠠᠩᠬᠢ ᠶᠢᠨ ᠵᠢᠭᠡᠯᠡᠯᠭᠡ ᠠᠪᠴᠤ ᠪᠣᠯᠬᠤ ᠥᠬᠡᠶ᠂ ᠨᠢᠰᠬᠡᠯ ᠤᠨ ᠪᠢᠯᠧᠲ᠂ ᠳᠡᠭᠡᠳᠦ ᠬᠤᠷᠳᠤᠴᠠᠲᠤ ᠲᠡᠮᠦᠷ ᠵᠠᠮ ᠤᠨ ᠪᠢᠯᠧᠲ ᠬᠤᠳᠠᠯᠳᠤᠨ ᠠᠪᠴᠤ ᠪᠣᠯᠬᠤ ᠥᠬᠡᠶ᠂ ᠨᠡᠶᠢᠭᠡᠮ ᠤᠨ ᠪᠠᠲᠤᠯᠠᠭ᠎ᠠ ᠭᠥᠷᠳᠡᠵᠦ ᠪᠣᠯᠬᠤ ᠥᠬᠡᠶ ᠭᠡᠵᠦ ᠲᠣᠳᠣᠷᠬᠠᠶ ᠲᠣᠭᠲᠠᠭᠠᠵᠠᠶ᠃ ᠡᠯ᠎ᠡ ᠪᠠᠶᠢᠭᠤᠯᠤᠯᠭ᠎ᠠ᠂ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠢᠯᠠᠩᠭᠤᠶ᠎ᠠ ᠳᠤᠮᠳᠠᠳᠤ ᠰᠤᠷᠭᠠᠭᠤᠯᠢ ᠪᠣᠯᠤᠨ ᠠᠵᠢᠯ ᠮᠡᠷᠭᠡᠵᠢᠯ ᠤᠨ ᠰᠤᠷᠭᠠᠭᠤᠯᠢ ᠨᠤᠭᠤᠳ ᠵᠣᠬᠢᠬᠤ ᠨᠠᠰᠤᠨ ᠤ ᠡᠷᠡᠭᠲᠡᠶ ᠠᠷᠠᠳ ᠢᠷᠭᠡᠳ ᠢ ᠬᠠᠤᠯᠢ ᠶᠣᠰᠣᠭᠠᠷ ᠵᠣᠬᠢᠶᠠᠨ ᠪᠠᠶᠢᠭᠤᠯᠤᠨ ᠰᠢᠮᠳᠠᠭᠤᠯᠵᠤ ᠪᠠᠶᠢᠭᠠᠳ ᠴᠡᠷᠢᠭ ᠤᠨ ᠠᠯᠪᠠ ᠶᠢᠨ ᠳᠠᠩᠰᠠᠯᠠᠭᠤᠯᠬᠤ ᠡᠭᠦᠷᠭᠡ ᠶᠢ ᠴᠠᠭ ᠲᠤᠬᠠᠶ ᠳᠤᠨᠢ ᠭᠦᠢᠴᠡᠳᠬᠡᠯᠭᠡᠵᠦ᠂ ᠲᠤᠰ ᠬᠠᠷᠢᠶ᠎ᠠ ᠣᠷᠣᠨ᠂ ᠲᠤᠰ ᠨᠢᠭᠡᠴᠡ ᠪᠤᠶᠤ ᠲᠤᠰ ᠰᠤᠷᠭᠠᠭᠤᠯᠢ ᠶᠢᠨ ᠪᠤᠶ ᠪᠦᠬᠦᠢ ᠲᠣᠬᠢᠷᠠᠬᠤ ᠨᠠᠰᠤᠨ ᠤ ᠡᠷᠡᠭᠲᠡᠶ ᠠᠷᠠᠳ ᠢᠷᠭᠡᠳ ᠢ ᠪᠦᠬᠦᠨ ᠢᠶᠠᠷ ᠨᠢ ᠴᠡᠷᠢᠭ ᠤᠨ ᠠᠯᠪᠠ ᠶᠢᠨ ᠳᠠᠩᠰᠠᠯᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃    ᠬᠤᠶᠠᠷ᠂ ᠡᠯᠰᠡᠭᠳᠡᠬᠦ ᠨᠡᠷ᠎ᠡ ᠮᠡᠳᠡᠭᠦᠯᠬᠦ    ︵ᠨᠢᠭᠡ︶ ᠡᠷᠡᠭᠲᠡᠢ ᠴᠡᠷᠢᠭ ᠲᠤ ᠡᠯᠰᠡᠭᠳᠡᠬᠦ ᠨᠡᠷ᠎ᠡ ᠮᠡᠳᠡᠭᠦᠯᠬᠦ ᠡᠲᠡᠭᠡᠳ ᠪᠣᠯ᠄    ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ︵ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ᠂ ᠠᠵᠢᠯ ᠮᠡᠷᠭᠡᠵᠢᠯ ᠤᠨ ᠳᠡᠭᠡᠳᠦ ᠵᠡᠷᠭᠡ ᠶᠢᠨ ᠰᠤᠷᠭᠠᠭᠤᠯᠢ᠂ ᠮᠡᠷᠭᠡᠵᠢᠯ ᠤᠨ ᠰᠤᠷᠭᠠᠭᠤᠯᠢ ᠪᠠᠭᠲᠠᠨ᠎ᠠ︶ ᠲᠡᠭᠦᠰᠦᠭᠰᠡᠳ ᠵᠢᠴᠢ ᠲᠡᠭᠦᠨ ᠠᠴᠠ ᠳᠡᠭᠡᠭᠰᠢᠬᠢ ᠰᠣᠶᠣᠯ ᠤᠨ ᠬᠢᠷᠢ ᠬᠡᠮᠵᠢᠶ᠎ᠡ ᠲᠠᠢ ᠵᠠᠯᠠᠭᠤᠴᠤᠳ ︵ᠳᠡᠭᠡᠳᠦ ᠵᠡᠷᠭᠡ ᠶᠢᠨ ᠰᠤᠷᠭᠠᠭᠤᠯᠢ ᠶᠢᠨ ᠰᠤᠷᠭᠠᠭᠤᠯᠢ ᠳᠤ ᠪᠠᠶᠢᠭ᠎ᠠ ᠰᠤᠷᠤᠭᠴᠢ ᠪᠠᠭᠲᠠᠨ᠎ᠠ︶᠂ ᠪᠦᠬᠦᠯᠢ 18 ᠠᠴᠠ 22 ᠪᠦᠬᠦᠯᠢ ᠨᠠᠰᠤ ︵2003 ᠣᠨ ᠤ 1 ᠳ᠋ᠦᠭᠡᠷ ᠰᠠᠷ᠎ᠠ ᠶᠢᠨ 1 ᠤ ᠡᠳᠦᠷ ᠠᠴᠠ 2007 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ ᠲᠥᠷᠥᠭᠰᠡᠨ︶︔ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠵᠢᠩᠬᠢᠨᠢ ᠠᠩᠭᠢ ᠲᠤᠰᠬᠠᠶ ᠮᠡᠷᠭᠡᠵᠢᠯ ᠤᠨ ᠠᠩᠭᠢ ᠠᠴᠠ ᠲᠡᠭᠦᠰᠦᠭᠰᠡᠳ᠂ ᠳᠡᠭᠡᠷ᠎ᠡ ᠬᠠᠭᠠᠰ ᠵᠢᠯ ᠤᠨ ᠲᠡᠭᠦᠰᠬᠦ ᠨᠥᠬᠦᠴᠡᠯ ᠳᠤ ᠨᠡᠶᠢᠴᠡᠬᠦ ᠲᠡᠭᠦᠰᠬᠦ ᠠᠩᠭᠢ ᠶᠢᠨ ᠰᠤᠷᠤᠭᠴᠢ᠂ ᠪᠦᠬᠦᠯᠢ 18 ᠠᠴᠠ 24 ᠪᠦᠬᠦᠯᠢ ᠨᠠᠰᠤ ᠬᠦᠷᠦᠭᠰᠡᠨ᠂ ᠠᠰᠫᠢᠷᠠᠨᠲ ᠲᠡᠭᠦᠰᠦᠭᠰᠡᠳ ᠵᠢᠴᠢ ᠰᠤᠷᠭᠠᠭᠤᠯᠢ ᠳᠤ ᠪᠠᠶᠢᠭ᠎ᠠ ᠰᠤᠷᠤᠭᠴᠢ ᠶᠢ ᠪᠦᠬᠦᠯᠢ 18 ᠨᠠᠰᠤ ᠬᠦᠷᠲᠡᠯ᠎ᠡ ᠠᠭᠤᠵᠢᠭᠤ ᠲᠠᠯᠪᠢᠨ᠎ᠠ᠃    ᠴᠡᠷᠢᠭ ᠲᠤ ᠨᠡᠷ᠎ᠡ ᠡᠳᠡᠭᠦᠯᠬᠦ ᠰᠠᠨᠠᠭᠤᠯᠤᠮᠵᠢ᠄ ᠡᠷᠡᠭᠲᠡᠢ ᠴᠡᠷᠢᠭ ᠨᠡᠷ᠎ᠡ ᠮᠡᠳᠡᠭᠦᠯᠬᠦ ᠠᠴᠠ ᠡᠮᠦᠨ᠎ᠡ ᠡᠷᠬᠡᠪᠱᠢ ᠴᠡᠷᠢᠭ ᠤᠨ ᠠᠯᠪᠠᠨ ᠤ ᠳᠡᠩᠰᠡᠯᠡᠯᠲᠡ ᠶᠢ ᠪᠡᠶᠡᠯᠡᠭᠦᠯᠵᠦ᠂ ᠱᠢᠶᠠᠩ ᠤ ᠱᠠᠲᠤᠨ ᠤ ᠴᠡᠷᠢᠭ ᠡᠯᠰᠡᠬᠦ ᠠᠯᠪᠠᠨ ᠭᠡᠷ ᠨᠢ ᠵᠥᠪᠬᠡᠨ ᠠᠯᠪᠠᠨ ᠵᠢᠷᠤᠮ ᠤᠨ ᠴᠡᠷᠢᠭ ᠤᠨ ᠡᠷᠡᠭᠲᠡᠢ ᠴᠡᠷᠢᠭ ᠡᠯᠰᠡᠬᠦ ᠶᠢ ᠬᠠᠷᠢᠭᠤᠴᠠᠨ᠎ᠠ᠃    ︵ᠬᠤᠶᠠᠷ︶ 2025 ᠣᠨ ᠤ ᠴᠡᠷᠢᠭ ᠲᠤ ᠡᠯᠰᠡᠭᠳᠡᠬᠦ ᠨᠡᠷ᠎ᠡ ᠮᠡᠳᠡᠭᠦᠯᠬᠦ ᠴᠠᠭ    ᠳᠡᠭᠡᠷ᠎ᠡ ᠬᠠᠭᠠᠰ ᠵᠢᠯ᠄ 2024 ᠣᠨ ᠤ 12 ᠰᠠᠷ᠎ᠠ ᠶᠢᠨ 1 ᠤ ᠡᠳᠦᠷ ᠠᠴᠠ 2025 ᠣᠨ ᠤ 2 ᠰᠠᠷ᠎ᠠ ᠶᠢᠨ 10 ᠤ ᠡᠳᠦᠷ ᠤᠨ 24 ᠴᠠᠭ    ᠳᠣᠣᠷ᠎ᠠ ᠬᠠᠭᠠᠰ ᠵᠢᠯ᠄ 2024 ᠣᠨ ᠤ 12 ᠰᠠᠷ᠎ᠠ ᠶᠢᠨ 1 ᠤ ᠡᠳᠦᠷ ᠠᠴᠠ 2025 ᠣᠨ ᠤ 8 ᠰᠠᠷ᠎ᠠ ᠶᠢᠨ 10 ᠤ ᠡᠳᠦᠷ ᠤᠨ 24 ᠴᠠᠭ    ︵ᠭᠤᠷᠪᠠ︶ ᠨᠡᠷ᠎ᠡ ᠮᠡᠳᠡᠭᠦᠯᠬᠦ ᠬᠡᠯᠪᠡᠷᠢ    ᠴᠡᠷᠢᠭ ᠡᠯᠰᠡᠬᠦ ᠨᠡᠷ᠎ᠡ ᠮᠡᠳᠡᠭᠦᠯᠬᠦ ᠠᠯᠪᠠᠨ ᠤ ᠰᠦᠯᠵᠢᠶ᠎ᠡ ᠶᠢᠨ ᠪᠥᠬᠦ ᠤᠯᠤᠰ ᠤᠨ ᠴᠡᠷᠢᠭ ᠡᠯᠰᠡᠬᠦ ᠰᠦᠯᠵᠢᠶ᠎ᠡ ᠶᠢᠨ ︽www.gfbzb.gov.cn    ︵ᠲᠦᠷᠪᠡ︶ ᠠᠰᠠᠭᠤᠨ ᠯᠠᠪᠯᠠᠬᠤ ᠤᠲᠠᠰᠤ    ᠰᠢᠶᠠᠨ ᠤ ᠴᠡᠷᠢᠭ ᠡᠯᠰᠡᠬᠦ ᠠᠯᠪᠠᠨ ᠬᠡᠷ ᠤᠨ ᠠᠰᠠᠭᠤᠨ ᠯᠠᠪᠯᠠᠬᠤ ᠤᠲᠠᠰᠤ᠄ 0474 - 6915900    ᠡᠯ᠎ᠡ ᠰᠢᠶᠠᠩ ᠪᠠᠯᠭᠠᠰᠤᠨ ᠤ ᠠᠰᠠᠭᠤᠨ ᠯᠠᠪᠯᠠᠬᠤ ᠤᠲᠠᠰᠤ᠄    ᠴᠢ ᠲᠠᠢ ᠪᠠᠯᠭᠠᠰᠤ᠄ 13789441177 / 15147482646    ᠠᠲᠠᠷ ᠬᠠᠭᠠᠯᠪᠤᠷᠢᠯᠠᠬᠤ ᠠᠩᠭᠢ ᠶᠢᠨ ᠪᠠᠯᠭᠠᠰᠤ᠄ 18504779816/17635237553    ᠶᠡᠭᠡ ᠬᠦᠷᠢᠶ᠎ᠡ ᠰᠢᠶᠠᠩ᠄ 15047446628/15164747888    ᠪᠥᠸᠧ ᠬᠤ᠋ ᠵᠢᠩ ᠰᠢᠶᠠᠩ᠄ 18247435688/15247458444    ᠰᠢ ᠵᠢᠩ ᠽᠢ ᠪᠠᠯᠭᠠᠰᠤ᠄ 13947475/13233523227    ᠳ᠋ᠠ ᠾᠸᠢ ᠱᠠ ᠵᠧᠨ ᠪᠠᠯᠭᠠᠰᠤ᠄ 13238479009 / 17611736523    ᠮᠣᠣ ᠳ᠋ᠦ᠋ ᠰᠢᠶᠠᠩ᠄ 13224746786
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2