ᠱᠠᠩᠳᠤ ᠰᠢᠶᠠᠨ 2025 ᠣᠨ ᠤ ᠴᠠᠭᠠᠨ ᠰᠠᠷ᠎ᠠ᠂ ᠴᠠᠭᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠤᠨ ᠠᠵᠢᠯᠯᠠᠭ᠎ᠠ ᠶᠢᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/12/25
   12 ᠰᠠᠷ᠎ᠠ ᠶᠢᠨ 20 ᠤ ᠡᠳᠦᠷ᠂ ᠱᠠᠩᠳᠤ ᠰᠢᠶᠠᠨ 2025 ᠣᠨ ᠤ ᠴᠠᠭᠠᠨ ᠰᠠᠷ᠎ᠠ᠂ ᠴᠠᠭᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠤᠨ ᠠᠵᠢᠯᠯᠠᠭ᠎ᠠ ᠶᠢᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢ ᠶᠠ ᠳ᠋ᠦᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠤ᠂ ᠰᠢᠶᠠᠨ ᠤ ᠤᠳᠤᠷᠢᠳᠤᠯᠭ᠎ᠠ ᠮᠧᠩ ᠽᠧ ᠴᠢᠶᠦ᠋ᠩ᠂ ᠸᠠᠩ ᠬᠤ᠋ ᠵᠢᠶᠦ᠋ᠨ᠂ ᠸᠧᠢ ᠸᠧᠢ᠂ ᠼᠦᠢ ᡁᠢ ᠸᠧᠢ ᠣᠷᠣᠯᠴᠠᠪᠠ᠃    ᠬᠤᠷᠠᠯ ᠠᠴᠠ ︽ᠱᠠᠩᠳᠤ ᠰᠢᠶᠠᠨ ᠤ 2025 ᠣᠨ ᠤ ᠴᠠᠭᠠᠨ ᠰᠠᠷ᠎ᠠ᠂ ᠥᠯᠵᠡᠶᠢᠲᠦ ᠡᠳᠦᠷ ᠤᠨ ᠪᠠᠶᠠᠷ ᠤᠨ ᠰᠣᠶᠣᠯ ᠤᠨ ᠠᠵᠢᠯᠯᠠᠭ᠎ᠠ ᠶᠢᠨ ᠲᠥᠰᠦᠯ︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ 2025 ᠣᠨ ᠤ ᠴᠠᠭᠠᠨ ᠰᠠᠷ᠎ᠠ᠂ ᠥᠯᠵᠡᠶᠢᠲᠦ ᠡᠳᠦᠷ ᠤᠨ ᠪᠠᠶᠠᠷ ᠤᠨ ᠬᠤᠭᠤᠴᠠᠭᠠᠨ ᠳᠠᠬᠢ ᠣᠯᠠᠨ ᠲᠦᠮᠡᠨᠴᠢ ᠴᠢᠨᠠᠷᠲᠠᠶ ᠰᠣᠶᠣᠯ ᠤᠨ ᠠᠵᠢᠯᠯᠠᠭ᠎ᠠ ᠶᠢ ᠲᠣᠬᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ᠂ ᠴᠠᠭᠠᠨ ᠰᠠᠷ᠎ᠠ᠂ ᠥᠯᠵᠡᠶᠢᠲᠦ ᠡᠳᠦᠷ ᠤᠨ ᠪᠠᠶᠠᠷ ᠤᠨ ᠰᠣᠶᠣᠯ ᠤᠨ ᠠᠵᠢᠯᠯᠠᠭ᠎ᠠ ᠶᠢᠨ ᠵᠣᠷᠢᠯᠭ᠎ᠠ ᠨᠢ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠤᠯᠠᠨ ᠲᠦᠮᠡᠨᠴᠢ ᠴᠢᠨᠠᠷᠲᠠᠶ ᠰᠣᠶᠣᠯ ᠤᠨ ᠠᠵᠢᠯᠯᠠᠭ᠎ᠠ ᠶᠢ ᠪᠠᠶᠠᠯᠢᠭᠵᠢᠭᠤᠯᠵᠤ᠂ ᠬᠦᠴᠦᠯᠡᠨ ᠴᠢᠷᠮᠠᠶᠢᠵᠤ ᠥᠭᠡᠳᠡᠯᠡᠨ ᠲᠠᠪᠰᠢᠬᠤ᠂ ᠪᠠᠶᠠᠷ ᠬᠦᠷ ᠲᠠᠢ ᠡᠶ᠎ᠡ ᠨᠠᠶᠢᠷᠠᠮᠳᠠᠭᠤ᠂ ᠦᠪᠡᠳᠡᠭᠰᠢ ᠶᠡᠭᠡ ᠬᠥᠭᠵᠢᠶᠡᠨᠲᠡᠶ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠤᠢ ᠪᠣᠯᠭᠠᠵᠤ᠂ ᠨᠠᠮ ᠤᠨ ᠠᠷᠠᠳ ᠢ ᠪᠠᠶᠠᠵᠢᠭᠤᠯᠬᠤ ᠲᠥᠷᠥ ᠶᠢᠨ ᠪᠣᠳᠣᠯᠭ᠎ᠠ ᠶᠢ ᠮᠠᠭᠲᠠᠨ ᠳᠠᠭᠤᠯᠠᠵᠤ᠂ ᠨᠢᠭᠡ ᠵᠢᠯ ᠤᠨ ᠲᠤᠷᠰᠢᠬᠢ ᠪᠦᠬᠦ ᠰᠢᠶᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠣᠯᠤᠭᠰᠠᠨ ᠪᠠᠶᠠᠷᠯᠠᠭᠤᠰᠢᠲᠠᠶ ᠠᠮᠵᠢᠯᠲᠠ ᠪᠦᠲᠦᠮᠵᠢ ᠶᠢ ᠭᠦᠢᠴᠡᠳ ᠳᠡᠯᠭᠡᠨ ᠦᠵᠡᠭᠦᠯᠬᠦ ᠶᠢᠨ ᠲᠥᠯᠥᠭᠡ ᠶᠤᠮ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠵᠣᠭᠰᠣᠴᠠ ᠪᠠᠨ ᠳᠡᠭᠡᠭᠰᠢᠯᠡᠭᠦᠯᠵᠦ᠂ ︽ᠬᠤᠶᠠᠷ ᠪᠠᠶᠠᠷ︾ ᠤᠨ ᠣᠯᠠᠨ ᠲᠦᠮᠡᠨᠴᠢ ᠴᠢᠨᠠᠷᠲᠠᠶ ᠰᠣᠶᠣᠯ ᠤᠨ ᠠᠵᠢᠯᠯᠠᠭ᠎ᠠ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠪᠣᠳᠠᠲᠠᠶ ᠲᠠᠢ ᠪᠠᠨ ᠤᠶᠠᠯᠳᠤᠭᠤᠯᠤᠨ᠂ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠡᠯ᠎ᠡ ᠵᠦᠢᠯ ᠤᠨ ᠡᠭᠦᠷᠭᠡ ᠶᠢ ᠬᠢᠨᠠᠮᠠᠭᠠᠶ ᠰᠠᠶᠢᠲᠤᠷ ᠨᠠᠶᠢᠳᠠᠪᠤᠷᠢᠵᠢᠭᠤᠯᠤᠨ᠂ ᠡᠯ᠎ᠡ ᠵᠦᠢᠯ ᠤᠨ ᠠᠵᠢᠯᠯᠠᠭ᠎ᠠ ᠶᠢᠨ ᠠᠮᠤᠷ ᠲᠦᠪᠰᠢᠨ ᠡᠮᠬᠢ ᠵᠢᠷᠤᠮ ᠲᠠᠢ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠤᠬᠠᠭᠤᠯᠬᠤ ᠰᠠᠯᠠᠭ᠎ᠠ ᠮᠥᠴᠢᠷ ᠤᠳ ᠡᠨᠡ ᠬᠦ ᠲᠣᠬᠢᠶᠠᠯ ᠢ ᠠᠰᠢᠭᠯᠠᠨ᠂ ᠲᠡᠷᠢᠭᠦᠨ ᠤ ᠰᠣᠶᠣᠯ ᠢᠶᠠᠷ ᠣᠯᠠᠨ ᠲᠦᠮᠡᠨ ᠤ ᠰᠣᠶᠣᠯ ᠤᠨ ᠠᠮᠢᠳᠤᠷᠠᠯ ᠤᠨ ᠵᠢᠭᠰᠠᠭᠠᠯ ᠤᠨ ᠭᠠᠵᠠᠷ ᠢ ᠡᠵᠡᠯᠡᠬᠦ ᠬᠡᠷᠡᠭᠲᠡᠶ᠃ ᠤᠯᠤᠰ ᠲᠦᠷᠦ ᠬᠠᠤᠯᠢ ᠴᠠᠭᠠᠵᠠ ᠶᠢᠨ ᠰᠠᠯᠠᠭ᠎ᠠ ᠮᠥᠴᠢᠷ ᠤᠳ ᠲᠦᠷᠦᠭᠦᠯᠡᠨ ︽ᠠᠮᠤᠷ ᠲᠦᠪᠰᠢᠨ ᠤ ᠬᠠᠮᠠᠭᠠᠯᠠᠯᠲᠠ ᠶᠢᠨ ᠠᠵᠢᠯ ᠤᠨ ᠲᠥᠰᠦᠯ︾ ᠢ ᠲᠣᠭᠲᠠᠭᠠᠬᠤ ᠬᠡᠷᠡᠭᠲᠡᠶ᠃ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠴᠠᠭᠳᠠᠭᠠᠨ ᠤ ᠬᠦᠴᠦᠨ ᠢ ᠵᠣᠬᠢᠰᠲᠠᠶ ᠪᠠᠶᠢᠷᠢᠯᠠᠭᠤᠯᠤᠨ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠠᠮᠤᠷ ᠢ ᠬᠠᠮᠠᠭᠠᠯᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠭᠠᠯ ᠤᠨᠲᠠᠷᠠᠭᠠᠬᠤ᠂ ᠴᠠᠬᠢᠯᠭᠠᠨ ᠬᠠᠩᠭᠠᠬᠤ᠂ ᠤᠰᠤ ᠬᠠᠩᠭᠠᠬᠤ ᠵᠡᠷᠭᠡ ᠰᠠᠯᠠᠭ᠎ᠠ ᠮᠥᠴᠢᠷ ᠤᠳ ᠴᠠᠭᠠᠨ ᠰᠠᠷ᠎ᠠ ᠶᠢᠨ ᠬᠤᠭᠤᠴᠠᠭᠠᠨ ᠳᠠᠬᠢ ᠴᠠᠬᠢᠯᠭᠠᠨ ᠬᠡᠷᠡᠭᠯᠡᠬᠦ ᠪᠠ ᠤᠰᠤ ᠬᠡᠷᠡᠭᠯᠡᠬᠦ ᠶᠢ ᠪᠠᠲᠤᠯᠠᠬᠤ ᠠᠵᠢᠯ ᠢ ᠦᠨᠡᠨᠬᠦ ᠰᠠᠶᠢᠲᠤᠷ ᠬᠢᠵᠦ᠂ ᠭᠡᠨᠡᠳᠲᠡ ᠶᠢᠨ ᠬᠡᠷᠡᠭ ᠭᠠᠷᠬᠤ ᠶᠢ ᠰᠡᠷᠭᠡᠶᠢᠯᠡᠬᠦ ᠬᠡᠷᠡᠭᠲᠡᠶ᠃ ᠡᠷᠡᠭᠦᠯ ᠬᠠᠮᠠᠭᠠᠯᠠᠯ᠂ ᠬᠢᠵᠢᠭ ᠰᠡᠷᠭᠡᠶᠢᠯᠡᠬᠦ ᠰᠠᠯᠠᠭ᠎ᠠ ᠮᠥᠴᠢᠷ ᠤᠳ ᠡᠯ᠎ᠡ ᠵᠦᠢᠯ ᠤᠨ ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠶᠢᠨ ᠠᠪᠤᠷᠠᠨ ᠵᠠᠰᠠᠬᠤ ᠪᠡᠯᠡᠳᠬᠡᠯ ᠠᠵᠢᠯ ᠢ ᠰᠠᠶᠢᠲᠤᠷ ᠬᠢᠬᠦ ᠬᠡᠷᠡᠭᠲᠡᠶ᠃ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ᠂ ᠭᠠᠯ ᠤᠨᠲᠠᠷᠠᠭᠠᠬᠤ ᠳᠤᠮᠳᠠ ᠠᠩᠭᠢ ᠨᠢ ᠵᠠᠮ ᠬᠠᠷᠢᠯᠴᠠᠭᠠᠨ ᠤ ᠡᠮᠬᠢ ᠳᠢᠭᠯᠢᠮ ᠢ ᠵᠠᠬᠢᠷᠤᠨ ᠬᠠᠮᠢᠶᠠᠷᠬᠤ᠂ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠢ ᠰᠠᠶᠢᠲᠤᠷ ᠬᠢᠬᠦ ᠬᠡᠷᠡᠭᠲᠡᠶ᠃ ᠰᠢᠶᠠᠨ ᠳᠤ ᠰᠠᠭᠤᠭ᠎ᠠ ᠠᠵᠤ ᠠᠬᠤᠶᠢᠯᠠᠯ ᠲᠤᠰ ᠤᠳᠠᠭᠠᠨ ᠤ ᠠᠵᠢᠯᠯᠠᠭ᠎ᠠ ᠶᠢ ᠭᠦᠢᠴᠡᠳ ᠠᠰᠢᠭᠯᠠᠵᠤ᠂ ᠢᠳᠡᠪᠬᠢᠲᠡᠢ ᠣᠷᠣᠯᠴᠠᠵᠤ᠂ ᠠᠯᠳᠠᠷ ᠢᠶᠠᠨ ᠥᠷᠭᠡᠳᠬᠡᠵᠦ᠂ ᠨᠥᠯᠥᠭᠡᠯᠡᠬᠦ ᠬᠦᠴᠦᠨ ᠢᠶᠠᠨ ᠨᠡᠮᠡᠭᠳᠡᠭᠦᠯᠵᠦ᠂ ᠡᠯ᠎ᠡ ᠵᠦᠢᠯ ᠤᠨ ᠠᠵᠢᠯᠯᠠᠭ᠎ᠠ ᠶᠢᠨ ᠠᠮᠤᠷ ᠲᠦᠪᠰᠢᠨ ᠡᠮᠬᠢ ᠵᠢᠷᠤᠮ ᠲᠠᠢ ᠥᠷᠨᠢᠬᠦ ᠶᠢ ᠪᠠᠲᠤᠯᠠᠵᠤ᠂ ᠪᠦᠬᠦ ᠰᠢᠶᠠᠨ ᠤ ᠠᠷᠠᠳ ᠲᠦᠮᠡᠨ ᠢ ᠬᠦᠷ ᠬᠥᠭᠵᠢᠶᠡᠨ ᠲᠠᠢ ᠴᠠᠭᠠᠨ ᠰᠠᠷ᠎ᠠ ᠶᠢ ᠥᠩᠭᠡᠷᠡᠭᠦᠯᠬᠦ ᠬᠡᠷᠡᠭᠲᠡᠢ᠃ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2