12 ᠰᠠᠷ᠎ᠠ ᠶᠢᠨ 20 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ᠂ ᠵᠠᠰᠠᠭ ᠤᠨ ᠣᠷᠳᠣᠨ ᠤ | ᠰᠢᠶᠠᠨ ᠤ ᠳᠠᠷᠤᠭ᠎ᠠ ᠶᠠᠩ ᠸᠧᠨ ᠾᠦᠢ ᠰᠢᠶᠠᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠵᠥᠪᠯᠡᠯ ᠤᠨ 2024 ᠣᠨ ᠤ ᠬᠤᠶᠠᠳᠤᠭᠠᠷ ᠤᠳᠠᠭ᠎ᠠ ᠶᠢᠨ ᠬᠤᠷᠠᠯ ᠵᠢᠴᠢ ᠴᠠᠭᠠᠨᠨᠠᠭᠤᠷ ᠤᠨ ᠠᠮᠢ ᠠᠬᠤᠢ ᠶᠢ | ᠬᠠᠮᠠᠭᠠᠯᠠᠬᠤ ᠪᠠ ᠵᠠᠰᠠᠨ ᠰᠡᠷᠭᠦᠭᠡᠬᠦ ᠲᠤᠰᠬᠠᠢ ᠠᠵᠢᠯ ᠤᠨ ᠳᠤᠭᠤᠶᠢᠯᠠᠩ ᠤᠨ 2024 ᠣᠨ ᠤ ᠠᠩᠬᠠᠳᠤᠭᠠᠷ | ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠰᠢᠶᠠᠨ ᠤ ᠤᠳᠤᠷᠢᠳᠤᠯᠭ᠎ᠠ ᠯᠢ ᠶᠠ ᠳ᠋ᠦᠩ᠂ ᠴᠧᠨ ᠶᠠ | ᠮᠢᠩ᠂ ᠸᠠᠩ ᠬᠤ᠋ ᠵᠢᠶᠦ᠋ᠨ᠂ ᠵᠠᠩ ᠭᠤᠸᠠᠩ ᠬᠤᠷᠠᠯ ᠳᠤ ᠣᠷᠣᠯᠴᠠᠵᠤ᠂ ᠰᠢᠶᠠᠨ ᠤ ᠰᠢᠭᠤᠳ ᠬᠠᠷᠢᠶ᠎ᠠ ᠬᠤᠯᠪᠣᠭᠳᠠᠯ | ᠪᠦᠬᠦᠢ ᠰᠠᠯᠠᠭ᠎ᠠ ᠮᠥᠴᠢᠷ᠂ ᠬᠡᠰᠡᠭ ᠰᠢᠶᠠᠩ ᠪᠠᠯᠭᠠᠰᠤᠨ ᠤ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠨᠤᠭᠤ ᠭᠠᠵᠠᠷ ᠤᠨ ᠬᠠᠮᠠᠭᠠᠯᠠᠯᠲᠠ ᠶᠢᠨ ᠲᠥᠪ᠂ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠵᠡᠷᠭᠡ ᠬᠠᠮᠢᠶ᠎ᠠ ᠪᠥᠬᠦᠶ ᠨᠢᠭᠡᠴᠡ ᠨᠦᠭᠦᠳ | ᠴᠠᠭᠠᠨᠨᠠᠭᠤᠷ ᠤᠨ ᠠᠮᠢ ᠠᠬᠤᠶ ᠶᠢ ᠬᠠᠮᠠᠭᠠᠯᠠᠬᠤ ᠪᠠ 2024 ᠣᠨ ᠤ ᠠᠵᠢᠯ ᠤᠨ ᠳ᠋ᠦᠩᠨᠡᠯᠲᠡ ᠪᠠ 2025 ᠣᠨ ᠤ | ᠠᠵᠢᠯ ᠤᠨ ᠲᠣᠬᠢᠷᠠᠭᠤᠯᠤᠯᠲᠠ ᠶᠢ ᠲᠠᠰ ᠳᠠᠷᠠᠭᠠᠯᠠᠨ ᠬᠠᠷᠢᠭᠤ ᠮᠡᠳᠡᠭᠦᠯᠪᠡ᠃ | ᠬᠤᠷᠠᠯ ᠠᠴᠠ᠂ ᠴᠠᠭᠠᠨᠨᠠᠭᠤᠷ ᠤᠨ ᠠᠮᠢ ᠠᠬᠤᠢ ᠶᠢ ᠬᠠᠮᠠᠭᠠᠯᠠᠬᠤ ᠪᠠ ᠰᠡᠷᠭᠦᠭᠡᠬᠦ ᠠᠵᠢᠯ ᠢ ᠥᠷᠨᠢᠭᠦᠯᠦᠭᠰᠡᠨ ᠠᠴᠠ | ᠨᠠᠰᠢ᠂ ᠮᠠᠨ ᠤ ᠰᠢᠶᠠᠨ ᠬᠦᠷᠢᠶᠡᠯᠡᠨ ᠪᠢᠲᠡᠭᠦᠮᠵᠢᠯᠡᠬᠦ᠂ ᠴᠠᠭ ᠠᠭᠤᠷ ᠤᠨ ᠬᠢᠨᠠᠨ ᠬᠡᠮᠵᠢᠯᠲᠡ᠂ ᠤᠷᠭᠤᠮᠠᠯ ᠤᠨ | ᠬᠤᠴᠢᠯᠭ᠎ᠠ ᠶᠢ ᠰᠡᠷᠭᠦᠭᠡᠬᠦ ᠵᠡᠷᠭᠡ ᠲᠠᠯ᠎ᠠ ᠪᠠᠷ ᠴᠠᠭᠠᠨᠨᠠᠭᠤᠷ ᠢ ᠤᠯᠠᠨ ᠲᠠᠯ᠎ᠠ ᠪᠠᠷ ᠬᠠᠮᠠᠭᠠᠯᠠᠨ ᠰᠡᠷᠭᠦᠭᠡᠵᠦ᠂ ᠢᠯᠡᠳᠲᠡ | ᠦᠷ᠎ᠡ ᠪᠦᠲᠦᠮᠵᠢ ᠤᠯᠪᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠴᠠᠭᠠᠨᠨᠠᠭᠤᠷ ᠤᠨ ᠠᠮᠢ ᠠᠬᠤᠶ ᠶᠢ | ᠬᠠᠮᠠᠭᠠᠯᠠᠬᠤ ᠪᠠ ᠵᠠᠰᠠᠨ ᠰᠡᠷᠭᠦᠭᠡᠭᠰᠡᠨ ᠦᠷ᠎ᠡ ᠪᠦᠲᠦᠭᠡᠯ ᠢ ᠪᠥᠬᠦ ᠲᠠᠯ᠎ᠠ ᠪᠠᠷ ᠳ᠋ᠦᠩᠨᠡᠵᠦ᠂ ᠲᠠᠷᠠᠭᠠᠴᠢ ᠶᠢᠨ | ᠠᠯᠬᠤᠮ ᠤᠨ ᠠᠵᠢᠯ ᠤᠨ ᠠᠷᠭ᠎ᠠ ᠬᠡᠮᠵᠢᠶ᠎ᠡ ᠶᠢ ᠤᠷᠢᠳᠴᠢᠯᠠᠨ ᠲᠥᠯᠥᠪᠵᠢᠭᠦᠯᠵᠦ᠂ ᠡᠯ᠎ᠡ ᠵᠦᠶ᠋ᠯ ᠤᠨ ᠬᠠᠮᠠᠭᠠᠯᠠᠨ | ᠰᠡᠷᠭᠦᠭᠡᠬᠦ ᠠᠷᠭ᠎ᠠ ᠬᠡᠮᠵᠢᠶ᠎ᠡ ᠶᠢ ᠴᠢᠩᠭᠠᠳᠬᠠᠵᠤ᠂ ᠬᠠᠮᠵᠢᠯᠴᠠᠨ ᠵᠠᠰᠠᠬᠤ ᠶᠢ ᠴᠢᠩᠭᠠᠳᠬᠠᠵᠤ᠂ ᠬᠠᠮᠠᠭᠠᠯᠠᠯᠲᠠ ᠶᠢᠨ | ᠬᠠᠮᠲᠤᠷᠠᠯ ᠬᠦᠴᠦᠨ ᠢ ᠪᠦᠷᠢᠯᠳᠦᠭᠦᠯᠵᠦ᠂ ᠴᠠᠭᠠᠨᠨᠠᠭᠤᠷ ᠤᠨ ᠠᠮᠢ ᠠᠬᠤᠶ ᠶᠢ ᠬᠠᠮᠠᠭᠠᠯᠠᠬᠤ ᠪᠠ ᠵᠠᠰᠠᠨ ᠰᠡᠷᠭᠦᠭᠡᠬᠦ | ᠠᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠦᠷᠭᠦᠯᠵᠢᠯᠡᠨ ᠠᠬᠢᠭᠤᠯᠬᠤ ᠬᠡᠷᠡᠭᠲᠡᠶ᠃ | ᠣᠷᠴᠢᠭᠤᠯᠣᠭᠴᠢ᠄ ᠬᠠᠨᠠᠭᠠᠷ | ᠬᠢᠨᠠᠭᠴᠢ᠄ ᠬᠠᠨᠠᠭᠠᠷ |