ᠵᠧᠦ ᠺᠠᠢ ᠱᠠᠩᠳᠤ ᠰᠢᠶᠠᠨ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/12/21
    12 ᠰᠠᠷ᠎ᠠ ᠶᠢᠨ 19 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠵᠧᠦ ᠺᠠᠢ ᠱᠠᠩᠳᠤ ᠰᠢᠶᠠᠨ ᠳᠤ ᠭᠦᠨᠵᠡᠭᠡᠶᠢᠷᠡᠨ ᠴᠠᠭᠠᠨᠨᠠᠭᠤᠷ ᠤᠨ ᠠᠮᠢ ᠠᠬᠤᠢ ᠶᠢᠨ ᠬᠠᠮᠠᠭᠠᠯᠠᠯᠲᠠ ᠪᠠ ᠰᠡᠷᠭᠦᠭᠡᠯᠲᠡ᠂ ᠲᠥᠮᠥᠰᠥ ᠶᠢᠨ ᠠᠵᠤ ᠦᠢᠯᠡᠰ ᠤᠨ ᠬᠥᠭᠵᠢᠯᠲᠡ ᠵᠡᠷᠭᠡ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ᠃    ᠴᠠᠭᠠᠨᠨᠠᠭᠤᠷ ᠤᠨ ᠤᠯᠤᠰ ᠤᠨ ᠨᠤᠭᠤ ᠭᠠᠵᠠᠷ ᠤᠨ ᠴᠡᠴᠡᠷᠯᠢᠭ ᠲᠤ᠂ ᠵᠧᠦ ᠺᠠᠢ ᠵᠠᠰᠠᠵᠤ ᠬᠠᠮᠠᠭᠠᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠴᠠᠭᠠᠨᠨᠠᠭᠤᠷ ᠤᠨ ᠠᠮᠢ ᠠᠬᠤᠢ ᠶᠢ ᠬᠠᠮᠠᠭᠠᠯᠠᠬᠤ ᠪᠠ ᠰᠡᠷᠭᠦᠭᠡᠬᠦ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠤᠷᠭᠤᠮᠠᠯ ᠤᠨ ᠪᠦᠷᠬᠦᠴᠡ ᠶᠢ ᠰᠡᠷᠭᠦᠭᠡᠬᠦ ᠶᠢ ᠪᠦᠬᠦ ᠬᠦᠴᠦᠨ ᠢᠶᠠᠷ ᠠᠬᠢᠭᠤᠯᠵᠤ᠂ ᠵᠠᠰᠠᠯᠲᠠ ᠶᠢᠨ ᠦᠷ᠎ᠡ ᠪᠦᠲᠦᠮᠵᠢ ᠶᠢ ᠰᠠᠶᠢᠲᠤᠷ ᠪᠠᠬᠢᠵᠢᠭᠦᠯᠬᠦ ᠬᠡᠷᠡᠭᠲᠡᠢ᠃    ᠰᠢ ᠰᠧᠨ᠂ ᠹᠦ᠋ ᠵᠢᠩ ᠲᠠᠩ ᠵᠡᠷᠭᠡ ᠲᠥᠮᠥᠰᠥ ᠶᠢᠨ ᠠᠵᠤ ᠠᠬᠤᠶᠢᠯᠠᠯ ᠳᠤ᠂ ᠵᠧᠦ ᠺᠠᠢ ᠦᠷ᠎ᠡ ᠶᠢᠨ ᠦᠢᠯᠡᠰ ᠤᠨ ᠬᠥᠭᠵᠢᠯᠲᠡ᠂ ᠴᠠᠷᠳᠠᠭᠤᠯ ᠢ ᠦᠢᠯᠡᠳᠪᠦᠷᠢᠯᠡᠵᠦ ᠡᠳ᠋ᠰᠢᠭᠦᠯᠬᠦ᠂ ᠵᠠᠬ᠎ᠠ ᠳᠡᠯᠭᠡᠭᠦᠷ ᠤᠨ ᠪᠣᠷᠣᠯᠠᠭᠤᠯᠭ᠎ᠠ ᠵᠡᠷᠭᠡ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠤ᠂ ᠠᠵᠤ ᠠᠬᠤᠶᠢᠯᠠᠯ ᠢ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠳᠤ ᠠᠩᠬᠠᠷᠤᠯ ᠢᠶᠠᠨ ᠲᠥᠪᠯᠡᠷᠡᠭᠦᠯᠵᠦ᠂ ᠦᠷ᠎ᠡ ᠶᠢᠨ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠡᠷᠴᠢᠮ ᠢᠶᠠᠨ ᠴᠢᠩᠭᠠᠷᠠᠭᠤᠯᠵᠤ᠂ ᠨᠡᠩ ᠤᠯᠠᠨ ᠰᠠᠶᠢᠨ ᠡᠭᠦᠯᠳᠡᠷ ᠢ ᠨᠠᠷᠢᠨ ᠨᠢᠮᠪᠠᠢ ᠪᠤᠶᠢᠵᠢᠭᠤᠯᠵᠤ᠂ ᠲᠥᠮᠥᠰᠥ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠲᠦᠷᠭᠡᠳᠬᠡᠨ ᠠᠬᠢᠭᠤᠯᠬᠤ ᠬᠡᠷᠡᠭᠲᠡᠢ︔ ᠲᠠᠷᠢᠶᠠᠯᠠᠩ ᠲᠠᠢ ᠬᠤᠯᠪᠣᠭᠠᠯᠠᠵᠤ ᠲᠠᠷᠢᠶᠠᠯᠠᠩ ᠢ ᠳᠠᠶᠢᠴᠢᠯᠠᠬᠤ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠲᠠᠷᠢᠶᠠᠴᠢᠳ ᠢ ᠲᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠬᠦ ᠬᠡᠷᠡᠭᠲᠡᠶ ᠭᠡᠵᠦ ᠵᠣᠷᠢᠭᠵᠢᠭᠤᠯᠪᠠ᠃    ᠵᠧᠦ ᠺᠠᠶ 150 ᠲᠦᠮᠡᠨ ᠺᠢᠯᠣᠸᠠᠲ ᠤᠨ ᠬᠡᠷᠡᠯ ᠸᠣᠯᠲ ᠤᠨ ᠡᠪᠡᠰᠦᠨ ᠤ ᠦᠶ᠋ᠯᠡᠰ ᠤᠨ ᠲᠥᠷᠥᠯ ᠵᠦᠶ᠋ᠯ ᠤᠨ ᠪᠥᠲᠥᠭᠡᠨ ᠪᠠᠶᠢᠭᠤᠯᠤᠯᠲᠠ ᠶᠢᠨ ᠲᠤᠬᠠᠶ ᠶᠢᠨ ᠲᠠᠯᠠᠪᠠᠶ ᠪᠣᠯᠤᠨ ᠰᠢᠶᠠᠩ ᠹᠦ᠋ ᠰᠢᠨ᠎ᠡ ᠡᠨᠧᠷᠭᠢ᠂ ᠾᠧᠩ ᠺᠧ ᠲᠧ ᠲᠤᠤ ᠰᠢᠨ᠎ᠡ ᠮᠠᠲ᠋ᠧᠷᠢᠶᠠᠯ ᠵᠡᠷᠭᠡ ᠠᠵᠤ ᠠᠬᠤᠶᠢᠯᠠᠯ ᠳᠤ ᠬᠦᠷᠴᠦ᠂ ᠰᠢᠨ᠎ᠡ ᠡᠨᠧᠷᠭᠢ ᠶᠢᠨ ᠲᠥᠷᠥᠯ ᠵᠦᠶ᠋ᠯ ᠤᠨ ᠪᠥᠲᠥᠭᠡᠨ ᠪᠠᠶᠢᠭᠤᠯᠤᠯᠲᠠ᠂ ᠪᠢᠯᠢᠭ ᠲᠦᠢᠯ ᠤᠨ ᠮᠠᠲ᠋ᠧᠷᠢᠶᠠᠯ ᠤᠨ ᠠᠵᠤ ᠦᠶ᠋ᠯᠡᠰ ᠤᠨ ᠬᠥᠭᠵᠢᠯᠲᠡ᠂ ᠣᠨᠴᠠ ᠲᠥᠷᠥᠯ ᠤᠨ ᠸᠠᠭᠠᠷ ᠱᠠᠭᠠᠵᠠᠩ ᠤᠨ ᠦᠶ᠋ᠯᠡᠳᠪᠦᠷᠢᠯᠡᠯ ᠡᠵᠡᠩᠨᠡᠯᠲᠡ ᠵᠡᠷᠭᠡ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃ ᠲᠡᠷᠡ᠂ ᠰᠢᠨ᠎ᠡ ᠡᠨᠧᠷᠭᠢ ᠶᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠶᠡᠭᠡ ᠪᠠᠷ ᠠᠬᠢᠭᠤᠯᠵᠤ᠂ ᠲᠦᠷᠦᠯ ᠵᠦᠢᠯ ᠤᠨ ᠴᠢᠨᠠᠷ ᠰᠠᠶᠢᠲᠠᠢ ᠥᠨᠳᠥᠷ ᠪᠦᠲᠦᠮᠵᠢᠲᠡᠢ ᠪᠦᠳᠦᠭᠡᠨ ᠪᠠᠶᠢᠭᠤᠯᠵᠤ ᠠᠰᠢᠭᠯᠠᠯᠲᠠ ᠳᠤ ᠣᠷᠣᠭᠤᠯᠬᠤ ᠶᠢ ᠪᠠᠲᠤᠯᠠᠬᠤ ᠬᠡᠷᠡᠭᠲᠡᠢ ᠭᠡᠵᠦ ᠬᠡᠯᠡᠪᠡ᠃ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠠᠯᠬᠤᠴᠠ ᠪᠠᠨ ᠲᠦᠷᠭᠡᠳᠬᠡᠵᠦ᠂ ᠪᠣᠬᠢᠷᠲᠤᠯ ᠦᠭᠡᠢ ᠲᠦᠪᠰᠢᠨ ᠢ ᠳᠡᠭᠡᠭᠰᠢᠯᠡᠭᠦᠯᠵᠦ᠂ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠴᠢᠩᠭ᠎ᠠ ᠪᠣᠳᠠᠲᠠᠢ ᠠᠳᠬᠤᠬᠤ ᠬᠡᠷᠡᠭᠲᠡᠢ᠃    ᠰᠦᠢ ᠵᠢᠶᠠᠨ ᠬᠤᠸᠠ ᠣᠷᠣᠯᠴᠠᠪᠠ᠃ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2