ᠲᠣᠰᠬᠤᠨ ᠤ ᠠᠷᠠᠳ ᠤᠨ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠬᠥᠳᠡᠭᠡ ᠲᠣᠰᠬᠤᠨ ᠤ | ᠨᠢᠭᠲᠠᠷᠠᠯ ᠤᠨ ᠬᠦᠴᠦᠨ ᠪᠣᠯᠤᠨ ᠲᠥᠪᠯᠡᠩᠭᠦᠢ ᠬᠦᠴᠦᠨ ᠢ ᠴᠢᠩᠭᠠᠳᠬᠠᠵᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠴᠢᠨᠠᠭᠰᠢᠳᠠ ᠠᠬᠢᠭᠤᠯᠬᠤ ᠶᠢᠨ ᠲᠥᠯᠥᠭᠡ᠂ ᠤᠢᠢᠷ᠎ᠠ ᠶᠢᠨ ᠡᠳᠦᠷ ᠤᠳ ᠲᠤ᠂ ᠮᠠᠨ ᠤ ᠰᠢᠶᠠᠨ ᠤ | ᠮᠣᠣ ᠳ᠋ᠦ᠋ ᠰᠢᠶᠠᠩ ᠤᠨ ᠲᠤᠸᠠᠨ ᠵᠢᠶᠧ ᠲᠣᠰᠬᠤᠨ᠂ ᠴᠢᠩ ᠱᠦᠢ ᠴᠢᠤᠸᠠᠨ ᠲᠣᠰᠬᠤᠨ ᠵᠡᠷᠭᠡ ᠬᠦᠮᠦᠰ ︽ᠨᠠᠮ ᠤᠨ | ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠬᠤ︾ ᠰᠢᠨ᠎ᠡ ᠵᠢᠯ ᠢ ᠤᠭᠲᠤᠬᠤ | ᠴᠠᠶᠢᠯᠠᠯᠭ᠎ᠠ ᠶᠢ ᠵᠠᠯᠭᠠᠭ᠎ᠠ ᠪᠠᠷ ᠡᠷᠬᠢᠯᠡᠪᠡ᠃ | ᠴᠠᠶᠢᠯᠠᠯᠭ᠎ᠠ ᠶᠢᠨ ᠬᠤᠷᠠᠯ ᠳᠤ ᠲᠣᠰᠬᠤᠨ ᠤ ᠤᠳᠤᠷᠢᠳᠤᠯᠭ᠎ᠠ᠂ ᠠᠬᠠᠮᠠᠳ ᠨᠠᠮ ᠤᠨ ᠭᠡᠰᠢᠭᠦᠨ᠂ ᠲᠣᠰᠬᠤᠨ ᠤ | ᠠᠷᠠᠳ ᠤᠨ ᠲᠥᠯᠥᠭᠡᠯᠡᠭᠴᠢ ᠶᠢ ᠤᠷᠢᠪᠠ᠃ ᠴᠠᠶᠢᠯᠠᠯᠭ᠎ᠠ ᠶᠢᠨ ᠬᠤᠷᠠᠯ ᠳᠡᠭᠡᠷ᠎ᠡ᠂ ᠡᠯ᠎ᠡ ᠲᠣᠰᠬᠤᠨ ᠤ ᠨᠠᠮ ᠤᠨ | ᠡᠭᠦᠷ ᠤᠨ ᠱᠦᠵᠢ ᠲᠣᠰ ᠲᠣᠰ ᠥᠪᠡᠷ ᠥᠪᠡᠷ ᠤᠨ ᠵᠠᠰᠠᠭ ᠵᠠᠬᠢᠷᠭᠠᠨ ᠤ ᠲᠣᠰᠬᠤᠨ ᠤ ᠥᠩᠭᠡᠷᠡᠭᠰᠡᠨ ᠨᠢᠭᠡ ᠵᠢᠯ ᠤᠨ | ᠠᠵᠢᠯ ᠤᠨ ᠪᠠᠶᠢᠳᠠᠯ ᠢᠶᠠᠨ ᠲᠠᠨᠢᠯᠴᠠᠭᠤᠯᠬᠤ ᠶᠢᠨ ᠬᠠᠮᠲᠤ ᠵᠣᠭᠤᠭᠳᠠᠬᠤ ᠬᠡᠯᠪᠡᠷᠢ ᠪᠠᠷ ᠲᠣᠰᠬᠤᠨ ᠤ ᠠᠷᠠᠳ ᠲᠤ | ᠨᠠᠮ ᠤᠨ ᠰᠠᠶᠢᠨ ᠲᠦᠷᠦ ᠶᠢᠨ ᠪᠤᠳᠤᠯᠭ᠎ᠠ ᠶᠢ ᠤᠬᠠᠭᠤᠯᠤᠨ ᠲᠠᠶᠢᠯᠪᠤᠷᠢᠯᠠᠵᠤ᠂ ᠤᠯᠠᠨ ᠢ ᠦᠨᠡᠨ ᠬᠦ ᠬᠠᠪᠰᠤᠷᠤᠨ | ᠲᠦᠷᠦ ᠶᠢᠨ ᠪᠤᠳᠤᠯᠭ᠎ᠠ ᠶᠢ ᠤᠯᠠᠮ ᠴᠢᠨᠠᠭᠰᠢᠳᠠ ᠣᠶᠢᠯᠠᠭᠠᠭᠤᠯᠵᠤ᠂ ᠲᠦᠷᠦ ᠶᠢᠨ ᠪᠤᠳᠤᠯᠭ᠎ᠠ ᠶᠢ ᠬᠡᠷᠡᠭᠯᠡᠵᠦ ᠴᠢᠳᠠᠬᠤ | ᠪᠣᠯᠭᠠᠬᠤ ᠬᠡᠷᠡᠭᠲᠡᠢ᠃ ︽ᠬᠠᠯᠠᠭᠤᠨ ᠳᠤᠯᠠᠭᠠᠨ ᠨᠡᠭᠦᠷᠡᠰᠦ ᠨᠢ ᠮᠠᠨ ᠤ ᠬᠡᠷ ᠪᠣᠯᠬᠤ ᠪᠠᠷ ᠪᠠᠷᠠᠬᠤ ᠥᠬᠡᠶ᠂ ᠨᠠᠩ ᠴᠤ | ᠪᠢᠳᠡᠨ ᠤ ᠰᠡᠳᠬᠢᠯ ᠢ ᠳᠤᠯᠠᠭᠠᠴᠠᠭᠤᠯᠵᠠᠶ᠃ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠭᠰᠡᠨ︾ ᠳᠠᠷᠠᠭ᠎ᠠ ᠭᠡᠷ | ᠪᠦᠯᠢ ᠴᠡᠪᠡᠷ ᠠᠷᠪᠢᠨ᠂ ᠪᠠᠰᠠ ᠤᠴᠢᠷ ᠶᠠᠪᠤᠳᠠᠯ ᠢ ᠠᠷᠪᠢᠯᠠᠪᠠᠯ ᠬᠡᠳᠦᠢ ᠁︾ ᠭᠡᠵᠦ ᠲᠣᠰᠬᠤᠨ ᠤ ᠠᠷᠠᠳ | ᠨᠢᠭᠡ ᠯᠡ ᠦᠭᠡ ᠪᠠᠷ ᠬᠡᠯᠡᠪᠡᠯ᠂ ᠪᠢ ᠨᠢᠭᠡ ᠯᠡ ᠦᠭᠡ ᠪᠠᠷ ᠶᠠᠷᠢᠵᠤ᠂ ᠥᠪᠡᠷ ᠥᠪᠡᠷ ᠤᠨ ᠦᠵᠡᠯᠲᠡ ᠪᠠᠨ ᠶᠠᠷᠢᠵᠤ᠂ | ᠰᠠᠶᠢᠨ ᠰᠠᠶᠢᠬᠠᠨ ᠠᠮᠢᠳᠤᠷᠠᠯ ᠢᠶᠠᠨ ᠠᠭᠤᠵᠢᠷᠠᠲᠠᠯ᠎ᠠ ᠶᠠᠷᠢᠯᠴᠠᠵᠤ᠂ ᠥᠪᠡᠷ ᠤᠨ ᠪᠠᠶᠠᠷ ᠪᠠᠶᠠᠰᠤᠯ ᠢᠶᠠᠨ | ᠬᠤᠪᠢᠶᠠᠯᠴᠠᠵᠤ᠂ ᠨᠠᠮ ᠤᠨ ᠰᠠᠶᠢᠨ ᠲᠦᠷᠦ ᠶᠢᠨ ᠪᠤᠳᠤᠯᠭ᠎ᠠ ᠶᠢᠨ ᠦᠢᠯᠡᠳᠪᠦᠷᠢᠯᠡᠯ ᠠᠮᠢᠳᠤᠷᠠᠯ ᠳᠤ ᠠᠪᠴᠢᠷᠠᠭᠰᠠᠨ | ᠬᠤᠪᠢᠷᠠᠯᠲᠠ ᠪᠠ ᠲᠤᠰ ᠲᠤᠰ ᠤᠨ ᠰᠡᠳᠬᠢᠯ ᠤᠨ ᠦᠭᠡ ᠪᠠᠨ ᠪᠣᠳᠠᠲᠤ ᠠᠰᠢᠭᠲᠠᠢ ᠢᠯᠡᠳᠬᠡᠶ᠎ᠡ᠃ | ᠴᠠᠶᠢᠯᠠᠯᠭ᠎ᠠ ᠶᠢ ᠡᠷᠬᠢᠯᠡᠭᠰᠡᠨ ᠨᠢ ᠥᠷᠭᠡᠨ ᠤᠯᠠᠨ ᠲᠦᠮᠡᠨ ᠤ ᠨᠠᠮ ᠤᠨ ᠲᠤᠬᠠᠢ ᠮᠡᠳᠡᠷᠡᠬᠦ ᠰᠡᠳᠬᠢᠯᠭᠡ ᠪᠣᠯᠤᠨ | ᠬᠠᠷᠢᠶᠠᠯᠠᠭᠳᠠᠬᠤ ᠰᠡᠳᠬᠢᠯᠭᠡ ᠶᠢ ᠨᠡᠮᠡᠭᠳᠡᠭᠦᠯᠦᠭᠰᠡᠨ ᠢᠶᠠᠷ ᠪᠠᠷᠠᠬᠤ ᠦᠭᠡᠢ ᠪᠠᠰᠠ ᠺᠠᠳ᠋ᠷ ᠤᠯᠠᠨ ᠲᠦᠮᠡᠨ ᠤ | ᠰᠣᠯᠢᠯᠴᠠᠭ᠎ᠠ ᠶᠢ ᠭᠦᠨᠵᠡᠭᠡᠶᠢᠷᠡᠭᠦᠯᠵᠦ᠂ ᠤᠯᠠᠨ ᠲᠦᠮᠡᠨ ᠤ ᠬᠤᠭᠤᠷᠣᠨᠳᠣᠬᠢ ᠨᠥᠬᠦᠷᠯᠡᠯ ᠢ ᠵᠤᠵᠠᠭᠠᠳᠬᠠᠵᠤ᠂ ᠮᠣᠣ | ᠳ᠋ᠦ᠋ ᠰᠢᠶᠠᠩ ᠤᠨ ᠬᠥᠭᠵᠢᠯᠲᠡ ᠳᠤ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠬᠥᠳᠡᠯᠭᠡᠬᠦ ᠬᠦᠴᠦᠨ ᠢ | ᠨᠡᠮᠡᠷᠢᠯᠡᠭᠰᠡᠨ ᠪᠠᠶᠢᠨ᠎ᠠ᠃ | ᠣᠷᠴᠢᠭᠤᠯᠣᠭᠴᠢ᠄ ᠬᠠᠨᠠᠭᠠᠷ | ᠬᠢᠨᠠᠭᠴᠢ᠄ ᠬᠠᠨᠠᠭᠠᠷ |