ᠥᠷᠭᠡᠨ ᠣᠯᠠᠨ ᠠᠵᠢᠯᠲᠠᠨ ᠠᠵᠢᠯᠴᠢᠨ ᠤ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠤᠯᠠᠮ ᠨᠢᠭᠡ ᠠᠯᠬᠤᠮ | ᠪᠠᠶᠠᠯᠢᠭᠵᠢᠭᠤᠯᠵᠤ᠂ ᠠᠵᠢᠯᠲᠠᠨ ᠠᠵᠢᠯᠴᠢᠨ ᠤ ᠬᠥᠳᠡᠯᠮᠦᠷᠢ ᠶᠢᠨ ᠬᠠᠯᠠᠭᠤᠨ ᠰᠡᠳᠬᠢᠯᠭᠡ ᠪᠠ ᠡᠭᠦᠳᠦᠨ ᠪᠦᠲᠦᠭᠡᠬᠦ | ᠠᠮᠢᠵᠢᠷᠠᠯ ᠤᠨ ᠬᠦᠴᠦᠨ ᠢ ᠬᠥᠭᠵᠢᠭᠡᠬᠦ ᠶᠢᠨ ᠲᠥᠯᠥᠭᠡ᠂ 12 ᠰᠠᠷ᠎ᠠ ᠶᠢᠨ 17 ᠤ ᠡᠳᠦᠷ ᠠᠴᠠ 19 ᠤ ᠡᠳᠦᠷ ᠪᠣᠯᠲᠠᠯ᠎ᠠ᠂ | ᠰᠢᠶᠠᠨ ᠤ ᠠᠵᠢᠯᠴᠢᠨ ᠤ ᠶᠡᠷᠦᠩᠬᠡᠶ ᠡᠪᠯᠡᠯ ᠰᠢᠶᠠᠨ ᠤ ᠰᠣᠶᠣᠯ ᠵᠢᠭᠤᠯᠴᠢᠯᠠᠯ ᠤᠨ ᠲᠣᠪᠴᠢᠶ᠎ᠠ᠂ ᠰᠢᠶᠠᠨ ᠤ ᠰᠤᠷᠭᠠᠨ | ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠰᠢᠶᠠᠨ ᠤ ᠤᠯᠠᠭᠠᠨᠮᠥ᠋ᠴᠢᠷ ᠲᠠᠢ ᠬᠠᠮᠲᠤᠷᠠᠨ ︽ᠳᠤᠮᠳᠠᠳᠤ ᠶᠢᠨ ᠵᠡᠭᠦᠳᠦ · | ᠬᠥᠳᠡᠯᠮᠦᠷᠢ ᠭᠤᠸ᠎ᠠ ᠰᠠᠶᠢᠬᠠᠨ︾ ᠭᠡᠬᠦ ᠰᠡᠳᠬᠢᠯ ᠨᠢᠭᠡᠳᠦᠨ ᠰᠦᠭ ᠰᠦᠨᠡᠰᠦ ᠶᠢ ᠱᠤᠭᠤᠵᠤ ᠨᠠᠮ ᠢᠶᠠᠨ ᠳᠠᠭᠠᠵᠤ᠂ ᠰᠢᠨ᠎ᠡ | ᠠᠶᠠᠨ ᠳᠠᠶᠢᠨ ᠳᠤ ᠲᠠᠯᠠᠷᠬᠠᠨ ᠡᠷᠡᠯᠬᠡᠭᠯᠡᠨ ᠤᠷᠤᠭᠰᠢᠯᠠᠬᠤ ᠰᠢᠨ᠎ᠡ ᠠᠶᠠᠨ ᠤ ᠠᠵᠢᠯᠲᠠᠨ ᠠᠵᠢᠯᠴᠢᠨ ᠤ ᠤᠷᠠᠨ ᠰᠠᠶᠢᠬᠠᠨ ᠤ | ᠥᠷᠢᠰᠥᠯᠳᠦᠭᠡᠨ ᠤ ᠠᠵᠢᠯᠯᠠᠭ᠎ᠠ ᠥᠷᠨᠢᠭᠦᠯᠵᠦ᠂ ᠲᠣᠰ ᠤᠳᠠᠭᠠᠨ ᠤ ᠠᠵᠢᠯᠯᠠᠭ᠎ᠠ ᠳᠤ ᠳᠠᠭᠤᠯᠠᠬᠤ᠂ ᠶᠠᠷᠢᠶ᠎ᠠ ᠲᠠᠯᠪᠢᠬᠤ᠂ | ᠤᠷᠠᠨ ᠤᠩᠰᠢᠯᠭ᠎ᠠ᠂ ᠪᠥᠵᠢᠭ ᠵᠡᠷᠭᠡ ᠳᠥᠷᠪᠡᠨ ᠰᠢᠷᠢᠰ ᠠᠵᠢᠯᠯᠠᠭ᠎ᠠ ᠥᠷᠨᠢᠭᠦᠯᠪᠡ᠃ | ᠤᠷᠤᠯᠳᠤᠭᠠᠨ ᠤ ᠳᠤᠮᠳᠠ᠂ ᠪᠦᠬᠦ ᠰᠢᠶᠠᠨ ᠤ ᠡᠯ᠎ᠡ ᠠᠵᠢᠯ ᠲᠥᠷᠥᠯ ᠠᠴᠠ ᠢᠷᠡᠭᠰᠡᠨ ᠳᠠᠭᠤᠯᠠᠬᠤ᠂ ᠶᠠᠷᠢᠶ᠎ᠠ ᠲᠠᠯᠪᠢᠬᠤ᠂ | ᠤᠷᠠᠨ ᠤᠩᠰᠢᠯᠭ᠎ᠠ᠂ ᠪᠥᠵᠢᠭ ᠤᠨ ᠪᠠᠭ᠋ᠠᠲᠠᠶ ᠬᠥᠮᠦᠰ ᠤᠷᠤᠯᠳᠤᠭᠠᠨ ᠳᠤ ᠣᠷᠣᠯᠴᠠᠵᠤ᠂ 200 ᠭᠠᠷᠤᠶ ᠲᠠᠮᠢᠷᠴᠢᠳ | ᠣᠷᠭᠢᠯᠤᠮ᠎ᠠ ᠬᠠᠯᠠᠭᠤᠨ ᠰᠡᠳᠬᠢᠯᠭᠡ ᠪᠠ ᠤᠷᠠᠨ ᠨᠠᠷᠢᠯᠢᠭ ᠤᠷ᠎ᠠ ᠮᠡᠷᠭᠡᠵᠢᠯ ᠢᠶᠠᠷ ᠢᠶᠠᠨ ᠲᠤᠬᠠᠶ ᠶᠢᠨ ᠲᠠᠯᠠᠪᠠᠢ ᠶᠢᠨ | ᠦᠵᠡᠭᠴᠢᠳ ᠲᠤ ᠨᠢᠭᠡ ᠤᠳᠠᠭᠠᠨ ᠤ ᠦᠪᠡᠳᠡᠭᠰᠢ ᠳᠠᠶᠢᠯᠠᠯᠭ᠎ᠠ ᠶᠢ ᠠᠪᠴᠢᠷᠠᠵᠤ᠂ ᠲᠡᠳᠡ ᠴᠢᠩ ᠰᠡᠳᠬᠢᠯ ᠤᠨ | ᠲᠣᠭᠯᠠᠯᠲᠠ ᠪᠠᠷ ᠨᠠᠮ ᠳᠠᠭᠠᠨ ᠬᠠᠨᠳᠤᠭᠤᠯᠤᠭᠰᠠᠨ ᠬᠠᠶᠢᠷ᠎ᠠ ᠰᠡᠳᠬᠢᠯᠭᠡ᠂ ᠡᠬᠡ ᠤᠯᠤᠰ ᠢᠶᠠᠨ ᠬᠠᠶᠢᠷᠠᠯᠠᠬᠤ ᠭᠦᠨ ᠵᠤᠵᠠᠭᠠᠨ | ᠰᠡᠳᠬᠢᠯᠭᠡ ᠶᠢ ᠳᠠᠮᠵᠢᠭᠤᠯᠵᠤ᠂ ᠱᠠᠩᠳᠤ ᠰᠢᠶᠠᠨ ᠤ ᠥᠷᠭᠡᠨ ᠤᠯᠠᠨ ᠠᠵᠢᠯᠳᠠᠨ ᠤ ᠲᠤᠬᠠᠶᠢᠯᠠᠭᠰᠠᠨ ᠠᠵᠢᠯ ᠳᠠᠭᠠᠨ | ᠰᠠᠭᠤᠷᠢᠯᠠᠵᠤ᠂ ᠬᠦᠴᠦᠯᠡᠨ ᠴᠢᠷᠮᠠᠶᠢᠵᠤ ᠦᠢᠯᠡᠰ ᠪᠦᠲᠦᠭᠡᠬᠦ ᠣᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ | ᠢᠯᠡᠷᠡᠭᠦᠯᠵᠦ᠂ ᠬᠤᠷᠴᠠ ᠰᠢᠷᠦᠭᠦᠨ ᠥᠷᠢᠰᠥᠯᠳᠦᠭᠡᠨ ᠢᠶᠠᠷ ᠳᠡᠮᠵᠢᠨ᠂ ᠰᠢᠷᠢᠰ ᠤᠷᠤᠯᠳᠤᠭᠠᠨ ᠳᠤ ᠨᠢᠭᠡᠳᠦᠭᠡᠷ ᠳᠡᠰ ᠤᠨ | ᠱᠠᠩᠨᠠᠯ ᠨᠢᠭᠡ᠂ ᠬᠤᠶᠠᠳᠤᠭᠠᠷ ᠳᠡᠰ ᠤᠨ ᠱᠠᠩᠨᠠᠯ ᠬᠤᠶᠠᠷ᠂ ᠭᠤᠷᠪᠠᠳᠤᠭᠠᠷ ᠳᠡᠰ ᠤᠨ ᠱᠠᠩᠨᠠᠯ ᠭᠤᠷᠪᠠᠨ ᠨᠡᠷᠡᠰ᠂ ᠰᠢᠯᠢᠳᠡᠭ | ᠱᠠᠩᠨᠠᠯ ᠵᠢᠷᠭᠤᠭᠠᠨ ᠨᠡᠷᠡᠰ ᠢ ᠰᠢᠯᠭᠠᠷᠠᠭᠤᠯᠪᠠ᠃ | ᠡᠨᠡ ᠤᠳᠠᠭᠠᠨ ᠤ ᠠᠵᠢᠯᠯᠠᠭ᠎ᠠ ᠳᠤ ᠣᠷᠣᠯᠴᠠᠭᠰᠠᠨ ᠨᠢ ᠪᠢᠳᠡᠨ ᠳᠤ ᠥᠪᠡᠷ ᠤᠨ ᠠᠵᠠ ᠲᠣᠬᠢᠶᠠᠯ ᠣᠯᠭᠤᠭᠰᠠᠨ ᠢᠶᠠᠷ | ᠪᠠᠷᠠᠬᠤ ᠦᠭᠡᠢ᠂ ᠨᠡᠩ ᠴᠤ ᠪᠢᠳᠡᠨ ᠳᠤ ᠡᠯ᠎ᠡ ᠡᠲᠡᠭᠡᠳ ᠤᠨ ᠠᠵᠢᠯᠳᠠᠨ ᠠᠵᠢᠯᠴᠢᠨ ᠺᠠᠳ᠋ᠷᠴᠤᠳ ᠲᠠᠢ ᠰᠣᠯᠢᠯᠴᠠᠬᠤ᠂ | ᠰᠤᠷᠤᠯᠴᠠᠬᠤ ᠪᠠ ᠬᠤᠪᠢᠶᠠᠯᠴᠠᠨ ᠡᠳ᠋ᠯᠡᠬᠦ ᠲᠠᠪᠴᠠᠩ ᠢ ᠪᠠᠶᠢᠭᠤᠯᠵᠤ ᠥᠭᠴᠡᠢ᠂ ᠪᠢ ᠪᠠᠰᠠ ᠬᠤᠶᠢᠰᠢᠳᠠ ᠡᠶᠢᠮᠦᠷᠬᠦ | ᠠᠵᠢᠯᠯᠠᠭ᠎ᠠ ᠳᠤ ᠣᠷᠣᠯᠴᠠᠬᠤ ᠠᠵᠠ ᠲᠣᠬᠢᠶᠠᠯ ᠣᠯᠬᠤ ᠶᠢ ᠬᠦᠰᠡᠵᠦ ᠪᠠᠶᠢᠨ᠎ᠠ᠃ | ᠣᠶᠢᠯᠠᠭᠠᠭᠰᠠᠨ ᠢᠶᠠᠷ᠂ ᠤᠷᠤᠯᠳᠤᠭᠠᠨ ᠤ ᠲᠣᠭᠯᠠᠯᠲᠠ ᠶᠢ ᠪᠡᠯᠡᠳᠬᠡᠭᠰᠡᠨ ᠠᠴᠠ ᠨᠠᠰᠢ᠂ ᠥᠷᠭᠡᠨ ᠣᠯᠠᠨ ᠠᠵᠢᠯᠲᠠᠨ | ᠠᠵᠢᠯᠴᠢᠨ ᠤ ᠢᠳᠡᠪᠬᠢᠲᠡᠶ ᠬᠦᠷᠢᠶᠡᠯᠡᠯ ᠢ ᠣᠯᠵᠤ᠂ ᠥᠷᠭᠡᠨ ᠣᠯᠠᠨ ᠠᠵᠢᠯᠲᠠᠨ ᠠᠵᠢᠯᠴᠢᠨ ᠰᠠᠨᠠᠭᠠᠴᠢᠯᠠᠭ᠎ᠠ ᠠᠴᠠ ᠪᠠᠨ | ᠨᠡᠷ᠎ᠡ ᠮᠡᠳᠡᠭᠦᠯᠵᠦ᠂ ᠢᠳᠡᠪᠬᠢᠲᠡᠶ ᠪᠠᠷ ᠣᠷᠣᠯᠴᠠᠵᠤ᠂ ᠲᠥᠷᠥᠯ ᠰᠠᠳᠤᠨ ᠨᠠᠶᠢᠵᠠ ᠨᠥᠬᠦᠳ ᠤᠨ ᠪᠦᠯᠬᠦᠮ ᠴᠦ ᠲᠤᠬᠠᠶ ᠶᠢᠨ | ᠲᠠᠯᠠᠪᠤᠷ ᠲᠤ ᠢᠷᠡᠵᠦ ᠲᠠᠮᠢᠷᠴᠢᠳ ᠲᠤ ᠬᠦᠴᠦ ᠨᠡᠮᠡᠵᠦ᠂ ᠲᠤᠬᠠᠶ ᠶᠢᠨ ᠲᠠᠯᠠᠪᠠᠶ ᠶᠢᠨ ᠠᠭᠤᠷ ᠠᠮᠢᠰᠬᠤᠯ ᠬᠥᠭᠵᠢᠶᠡᠨᠲᠡᠶ | ᠪᠠᠶᠢᠯ᠎ᠠ᠃ | ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠲᠤᠰ ᠤᠳᠠᠭᠠᠨ ᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ | ᠠᠵᠢᠯᠳᠠᠨ ᠠᠵᠢᠯᠴᠢᠨ ᠤᠯᠠᠨ ᠲᠦᠮᠡᠨ ᠤ ᠰᠣᠶᠣᠯ ᠤᠨ ᠠᠮᠢᠳᠤᠷᠠᠯ ᠤᠨ ᠬᠡᠷᠡᠭᠴᠡᠭᠡ ᠶᠢ ᠤᠯᠠᠮ ᠴᠢᠨᠠᠭᠰᠢᠳᠠ ᠣᠨᠣᠪᠴᠢᠲᠠᠢ | ᠵᠣᠯᠭᠠᠭᠤᠯᠵᠤ᠂ ᠠᠵᠢᠯᠳᠠᠨ ᠠᠵᠢᠯᠴᠢᠨ ᠤ ᠦᠵᠡᠵᠦ ᠰᠣᠨᠣᠰᠬᠤ ᠳᠤᠷᠠᠲᠠᠢ ᠡᠯ᠎ᠡ ᠲᠦᠷᠦᠯ ᠤᠨ ᠠᠵᠢᠯᠯᠠᠭ᠎ᠠ ᠶᠢ | ᠦᠷᠭᠦᠯᠵᠢᠯᠡᠨ ᠥᠷᠨᠢᠭᠦᠯᠵᠦ᠂ ᠪᠦᠬᠦ ᠰᠢᠶᠠᠨ ᠤ ᠥᠷᠭᠡᠨ ᠤᠯᠠᠨ ᠠᠵᠢᠯᠳᠠᠨ ᠠᠵᠢᠯᠴᠢᠨ ᠤ ᠭᠠᠪᠢᠶ᠎ᠠ ᠪᠠᠶᠢᠭᠤᠯᠵᠤ ᠦᠢᠯᠡᠰ | ᠪᠤᠰᠬᠠᠬᠤ ᠬᠠᠯᠠᠭᠤᠨ ᠰᠡᠳᠬᠢᠯᠭᠡ ᠶᠢ ᠬᠥᠭᠵᠢᠭᠡᠵᠦ᠂ ᠰᠢᠨ᠎ᠡ ᠱᠠᠩᠳᠤ ᠶᠢᠨ ᠰᠠᠶᠢᠨ ᠰᠠᠶᠢᠬᠠᠨ ᠬᠠᠭᠤᠳᠠᠰᠤ ᠶᠢ ᠴᠢᠷᠮᠠᠶᠢᠨ | ᠪᠢᠴᠢᠭᠯᠡᠬᠦ ᠳᠤ ᠠᠵᠢᠯᠴᠢᠨ ᠤ ᠡᠪᠯᠡᠯ ᠤᠨ ᠬᠦᠴᠦᠨ ᠴᠢᠳᠠᠯ ᠢᠶᠠᠨ ᠡᠷᠭᠦᠨ᠎ᠡ ᠭᠡᠪᠡ᠃ | | | | |