ᠱᠠᠩᠳᠤ ᠰᠢᠶᠠᠨ ᠤ ᠮᠣᠳᠣ ᠰᠢᠶᠠᠩ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠬᠤ︾ ᠰᠢᠨ᠎ᠡ ᠵᠢᠯ ᠢ ᠤᠭᠲᠤᠬᠤ ᠴᠠᠶᠢᠯᠠᠯᠭ᠎ᠠ ᠡᠷᠬᠢᠯᠡᠪᠡ
ᠨᠡᠶᠢᠲᠡᠯᠡᠭᠰᠡᠨ ᠴᠠᠭ᠄
2024/12/21
  ᠲᠣᠰᠬᠤᠨ ᠤ ᠠᠷᠠᠳ ᠤᠨ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠬᠥᠳᠡᠭᠡ ᠲᠣᠰᠬᠤᠨ ᠤ ᠨᠢᠭᠲᠠᠷᠠᠯ ᠤᠨ ᠬᠦᠴᠦᠨ ᠪᠣᠯᠤᠨ ᠲᠥᠪᠯᠡᠩᠭᠦᠢ ᠬᠦᠴᠦᠨ ᠢ ᠴᠢᠩᠭᠠᠳᠬᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠴᠢᠨᠠᠭᠰᠢᠳᠠ ᠠᠬᠢᠭᠤᠯᠬᠤ ᠶᠢᠨ ᠲᠥᠯᠥᠭᠡ᠂ ᠤᠢᠢᠷ᠎ᠠ ᠶᠢᠨ ᠡᠳᠦᠷ ᠤᠳ ᠲᠤ᠂ ᠮᠠᠨ ᠤ ᠰᠢᠶᠠᠨ ᠤ ᠮᠣᠣ ᠳ᠋ᠦ᠋ ᠰᠢᠶᠠᠩ ᠤᠨ ᠲᠤᠸᠠᠨ ᠵᠢᠶᠧ ᠲᠣᠰᠬᠤᠨ᠂ ᠴᠢᠩ ᠱᠦᠢ ᠴᠢᠤᠸᠠᠨ ᠲᠣᠰᠬᠤᠨ ᠵᠡᠷᠭᠡ ᠬᠦᠮᠦᠰ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠬᠤ︾ ᠰᠢᠨ᠎ᠡ ᠵᠢᠯ ᠢ ᠤᠭᠲᠤᠬᠤ ᠴᠠᠶᠢᠯᠠᠯᠭ᠎ᠠ ᠶᠢ ᠵᠠᠯᠭᠠᠭ᠎ᠠ ᠪᠠᠷ ᠡᠷᠬᠢᠯᠡᠪᠡ᠃    ᠴᠠᠶᠢᠯᠠᠯᠭ᠎ᠠ ᠶᠢᠨ ᠬᠤᠷᠠᠯ ᠳᠤ ᠲᠣᠰᠬᠤᠨ ᠤ ᠤᠳᠤᠷᠢᠳᠤᠯᠭ᠎ᠠ᠂ ᠠᠬᠠᠮᠠᠳ ᠨᠠᠮ ᠤᠨ ᠭᠡᠰᠢᠭᠦᠨ᠂ ᠲᠣᠰᠬᠤᠨ ᠤ ᠠᠷᠠᠳ ᠤᠨ ᠲᠥᠯᠥᠭᠡᠯᠡᠭᠴᠢ ᠶᠢ ᠤᠷᠢᠪᠠ᠃ ᠴᠠᠶᠢᠯᠠᠯᠭ᠎ᠠ ᠶᠢᠨ ᠬᠤᠷᠠᠯ ᠳᠡᠭᠡᠷ᠎ᠡ᠂ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ ᠲᠣᠰ ᠲᠣᠰ ᠥᠪᠡᠷ ᠥᠪᠡᠷ ᠤᠨ ᠵᠠᠰᠠᠭ ᠵᠠᠬᠢᠷᠭᠠᠨ ᠤ ᠲᠣᠰᠬᠤᠨ ᠤ ᠥᠩᠭᠡᠷᠡᠭᠰᠡᠨ ᠨᠢᠭᠡ ᠵᠢᠯ ᠤᠨ ᠠᠵᠢᠯ ᠤᠨ ᠪᠠᠶᠢᠳᠠᠯ ᠢᠶᠠᠨ ᠲᠠᠨᠢᠯᠴᠠᠭᠤᠯᠬᠤ ᠶᠢᠨ ᠬᠠᠮᠲᠤ ᠵᠣᠭᠤᠭᠳᠠᠬᠤ ᠬᠡᠯᠪᠡᠷᠢ ᠪᠠᠷ ᠲᠣᠰᠬᠤᠨ ᠤ ᠠᠷᠠᠳ ᠲᠤ ᠨᠠᠮ ᠤᠨ ᠰᠠᠶᠢᠨ ᠲᠦᠷᠦ ᠶᠢᠨ ᠪᠤᠳᠤᠯᠭ᠎ᠠ ᠶᠢ ᠤᠬᠠᠭᠤᠯᠤᠨ ᠲᠠᠶᠢᠯᠪᠤᠷᠢᠯᠠᠵᠤ᠂ ᠤᠯᠠᠨ ᠢ ᠦᠨᠡᠨ ᠬᠦ ᠬᠠᠪᠰᠤᠷᠤᠨ ᠲᠦᠷᠦ ᠶᠢᠨ ᠪᠤᠳᠤᠯᠭ᠎ᠠ ᠶᠢ ᠤᠯᠠᠮ ᠴᠢᠨᠠᠭᠰᠢᠳᠠ ᠣᠶᠢᠯᠠᠭᠠᠭᠤᠯᠵᠤ᠂ ᠲᠦᠷᠦ ᠶᠢᠨ ᠪᠤᠳᠤᠯᠭ᠎ᠠ ᠶᠢ ᠬᠡᠷᠡᠭᠯᠡᠵᠦ ᠴᠢᠳᠠᠬᠤ ᠪᠣᠯᠭᠠᠬᠤ ᠬᠡᠷᠡᠭᠲᠡᠢ᠃ ︽ᠬᠠᠯᠠᠭᠤᠨ ᠳᠤᠯᠠᠭᠠᠨ ᠨᠡᠭᠦᠷᠡᠰᠦ ᠨᠢ ᠮᠠᠨ ᠤ ᠬᠡᠷ ᠪᠣᠯᠬᠤ ᠪᠠᠷ ᠪᠠᠷᠠᠬᠤ ᠥᠬᠡᠶ᠂ ᠨᠠᠩ ᠴᠤ ᠪᠢᠳᠡᠨ ᠤ ᠰᠡᠳᠬᠢᠯ ᠢ ᠳᠤᠯᠠᠭᠠᠴᠠᠭᠤᠯᠵᠠᠶ᠃ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠭᠰᠡᠨ︾ ᠳᠠᠷᠠᠭ᠎ᠠ ᠭᠡᠷ ᠪᠦᠯᠢ ᠴᠡᠪᠡᠷ ᠠᠷᠪᠢᠨ᠂ ᠪᠠᠰᠠ ᠤᠴᠢᠷ ᠶᠠᠪᠤᠳᠠᠯ ᠢ ᠠᠷᠪᠢᠯᠠᠪᠠᠯ ᠬᠡᠳᠦᠢ ᠁︾ ᠭᠡᠵᠦ ᠲᠣᠰᠬᠤᠨ ᠤ ᠠᠷᠠᠳ ᠨᠢᠭᠡ ᠯᠡ ᠦᠭᠡ ᠪᠠᠷ ᠬᠡᠯᠡᠪᠡᠯ᠂ ᠪᠢ ᠨᠢᠭᠡ ᠯᠡ ᠦᠭᠡ ᠪᠠᠷ ᠶᠠᠷᠢᠵᠤ᠂ ᠥᠪᠡᠷ ᠥᠪᠡᠷ ᠤᠨ ᠦᠵᠡᠯᠲᠡ ᠪᠠᠨ ᠶᠠᠷᠢᠵᠤ᠂ ᠰᠠᠶᠢᠨ ᠰᠠᠶᠢᠬᠠᠨ ᠠᠮᠢᠳᠤᠷᠠᠯ ᠢᠶᠠᠨ ᠠᠭᠤᠵᠢᠷᠠᠲᠠᠯ᠎ᠠ ᠶᠠᠷᠢᠯᠴᠠᠵᠤ᠂ ᠥᠪᠡᠷ ᠤᠨ ᠪᠠᠶᠠᠷ ᠪᠠᠶᠠᠰᠤᠯ ᠢᠶᠠᠨ ᠬᠤᠪᠢᠶᠠᠯᠴᠠᠵᠤ᠂ ᠨᠠᠮ ᠤᠨ ᠰᠠᠶᠢᠨ ᠲᠦᠷᠦ ᠶᠢᠨ ᠪᠤᠳᠤᠯᠭ᠎ᠠ ᠶᠢᠨ ᠦᠢᠯᠡᠳᠪᠦᠷᠢᠯᠡᠯ ᠠᠮᠢᠳᠤᠷᠠᠯ ᠳᠤ ᠠᠪᠴᠢᠷᠠᠭᠰᠠᠨ ᠬᠤᠪᠢᠷᠠᠯᠲᠠ ᠪᠠ ᠲᠤᠰ ᠲᠤᠰ ᠤᠨ ᠰᠡᠳᠬᠢᠯ ᠤᠨ ᠦᠭᠡ ᠪᠠᠨ ᠪᠣᠳᠠᠲᠤ ᠠᠰᠢᠭᠲᠠᠢ ᠢᠯᠡᠳᠬᠡᠶ᠎ᠡ᠃    ᠴᠠᠶᠢᠯᠠᠯᠭ᠎ᠠ ᠶᠢ ᠡᠷᠬᠢᠯᠡᠭᠰᠡᠨ ᠨᠢ ᠥᠷᠭᠡᠨ ᠤᠯᠠᠨ ᠲᠦᠮᠡᠨ ᠤ ᠨᠠᠮ ᠤᠨ ᠲᠤᠬᠠᠢ ᠮᠡᠳᠡᠷᠡᠬᠦ ᠰᠡᠳᠬᠢᠯᠭᠡ ᠪᠣᠯᠤᠨ ᠬᠠᠷᠢᠶᠠᠯᠠᠭᠳᠠᠬᠤ ᠰᠡᠳᠬᠢᠯᠭᠡ ᠶᠢ ᠨᠡᠮᠡᠭᠳᠡᠭᠦᠯᠦᠭᠰᠡᠨ ᠢᠶᠠᠷ ᠪᠠᠷᠠᠬᠤ ᠦᠭᠡᠢ ᠪᠠᠰᠠ ᠺᠠᠳ᠋ᠷ ᠤᠯᠠᠨ ᠲᠦᠮᠡᠨ ᠤ ᠰᠣᠯᠢᠯᠴᠠᠭ᠎ᠠ ᠶᠢ ᠭᠦᠨᠵᠡᠭᠡᠶᠢᠷᠡᠭᠦᠯᠵᠦ᠂ ᠤᠯᠠᠨ ᠲᠦᠮᠡᠨ ᠤ ᠬᠤᠭᠤᠷᠣᠨᠳᠣᠬᠢ ᠨᠥᠬᠦᠷᠯᠡᠯ ᠢ ᠵᠤᠵᠠᠭᠠᠳᠬᠠᠵᠤ᠂ ᠮᠣᠣ ᠳ᠋ᠦ᠋ ᠰᠢᠶᠠᠩ ᠤᠨ ᠬᠥᠭᠵᠢᠯᠲᠡ ᠳᠤ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠬᠥᠳᠡᠯᠭᠡᠬᠦ ᠬᠦᠴᠦᠨ ᠢ ᠨᠡᠮᠡᠷᠢᠯᠡᠭᠰᠡᠨ ᠪᠠᠶᠢᠨ᠎ᠠ᠃
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2