2025 ᠣᠨ ᠤ ᠰᠢᠶᠠᠨ ᠤ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠴᠤᠭᠯᠠᠭᠤᠯᠬᠤ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2024/12/25
  ᠠᠷᠠᠳ ᠤᠨ ᠣᠶᠤᠨ ᠤᠬᠠᠭᠠᠨ ᠢ ᠭᠦᠶ᠋ᠴᠡᠳ ᠲᠥᠪᠯᠡᠷᠡᠭᠦᠯᠬᠦ᠂ ᠠᠷᠠᠳ ᠤᠨ ᠰᠠᠨᠠᠭ᠎ᠠ ᠶᠢ ᠲᠤᠰᠬᠠᠬᠤ᠂ ᠠᠷᠠᠳ ᠤᠨ ᠬᠡᠷᠡᠭᠴᠡᠭᠡ ᠶᠢ ᠰᠢᠶ᠋ᠳᠪᠦᠷᠢᠯᠡᠬᠦ᠂ ᠠᠷᠠᠳ ᠤᠨ ᠰᠡᠳᠬᠢᠯ ᠢ ᠨᠢᠭᠲᠠᠷᠠᠭᠤᠯᠬᠤ ᠶᠢᠨ ᠲᠥᠯᠥᠭᠡ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠠᠵᠢᠯ ᠤᠨ ᠢᠯᠡ ᠲᠣᠳᠣ ᠶᠢᠨ ᠬᠡᠮᠵᠢᠶ᠎ᠡ᠂ ᠨᠡᠭᠡᠭᠡᠯᠲᠡ ᠶᠢᠨ ᠬᠡᠮᠵᠢᠶ᠎ᠡ ᠪᠠ ᠣᠯᠠᠨ ᠲᠦᠮᠡᠨ ᠤ ᠣᠷᠣᠯᠴᠠᠬᠤ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠵᠦ᠂ ᠣᠲᠣ ᠨᠡᠶᠢᠭᠡᠮ ᠳᠤ ᠬᠠᠨᠳᠤᠭᠤᠯᠤᠨ ᠱᠠᠩᠳᠤ ᠰᠢᠶᠠᠨ ᠤ 2025 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠶ᠋ᠯ ᠤᠨ ᠰᠠᠨᠠᠯ ᠰᠠᠨᠠᠭᠤᠯᠭ᠎ᠠ ᠶᠢ ᠢᠯᠡ ᠪᠠᠷ ᠴᠤᠭᠯᠠᠭᠤᠯᠪᠠ᠃ ᠥᠷᠭᠡᠨ ᠣᠯᠠᠨ ᠰᠠᠭᠤᠭᠠᠯᠢ ᠠᠷᠠᠳ ᠢᠳᠡᠪᠬᠢᠲᠡᠶ ᠪᠠᠷ ᠴᠤᠭᠯᠠᠭᠤᠯᠬᠤ ᠠᠵᠢᠯᠯᠠᠭ᠎ᠠ ᠳᠤ ᠣᠷᠣᠯᠴᠠᠵᠤ᠂ ᠵᠠᠰᠠᠭ ᠤᠨ ᠣᠷᠳᠣᠨ ᠤ ᠠᠵᠢᠯ ᠳᠤ ᠦᠨᠡᠨ ᠦᠭᠡ ᠬᠡᠯᠡᠵᠦ᠂ ᠰᠠᠶᠢᠨ ᠠᠷᠭ᠎ᠠ ᠪᠣᠳᠣᠯᠭ᠎ᠠ ᠭᠠᠷᠭᠠᠬᠤ ᠶᠢ ᠴᠢᠩ ᠰᠡᠳᠬᠢᠯ ᠠᠴᠠ ᠪᠠᠨ ᠤᠷᠢᠵᠤ ᠪᠠᠶᠢᠨ᠎ᠠ᠃ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠵᠠᠷᠯᠠᠶ᠎ᠠ᠄    ᠨᠢᠭᠡ᠂ ᠡᠯᠰᠡᠬᠦ ᠴᠠᠭ    2024 ᠣᠨ ᠤ 12 ᠰᠠᠷ᠎ᠠ ᠶᠢᠨ 14 ᠤ ᠡᠳᠦᠷ ᠠᠴᠠ 12 ᠰᠠᠷ᠎ᠠ ᠶᠢᠨ 21 ᠤ ᠡᠳᠦᠷ ᠪᠣᠯᠲᠠᠯ᠎ᠠ    ᠬᠤᠶᠠᠷ᠂ ᠡᠯᠰᠡᠬᠦ ᠠᠭᠤᠯᠭ᠎ᠠ    ᠠᠷᠠᠳ ᠣᠯᠠᠨ ᠤ ᠬᠡᠷᠡᠭᠴᠡᠭᠡ ᠱᠠᠭᠠᠷᠳᠠᠯᠭ᠎ᠠ ᠶᠢ ᠬᠦᠴᠦᠯᠡᠨ ᠰᠢᠶ᠋ᠳᠪᠦᠷᠢᠯᠡᠬᠦ ᠪᠠᠷ ᠭᠤᠤᠯᠳᠠᠯᠭ᠎ᠠ ᠪᠣᠯᠭᠠᠵᠤ᠂ ᠠᠷᠠᠳ ᠣᠯᠠᠨ ᠤ ᠲᠤᠰ ᠪᠡᠶ᠎ᠡ ᠶᠢᠨ ᠠᠰᠢᠭ ᠲᠤᠰᠠ ᠯᠤᠭ᠎ᠠ ᠬᠤᠯᠪᠣᠭᠳᠠᠬᠤ ᠲᠥᠷᠥᠯ ᠵᠦᠢᠯ ᠢ ᠥᠷᠭᠡᠨ ᠢᠶᠠᠷ ᠡᠯᠰᠡᠬᠦ ᠬᠡᠷᠡᠭᠲᠡᠶ᠃ ᠡᠭᠦᠨ ᠳᠤ ᠰᠣᠶᠣᠯ ᠰᠤᠷᠭᠠᠨ ᠬᠥᠮᠦᠵᠢᠯ ᠤᠨ ᠦᠢᠯᠡᠰ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ᠂ ᠬᠤᠳᠠ ᠬᠥᠳᠡᠭᠡ ᠶᠢᠨ ᠨᠡᠶᠢᠭᠡᠮ ᠤᠨ ᠪᠠᠲᠤᠯᠠᠭ᠎ᠠ᠂ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠯᠲᠠ᠂ ᠤᠯᠠᠨ ᠲᠦᠮᠡᠨ ᠤ ᠵᠠᠮ ᠬᠠᠷᠢᠯᠴᠠᠭ᠎ᠠ᠂ ᠬᠥᠳᠡᠭᠡ ᠲᠣᠰᠬᠤᠨ ᠤ ᠵᠠᠮ ᠤᠨ ᠪᠦᠳᠦᠭᠡᠨ ᠪᠠᠶᠢᠭᠤᠯᠤᠯᠲᠠ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠦᠳᠦᠭᠡᠨ ᠪᠠᠶᠢᠭᠤᠯᠤᠯᠲᠠ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠵᠡᠷᠭᠡ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠪᠠᠭᠲᠠᠨ᠎ᠠ᠃    ᠭᠤᠷᠪᠠ᠂ ᠡᠯᠰᠡᠬᠦ ᠵᠠᠷᠴᠢᠮ    ︵ᠨᠢᠭᠡ︶ ᠥᠷᠭᠡᠨ ᠳᠡᠯᠭᠡᠷ ᠴᠢᠨᠠᠷ᠃ ᠲᠥᠷᠥᠯ ᠵᠦᠢᠯ ᠢ ᠣᠯᠠᠨ ᠲᠦᠮᠡᠨ ᠤ ᠬᠦᠰᠡᠯ ᠡᠷᠡᠮᠡᠯᠵᠡᠯ ᠳᠤ ᠨᠡᠶᠢᠴᠡᠭᠦᠯᠵᠦ᠂ ᠲᠦᠭᠡᠮᠡᠯ ᠠᠰᠢᠭ ᠬᠦᠷᠲᠡᠭᠡᠵᠦ ᠬᠠᠮᠲᠤ ᠪᠠᠷ ᠡᠳ᠋ᠯᠡᠵᠦ᠂ ᠣᠯᠠᠨ ᠲᠦᠮᠡᠨ ᠤ ᠨᠡᠶᠢᠳᠡᠮ ᠠᠩᠬᠠᠷᠴᠤ ᠪᠠᠶᠢᠭ᠎ᠠ᠂ ᠠᠰᠢᠭ ᠬᠦᠷᠲᠡᠬᠦ ᠬᠡᠪᠴᠢᠶ᠎ᠡ ᠪᠠᠷ ᠥᠷᠭᠡᠨ᠂ ᠲᠤᠯᠭᠠᠮ᠎ᠠ ᠰᠢᠢᠳᠪᠦᠷᠢᠯᠡᠬᠦ ᠴᠢᠬᠤᠯᠠ ᠲᠠᠢ ᠠᠷᠠᠳ ᠤᠨ ᠠᠮᠢᠳᠤᠷᠠᠯ ᠤᠨ ᠵᠦᠢᠯᠡᠰ ᠢ ᠭᠤᠣᠯᠳᠠᠯᠭ᠎ᠠ ᠲᠠᠢ ᠪᠠᠷ ᠰᠣᠩᠭᠤᠵᠤ᠂ ᠵᠣᠬᠢᠬᠤ ᠬᠠᠮᠤᠷᠬᠤ ᠬᠡᠪᠴᠢᠶ᠎ᠡ ᠪᠠ ᠠᠰᠢᠭ ᠬᠦᠷᠲᠡᠬᠦ ᠲᠠᠯ᠎ᠠ ᠲᠠᠢ᠃    ︵ᠬᠤᠶᠠᠷ︶ ᠶᠠᠪᠤᠭᠤᠰᠢᠲᠠᠢ᠃ ᠰᠠᠨᠠᠭᠤᠯᠭ᠎ᠠ ᠶᠢᠨ ᠲᠦᠷᠦᠯ ᠵᠦᠢᠯ ᠳᠤ ᠱᠠᠩᠳᠤ ᠰᠢᠶᠠᠨ ᠤ ᠪᠣᠳᠠᠲᠤ ᠪᠠᠶᠢᠳᠠᠯ ᠢ ᠭᠦᠢᠴᠡᠳ ᠪᠣᠳᠣᠯᠬᠢᠯᠠᠵᠤ᠂ ᠲᠦᠷᠦᠯ ᠵᠦᠢᠯ ᠤᠨ ᠦᠨᠡᠨ ᠬᠦ ᠬᠡᠷᠡᠭᠵᠢᠭᠦᠯᠵᠦ ᠪᠣᠯᠬᠤ ᠶᠢ ᠪᠠᠲᠤᠯᠠᠵᠤ᠂ ᠪᠦᠳᠦᠭᠡᠨ ᠪᠠᠶᠢᠭᠤᠯᠬᠤ ᠦᠶᠡᠯᠡᠯ ᠤᠨ ᠬᠤᠭᠤᠴᠠᠭᠠᠨ ᠤ ᠲᠠᠯ᠎ᠠ ᠪᠠᠷ᠂ ᠡᠵᠡᠮᠳᠡᠵᠦ ᠪᠣᠯᠬᠤᠶᠢᠴᠠ ᠴᠢᠨᠠᠷ ᠲᠠᠢ ᠪᠠᠶᠢᠵᠤ᠂ ᠵᠠᠷᠴᠢᠮ ᠳᠡᠭᠡᠷ᠎ᠡ ᠪᠠᠨ ᠲᠤᠰ ᠵᠢᠯ ᠳᠡᠭᠡᠨ ᠪᠡᠶᠡᠯᠡᠭᠦᠯᠵᠦ᠂ ᠲᠤᠬᠠᠢ ᠶᠢᠨ ᠵᠢᠯ ᠳᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃    ︵ᠭᠤᠷᠪᠠ︶ ᠣᠨᠣᠪᠴᠢᠲᠤ ᠴᠢᠨᠠᠷ᠃ ᠲᠥᠷᠥᠯ ᠵᠦᠢᠯ ᠨᠢ ᠠᠷᠠᠳ ᠤᠨ ᠠᠮᠢᠳᠤᠷᠠᠯ ᠤᠨ ᠬᠦᠷᠢᠶᠡᠨ ᠤ ᠲᠣᠭᠤᠷᠢᠨ ᠳᠤ ᠳᠤᠲᠠᠭᠤᠳᠠᠯ ᠪᠠᠭᠤᠷᠠᠶ ᠲᠠᠯ᠎ᠠ ᠪᠠ ᠪᠠᠭᠤᠷᠠᠶ ᠳᠤ ᠠᠩᠬᠠᠷᠤᠯ ᠢᠶᠠᠨ ᠲᠥᠪᠯᠡᠷᠡᠭᠦᠯᠵᠦ᠂ ᠲᠥᠷᠥᠯ ᠵᠦᠢᠯ ᠤᠨ ᠠᠭᠤᠯᠭ᠎ᠠ ᠲᠣᠳᠣᠷᠬᠠᠶ᠂ ᠨᠤᠲᠠᠯᠠᠯᠲᠠ ᠰᠢᠨᠵᠢᠯᠡᠬᠦ ᠤᠬᠠᠭᠠᠨᠴᠢ ᠪᠠᠶᠢᠵᠤ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠴᠢᠩᠭ᠎ᠠ᠂ ᠪᠠᠴᠢᠮ ᠰᠢᠢᠳᠪᠦᠷᠢᠯᠡᠬᠦ ᠴᠢᠬᠤᠯᠠᠲᠠᠶ ᠠᠷᠠᠳ ᠤᠨ ᠠᠮᠢᠳᠤᠷᠠᠯ ᠤᠨ ᠲᠥᠷᠥᠯ ᠵᠦᠢᠯ ᠪᠣᠯᠤᠨ᠎ᠠ    ︵ᠲᠦᠷᠪᠡ︶ ᠬᠠᠤᠯᠢ ᠳᠤ ᠨᠡᠶᠢᠴᠡᠬᠦ ᠴᠢᠨᠠᠷ᠃ ᠰᠠᠨᠠᠭᠤᠯᠭ᠎ᠠ ᠶᠢᠨ ᠲᠥᠷᠥᠯ ᠵᠦᠢᠯ ᠢ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠣᠳᠣ ᠶᠢᠨ ᠬᠡᠷᠡᠭᠵᠢᠭᠦᠯᠵᠦ ᠪᠠᠶᠢᠭ᠎ᠠ ᠲᠥᠷᠥ ᠶᠢᠨ ᠪᠣᠳᠣᠯᠭ᠎ᠠ ᠶᠢᠨ ᠲᠣᠭᠲᠠᠭᠠᠯ ᠳᠤ ᠨᠡᠶᠢᠴᠡᠭᠦᠯᠵᠦ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠳᠤ ᠨᠡᠶᠢᠴᠡᠭᠦᠯᠬᠦ ᠬᠡᠷᠡᠭᠲᠡᠶ᠃ ᠣᠨᠴᠠ ᠵᠠᠷᠢᠮ ᠨᠢᠭᠡᠴᠡ ᠪᠤᠶᠤ ᠬᠤᠪᠢ ᠬᠥᠮᠦᠨ ᠤ ᠰᠢᠢᠳᠪᠦᠷᠢᠯᠡᠬᠦ ᠪᠠᠷ ᠱᠠᠭᠠᠷᠳᠠᠭᠰᠠᠨ ᠠᠰᠠᠭᠤᠳᠠᠯ ᠢ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠪᠣᠯᠭᠠᠬᠤ ᠦᠭᠡᠶ᠃    ︵ᠲᠠᠪᠤ︶ ᠬᠤᠯᠪᠣᠭᠠᠯᠠᠯ ᠤᠨ ᠴᠢᠨᠠᠷ᠃ ᠲᠥᠷᠥᠯ ᠵᠦᠢᠯ ᠢ ᠶᠠᠮᠠᠷ ᠨᠢᠭᠡᠨ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠬᠡᠷᠡᠭᠵᠢᠭᠦᠯᠬᠦ ᠪᠤᠶᠤ ᠣᠯᠠᠨ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠠᠴᠠ ᠬᠠᠮᠲᠤ ᠪᠠᠷ ᠰᠤᠳᠤᠯᠬᠤ᠂ ᠬᠤᠯᠪᠣᠭᠠᠯᠠᠨ ᠬᠡᠷᠡᠭᠵᠢᠭᠦᠯᠬᠦ ᠶᠢ ᠲᠣᠳᠣᠷᠬᠠᠶ ᠳᠤᠷᠠᠳᠴᠤ᠂ ᠨᠠᠩ ᠰᠠᠶᠢᠲᠤᠷ ᠠᠬᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃    ᠳᠥᠷᠪᠡ᠂ ᠡᠯᠰᠡᠬᠦ ᠠᠷᠭ᠎ᠠ ᠮᠠᠶ᠋ᠢᠭ    ᠨᠢᠭᠡᠴᠢ ᠪᠤᠶᠤ ᠬᠤᠪᠢ ᠬᠥᠮᠦᠨ ︽ᠱᠠᠩᠳᠤ ᠰᠢᠶᠠᠨ ᠤ 2025 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠴᠤᠭᠯᠠᠭᠤᠯᠬᠤ ᠰᠠᠨᠠᠭᠤᠯᠭ᠎ᠠ ᠶᠢᠨ ᠬᠦᠰᠦᠨᠦᠭᠲᠦ︾ ︵ᠳᠠᠭᠠᠯᠳᠤᠭᠤᠯᠤᠯ ᠳᠤ ᠦᠵᠡ︶ ᠶᠢ ᠲᠠᠭᠯᠠᠵᠤ᠂ ᠵᠠᠬᠢᠳᠠᠯ ᠢ ᠰᠢᠤᠳᠠᠨ ᠢᠶᠠᠷ ᠢᠯᠡᠭᠡᠬᠦ᠂ ᠡᠯᠧᠺᠳ᠋ᠷᠣᠨ ᠰᠢᠤᠳᠠᠨ ᠤ ᠵᠦᠢᠯ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠱᠠᠩᠳᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ︵ᠬᠠᠷᠢᠯᠴᠠᠬᠤ ᠬᠥᠮᠦᠨ ᠤ ᠣᠪᠣᠭ ᠨᠡᠷ᠎ᠡ᠂ ᠬᠠᠷᠢᠯᠴᠠᠬᠤ ᠠᠷᠭ᠎ᠠ ᠮᠠᠶ᠋ᠢᠭ ᠢ ᠳᠠᠭᠠᠯᠳᠤᠭᠤᠯᠤᠨ ᠲᠠᠶᠢᠯᠪᠤᠷᠢ ᠬᠢᠵᠦ᠂ ᠬᠠᠷᠢᠯᠴᠠᠬᠤ ᠪᠠ ᠤᠯᠠᠮ ᠨᠢᠭᠡ ᠠᠯᠬᠤᠮ ᠰᠠᠨᠠᠯ ᠬᠤᠷᠢᠶᠠᠬᠤ ᠳᠤ ᠲᠥᠬᠦᠮ ᠪᠣᠯᠭᠠᠨ᠎ᠠ︶ ᠲᠤ ᠬᠠᠷᠢᠭᠤ ᠲᠤᠰᠬᠠᠨ᠎ᠠ᠃    ᠰᠢᠤᠳᠠᠨ ᠢᠶᠠᠷ ᠢᠯᠡᠭᠡᠬᠦ ᠬᠠᠶ᠋ᠢᠭ᠄ ᠱᠠᠩᠳᠤ ᠰᠢᠶᠠᠨ ᠤ ᠨᠠᠮ ᠵᠠᠰᠠᠭ ᠤᠨ ᠲᠣᠮᠣ ᠠᠰᠠᠷ ᠤᠨ 311 ᠲᠠᠰᠤᠭ    ᠢᠮᠧᠯ᠄ sdxzfbgs@163.com    ᠡᠯᠰᠡᠨ ᠴᠤᠭᠯᠠᠭᠤᠯᠬᠤ ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠡᠯᠰᠡᠨ ᠴᠤᠭᠯᠠᠭᠤᠯᠤᠭᠰᠠᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠰᠠᠨᠠᠯ ᠰᠠᠨᠠᠭᠤᠯᠭ᠎ᠠ ᠶᠢ ᠲᠥᠷᠥᠯ ᠬᠤᠪᠢᠶᠠᠨ ᠬᠤᠷᠢᠶᠠᠩᠭᠤᠶᠢᠯᠠᠵᠤ᠂ ᠵᠢᠷᠤᠮ ᠶᠣᠰᠣᠭᠠᠷ ᠣᠯᠠᠨ ᠲᠦᠮᠡᠨ ᠤ ᠲᠤᠰᠬᠠᠯ ᠬᠠᠮᠤᠭ ᠤᠨ ᠲᠥᠪᠯᠡᠷᠡᠩᠭᠦᠶ᠂ ᠬᠠᠮᠤᠭ ᠤᠨ ᠴᠢᠩᠭ᠎ᠠ᠂ ᠬᠠᠮᠤᠭ ᠤᠨ ᠲᠤᠯᠭᠠᠮ᠎ᠠ ᠰᠢᠢᠳᠪᠦᠷᠢᠯᠡᠬᠦ ᠴᠢᠬᠤᠯᠠᠲᠠᠶ ᠵᠢᠱᠢᠭᠳᠡᠭᠴᠢ ᠶᠢᠨ ᠲᠥᠷᠥᠯ ᠵᠦᠢᠯ ᠢ ᠰᠣᠩᠭᠤᠵᠤ᠂ ᠱᠠᠩᠳᠤ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠢᠯᠧᠲ ᠥᠭᠴᠦ ᠲᠣᠭᠲᠠᠭᠠᠯ ᠭᠠᠷᠭᠠᠵᠤ᠂ ᠡᠴᠦᠰ ᠤᠨ ᠵᠢᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠪᠦᠷᠢᠯᠳᠦᠭᠦᠯᠦᠨ᠎ᠡ᠃    ᠥᠷᠭᠡᠨ ᠤᠯᠠᠨ ᠰᠠᠭᠤᠭᠠᠯᠢ ᠠᠷᠠᠳ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠬᠥᠮᠦᠰ ᠢᠳᠡᠪᠬᠢᠲᠡᠢ ᠣᠷᠣᠯᠴᠠᠵᠤ᠂ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠬᠤ ᠶᠢ ᠪᠠᠶᠠᠷᠯᠠᠨ ᠤᠭᠲᠤᠵᠤ ᠪᠠᠶᠢᠨ᠎ᠠ᠃    ᠬᠠᠷᠢᠯᠴᠠᠬᠤ ᠤᠲᠠᠰᠤ᠄ 0474 - 6917125    ᠳᠠᠭᠠᠯᠳᠤᠭᠤᠯᠤᠯ᠄ ᠱᠠᠩᠳᠤ ᠰᠢᠶᠠᠨ ᠤ 2025 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠴᠤᠭᠯᠠᠭᠤᠯᠬᠤ ᠰᠠᠨᠠᠭᠤᠯᠭ᠎ᠠ ᠶᠢᠨ ᠬᠦᠰᠦᠨᠦᠭᠲᠦ    ᠱᠠᠩᠳᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ    2024 ᠣᠨ ᠤ 12 ᠰᠠᠷ᠎ᠠ ᠶᠢᠨ 14 ᠤ ᠡᠳᠦᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2