ᠰᠢᠶᠠᠩ ᠾᠧ ᠨᠡᠶᠢᠭᠡᠮ ᠲᠣᠭᠤᠷᠢᠭ ︽ᠰᠢᠨ᠎ᠡ ᠵᠢᠯ ᠢ ᠪᠡᠯᠭᠡᠯᠡᠬᠦ ᠵᠢᠴᠢ ᠮᠠᠤ ᠽᠧ ᠳ᠋ᠦᠩ ᠤᠨ ᠮᠡᠨᠳᠦᠯᠡᠭᠰᠡᠨ 131 ᠵᠢᠯ ᠤᠨ ᠣᠢ ᠶᠢ ᠳᠤᠷᠠᠰᠬᠠᠬᠤ ᠤᠷᠠᠨ ᠰᠠᠶᠢᠬᠠᠨ ᠤ ᠠᠵᠢᠯᠯᠠᠭ᠎ᠠ︾ ᠡᠷᠬᠢᠯᠡᠪᠡ
ᠨᠡᠶᠢᠲᠡᠯᠡᠭᠰᠡᠨ ᠴᠠᠭ᠄
2024/12/27
   ᠥᠷᠭᠡᠨ ᠣᠯᠠᠨ ᠰᠠᠭᠤᠭᠠᠯᠢ ᠠᠷᠠᠳ ᠤᠨ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠨᠡᠶᠢᠭᠡᠮ ᠲᠣᠭᠤᠷᠢᠭ ᠤᠨ ᠨᠢᠭᠲᠠᠷᠠᠯ ᠤᠨ ᠬᠦᠴᠦᠨ᠂ ᠲᠥᠪᠯᠡᠩᠭᠦᠶ ᠬᠦᠴᠦᠨ ᠢ ᠴᠢᠩᠭᠠᠷᠠᠭᠤᠯᠵᠤ᠂ ᠬᠥᠷᠰᠢ ᠵᠡᠷᠭᠡᠯᠡᠳᠡᠭᠡ ᠶᠢᠨ ᠪᠣᠯᠪᠠᠰᠤᠨ ᠡᠶ᠎ᠡ ᠵᠣᠬᠢᠴᠠᠩᠭᠤᠶ᠂ ᠪᠠᠶᠠᠷ ᠪᠠᠶᠠᠰᠬᠤᠯᠠᠩ ᠲᠠᠢ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ 12 ᠰᠠᠷ᠎ᠠ ᠶᠢᠨ 25 ᠤ ᠡᠳᠦᠷ ᠤᠨ ᠦᠳᠡ ᠶᠢᠨ ᠡᠮᠦᠨ᠎ᠡ᠂ ᠮᠠᠨ ᠤ ᠰᠢᠶᠠᠨ ᠤ ᠰᠢᠶᠠᠩ ᠾᠧ ᠨᠡᠶᠢᠭᠡᠮ ᠲᠣᠭᠤᠷᠢᠭ ︽ᠰᠢᠨ᠎ᠡ ᠵᠢᠯ ᠢ ᠪᠡᠯᠭᠡᠯᠡᠬᠦ ᠵᠢᠴᠢ ᠮᠠᠤ ᠽᠧ ᠳ᠋ᠦᠩ ᠤᠨ ᠮᠡᠨᠳᠦᠯᠡᠭᠰᠡᠨ 131 ᠵᠢᠯ ᠤᠨ ᠣᠶ ᠶᠢ ᠳᠤᠷᠠᠰᠬᠠᠬᠤ︾ ᠤᠷᠠᠨ ᠰᠠᠶᠢᠬᠠᠨ ᠤ ᠠᠵᠢᠯᠯᠠᠭ᠎ᠠ ᠥᠷᠨᠢᠭᠦᠯᠪᠡ᠃    ᠠᠵᠢᠯᠯᠠᠭ᠎ᠠ ᠶᠢᠨ ᠳᠤᠮᠳᠠ᠂ ᠰᠢᠶᠠᠩ ᠾᠧ ᠨᠡᠶᠢᠭᠡᠮ ᠲᠣᠭᠤᠷᠢᠭ ᠤᠨ ᠡᠯ᠎ᠡ ᠤᠳᠬ᠎ᠠ ᠤᠷᠠᠯᠢᠭ ᠤᠨ ᠡᠩᠨᠡᠭᠡ ᠲᠣᠰ ᠲᠣᠰ ᠬᠥᠭᠵᠢᠮ ᠤᠨ ᠨᠠᠶᠢᠷᠠᠯ ᠬᠥᠭᠵᠢᠮ᠂ ᠬᠤᠶᠠᠷ ᠬᠥᠮᠦᠨ ᠤ ᠲᠠᠶᠢᠰᠠᠨ ᠤ ᠨᠠᠶᠢᠷᠠᠯ ᠳᠠᠭᠤᠤ᠂ T ᠲᠠᠶᠢᠰᠠ ᠶᠢᠨ ᠲᠣᠭᠯᠠᠯᠲᠠ᠂ ᠬᠤᠯᠤ ᠲᠣᠷᠭᠠᠨ ᠬᠦᠭᠵᠢᠮ᠂ ᠭᠤᠷᠪᠠᠨ ᠥᠭᠦᠯᠡᠪᠦᠷᠢ᠂ ᠵᠢᠵᠢᠭ ᠪᠦᠲᠦᠭᠡᠯ᠂ ᠣᠯᠠᠨ ᠲᠦᠮᠡᠨ ᠤ ᠴᠠᠷᠭᠢᠯ ᠬᠠᠪᠲᠠᠰᠤ᠂ ᠣᠨᠴᠠᠯᠢᠭᠲᠤ ᠪᠥᠵᠢᠭ ᠵᠢᠴᠢ ᠨᠠᠶᠢᠷᠠᠯ ᠳᠠᠭᠤᠤ ᠵᠡᠷᠭᠡ ᠲᠣᠭᠯᠠᠯᠲᠠ ᠭᠠᠷᠭᠠᠵᠠᠶ᠃ ᠲᠣᠰ ᠤᠳᠠᠭᠠᠨ ᠤ ᠲᠣᠭᠯᠠᠯᠲᠠ ᠶᠢᠨ ᠠᠭᠤᠯᠭ᠎ᠠ ᠨᠢ ᠪᠠᠶᠠᠯᠢᠭ᠂ ᠠᠮᠢᠳᠤᠷᠠᠯ ᠲᠠᠢ ᠣᠶᠢᠷᠠᠲᠤᠭᠤᠯᠵᠤ᠂ ᠰᠠᠭᠤᠭᠠᠯᠢ ᠠᠷᠠᠳ ᠣᠯᠠᠨ ᠳᠤ ᠨᠠᠩ ᠪᠠᠶᠠᠯᠢᠭ᠂ ᠨᠠᠩ ᠶᠡᠭᠡ ᠰᠢᠮ᠎ᠡ ᠲᠡᠵᠢᠭᠡᠯ ᠲᠠᠢ ︽ᠣᠶᠤᠨ ᠰᠠᠨᠠᠭᠠᠨ ᠤ ᠠᠮᠤ ᠪᠤᠳᠠᠭ᠎ᠠ︾ ᠬᠠᠩᠭᠠᠵᠤ᠂ ᠣᠯᠠᠨ ᠲᠦᠮᠡᠨ ᠳᠤ ᠬᠡᠷ ᠤᠨ ᠡᠭᠦᠳᠡᠨ ᠳᠤᠨᠢ ᠭᠤᠶᠢᠳᠠ ᠰᠠᠶᠢᠬᠠᠨ ᠰᠣᠶᠣᠯ ᠤᠨ ᠦᠪᠡᠳᠡᠭᠰᠢ ᠨᠠᠶᠢᠷ ᠢ ᠬᠦᠷᠲᠡᠭᠡᠨ᠎ᠡ᠃    ᠲᠣᠰ ᠤᠳᠠᠭᠠᠨ ᠤ ᠤᠷᠠᠨ ᠰᠠᠶᠢᠬᠠᠨ ᠤ ᠲᠣᠭᠯᠠᠯᠲᠠ ᠨᠢ ᠨᠡᠶᠢᠭᠡᠮ ᠲᠣᠭᠤᠷᠢᠭ ᠤᠨ ᠣᠯᠠᠨ ᠲᠦᠮᠡᠨ ᠤ ᠠᠵᠢᠯ ᠤᠨ ᠴᠢᠯᠥᠭᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠢᠶᠠᠷ ᠪᠠᠷᠠᠬᠤ ᠥᠬᠡᠶ᠂ ᠪᠠᠰᠠ ᠢᠲᠡᠭᠡᠯ ᠵᠣᠷᠢᠭ ᠢ ᠬᠥᠪᠴᠢᠯᠡᠵᠦ᠂ ᠥᠷᠭᠡᠨ ᠣᠯᠠᠨ ᠲᠦᠮᠡᠨ ᠤ ᠨᠡᠶᠢᠭᠡᠮ ᠲᠣᠭᠤᠷᠢᠭ ᠤᠨ ᠪᠥᠲᠥᠭᠡᠨ ᠪᠠᠶᠢᠭᠤᠯᠤᠯᠲᠠ ᠪᠠ ᠬᠥᠭᠵᠢᠯᠲᠡ ᠳᠤ ᠢᠳᠡᠪᠬᠢᠲᠡᠶ ᠣᠷᠣᠯᠴᠠᠬᠤ ᠶᠢ ᠤᠯᠠᠮ ᠨᠢᠭᠡ ᠠᠯᠬᠤᠮ ᠵᠣᠷᠢᠭᠵᠢᠭᠤᠯᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠤᠪᠢᠰᠬᠠᠯ ᠤᠨ ᠭᠧᠨ ᠢ ᠴᠢᠰᠤᠨ ᠰᠤᠳᠠᠰᠤ ᠪᠠᠷ ᠦᠨᠳᠦᠰᠦ ᠪᠣᠯᠭᠠᠵᠤ᠂ ᠡᠶ᠎ᠡ ᠵᠣᠬᠢᠴᠠᠩᠭᠤᠶ ᠦᠵᠡᠰᠬᠦᠯᠡᠩᠲᠦ ᠰᠠᠶᠢᠬᠠᠨ ᠬᠡᠷ ᠣᠷᠣᠨ ᠢ ᠪᠥᠲᠥᠭᠡᠨ ᠪᠠᠶᠢᠭᠤᠯᠬᠤ ᠳᠤ ᠥᠪᠡᠷ ᠤᠨ ᠬᠦᠴᠦᠨ ᠴᠢᠳᠠᠯ ᠢᠶᠠᠨ ᠡᠷᠭᠦᠵᠡᠶ᠃
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2