ᠶᠠᠩ ᠸᠧᠨ ᠾᠦᠢ ᠴᠠᠩ ᠱᠧᠩ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠭᠦᠨᠵᠡᠭᠡᠶᠢᠷᠡᠨ ᠣᠶᠤᠨᠲᠤ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠬᠤ ᠶᠢᠨ ᠬᠠᠮᠲᠤ ᠳᠤᠭᠤᠶᠢᠯᠠᠩ ᠳᠠᠭᠠᠭᠤᠯᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2024/12/27
    12 ᠰᠠᠷ᠎ᠠ ᠶᠢᠨ 24 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠶᠠᠩ ᠸᠧᠨ ᠾᠦᠢ ᠴᠠᠩ ᠱᠧᠩ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠭᠦᠨᠵᠡᠭᠡᠶᠢᠷᠡᠨ ᠤᠶᠤᠨᠲᠤ ᠬᠦᠷᠢᠶᠡᠯᠡᠩ ᠲᠣᠭᠤᠷᠢᠭ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠬᠤ ᠶᠢᠨ ᠬᠠᠮᠲᠤ ᠪᠦᠯᠬᠦᠮ ᠳᠠᠭᠠᠭᠤᠯᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠱᠠᠯᠠᠪᠳᠠᠭᠤᠯᠤᠨ ᠵᠢᠯᠣᠭᠤᠳᠪᠠ᠃ ᠰᠢᠶᠠᠨ ᠤ ᠤᠳᠤᠷᠢᠳᠤᠯᠭ᠎ᠠ ᠰᠢᠶᠦ᠋ᠩ ᠸᠧᠢ᠂ ᠴᠧᠨ ᠶᠠ ᠮᠢᠩ ᠵᠢᠴᠢ ᠬᠤᠯᠪᠣᠭᠳᠠᠯ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠣᠷᠣᠯᠴᠠᠪᠠ᠃    ᠴᠠᠩ ᠱᠧᠩ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ᠂ ᠶᠠᠩ ᠸᠧᠨ ᠾᠦᠢ ᠨᠠᠷ ᠤᠶᠤᠨᠲᠤ ᠬᠦᠷᠢᠶᠡᠯᠡᠩ ᠲᠣᠭᠤᠷᠢᠭ ᠤᠨ ᠡᠯ᠎ᠡ ᠴᠢᠳᠠᠪᠬᠢ ᠶᠢᠨ ᠣᠷᠣᠨ ᠪᠦᠰᠡ ᠶᠢᠨ ᠲᠠᠷᠬᠠᠯᠲᠠ᠂ ᠬᠢᠨᠠᠨ ᠡᠵᠡᠮᠳᠡᠬᠦ ᠲᠥᠪ ᠤᠨ ᠳᠤᠬᠢᠷᠠᠭᠤᠯᠤᠯᠳᠠ ᠪᠣᠯᠤᠨ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠵᠢᠴᠢ ᠭᠠᠵᠠᠷ ᠰᠢᠷᠣᠢ ᠶᠢ ᠰᠤᠯᠠ ᠲᠠᠯᠪᠢᠵᠤ ᠪᠠᠶᠢᠭ᠎ᠠ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠬᠠᠮᠢᠶ᠎ᠠ ᠪᠦᠬᠦᠢ ᠠᠵᠢᠯ ᠤᠨ ᠲᠤᠬᠠᠢ ᠵᠢᠯᠤᠭᠤᠳᠤᠯᠭ᠎ᠠ ᠶᠢᠨ ᠴᠢᠨᠠᠷᠲᠠᠢ ᠰᠠᠨᠠᠯ ᠰᠠᠨᠠᠭᠤᠯᠭ᠎ᠠ ᠳᠤᠷᠠᠳᠴᠠᠢ᠃    ᠶᠠᠩ ᠸᠧᠨ ᠾᠦᠢ᠂ ᠤᠶᠤᠨᠲᠤ ᠬᠦᠷᠢᠶᠡᠯᠡᠩ ᠲᠣᠭᠤᠷᠢᠭ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠦᠷᠢᠶᠡᠯᠡᠩ ᠲᠣᠭᠤᠷᠢᠭ ᠤᠨ ᠴᠢᠳᠠᠮᠵᠢ ᠶᠢᠨ ᠪᠠᠶᠢᠷᠢ ᠲᠣᠭᠲᠠᠭᠠᠯᠲᠠ ᠳᠤ ᠰᠠᠭᠤᠷᠢᠯᠠᠵᠤ᠂ ᠰᠠᠭᠤᠷᠢ ᠲᠥᠬᠦᠭᠡᠷᠦᠮᠵᠢ ᠶᠢ ᠡᠷᠴᠢᠮᠵᠢᠭᠦᠯᠦᠨ ᠬᠠᠮᠲᠤᠪᠠᠷ ᠪᠠᠶᠢᠭᠤᠯᠬᠤ᠂ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠬᠠᠮᠲᠤᠪᠠᠷ ᠡᠳ᠋ᠯᠡᠵᠦ ᠬᠠᠮᠲᠤᠪᠠᠷ ᠬᠡᠷᠡᠭᠯᠡᠬᠦ᠂ ᠳᠡᠭᠡᠳᠦ ᠳᠠᠪᠬᠤᠷᠭ᠎ᠠ ᠶᠢᠨ ᠬᠡᠷᠡᠭᠯᠡᠯᠲᠡ ᠶᠢ ᠲᠥᠪᠯᠡᠷᠡᠭᠦᠯᠦᠨ ᠬᠤᠯᠪᠣᠭᠠᠯᠠᠨ ᠬᠥᠳᠡᠯᠦᠯᠴᠡᠬᠦ ᠰᠢᠨ᠎ᠡ ᠬᠡᠯᠪᠡᠷᠢ ᠶᠢᠨ ᠤᠶᠤᠨᠲᠤ ᠬᠦᠷᠢᠶᠡᠯᠡᠩ ᠲᠣᠭᠤᠷᠢᠭ ᠢ ᠦᠨᠡᠨᠬᠦ ᠪᠠᠶᠢᠭᠤᠯᠵᠤ᠂ ᠮᠠᠨ ᠤ ᠰᠢᠶᠠᠨ ᠤ ᠠᠵᠤ ᠦᠢᠯᠡᠰ ᠤᠨ ᠲᠡᠰ ᠳᠡᠪᠰᠢᠭᠦᠯᠵᠦ ᠬᠡᠯᠪᠡᠷᠢ ᠪᠠᠨ ᠬᠤᠪᠢᠷᠠᠭᠤᠯᠬᠤ᠂ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠡᠵᠡᠩᠨᠡᠯᠲᠡ᠂ ᠠᠮᠢ ᠠᠬᠤᠢ ᠶᠢᠨ ᠣᠷᠴᠢᠨ ᠲᠣᠭᠤᠷᠢᠨ ᠤ ᠬᠢᠨᠠᠯᠲᠠ ᠬᠠᠮᠢᠶᠠᠷᠤᠯᠲᠠ᠂ ᠬᠦᠷᠢᠶᠡᠯᠡᠩ ᠲᠣᠭᠤᠷᠢᠭ ᠤᠨ ᠠᠵᠢᠯᠳᠠᠨ ᠠᠵᠢᠯᠴᠢᠨ ᠤ ᠠᠮᠢᠳᠤᠷᠠᠯ ᠤᠨ ᠤᠶᠤᠨᠴᠢᠯᠠᠭᠰᠠᠨ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ ᠭᠡᠵᠦ ᠬᠡᠯᠡᠪᠡ᠃
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2